ᠵᠠᠯᠠᠶᠢᠳ ᠬᠤᠰᠢᠭᠤᠨ ᠤ ᠡᠷᠬᠢ ᠶᠢᠨ ᠲᠤᠬᠤᠢ ᠭᠤᠣᠯ ᠢ ᠵᠠᠰᠠᠬᠤ ᠢᠨᠵᠧᠨᠧᠷᠢᠩ ᠤᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2023/2/7
     ᠵᠠᠯᠠᠶᠢᠳ ᠬᠤᠰᠢᠭᠤᠨ ᠤ ᠴᠢᠬᠤᠯᠠ ᠰᠠᠯᠪᠤᠷᠢ ᠤᠷᠤᠰᠬᠠᠯ ᠪᠤᠯᠬᠤ ᠡᠷᠬᠢ ᠶᠢᠨ ᠲᠤᠬᠤᠢ ᠭᠤᠣᠯ ᠢ ᠵᠠᠰᠠᠬᠤ ᠢᠨᠵᠧᠨᠧᠷᠢᠩ ᠤᠨ ᠠᠵᠢᠯ ᠦᠢᠷ᠎ᠠ ᠳᠤ ᠡᠬᠢᠯᠡᠪᠡ᠃ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 9330 ᠲᠦᠮᠡᠨ ᠲᠥᠭᠦᠷᠢᠭ ᠲᠤ ᠬᠦᠷᠴᠦ᠂ ᠣᠳᠣᠬᠠᠨ ᠳᠤ 6631 ᠲᠦᠮᠡᠨ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠪᠦᠲᠦᠭᠡᠨ ᠪᠠᠶᠢᠭᠤᠯᠤᠯᠲᠠ ᠳᠤ 25.92 ᠺᠢᠯᠤᠮᠧᠲᠷ ᠬᠠᠰᠢᠯᠭ᠎ᠠ ᠳᠠᠯᠠᠩ ᠢ ᠥᠨᠳᠥᠷᠵᠢᠭᠦᠯᠦᠨ ᠵᠤᠵᠠᠭᠠᠷᠠᠭᠤᠯᠬᠤ᠂ 12.18 ᠺᠢᠯᠤᠮᠧᠲᠷ ᠨᠠᠯᠠᠤ ᠶᠢᠨ ᠬᠠᠮᠠᠭᠠᠯᠠᠯᠳᠠ ᠶᠢ ᠰᠢᠨ᠎ᠡ ᠪᠠᠷ ᠪᠠᠶᠢᠭᠤᠯᠬᠤ ᠂ ᠭᠤᠣᠯ ᠤᠨ ᠬᠡᠰᠡᠭ ᠲᠤ 56 ᠡᠷᠭᠢ ᠶᠢ ᠬᠠᠮᠠᠭᠠᠯᠠᠬᠤ ᠭᠠᠵᠠᠷ ᠢ ᠰᠢᠨ᠎ᠡ ᠪᠠᠷ ᠪᠠᠶᠢᠭᠤᠯᠬᠤ᠂  ᠭᠤᠤᠯ ᠤᠨ ᠭᠤᠯᠳᠤᠷᠠᠯ ᠢ ᠰᠡᠯᠪᠢᠨ ᠵᠠᠰᠠᠬᠤ ᠵᠡᠷᠭᠡ ᠠᠭᠤᠯᠭ᠎ᠠ ᠪᠠᠭᠲᠠᠵᠤ᠂ ᠵᠢᠱᠢᠯᠲᠡ ᠪᠠᠷ 2023 ᠣᠨ ᠤ ᠵᠢᠯ ᠤᠨ ᠡᠴᠦᠰ ᠠᠴᠠ ᠡᠮᠦᠨ᠎ᠡ ᠪᠠᠷᠢᠯᠭ᠎ᠠ ᠳᠠᠭᠤᠰᠬᠠᠨ᠎ᠠ᠃ ᠢᠨᠵᠧᠨᠧᠷᠢᠩ ᠢ ᠬᠡᠷᠡᠭᠵᠢᠭᠦᠯᠦᠭᠰᠡᠨ ᠤ ᠳᠠᠷᠠᠭ᠎ᠠ᠂ ᠭᠤᠣᠯ ᠤᠨ ᠡᠷᠬᠢ ᠳᠠᠬᠢ ᠦᠶᠡᠷ ᠢ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠪᠤᠯᠤᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠨᠠᠮ ᠤᠨ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号