2022 ᠣᠨ ᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠲᠣᠪᠴᠢ ᠵᠠᠳᠠᠯᠤᠯᠲᠠ ︵ᠨᠢᠭᠡ︶
ᠨᠡᠶᠢᠲᠡᠯᠡᠭᠰᠡᠨ ᠴᠠᠭ᠄
2023/3/1
     ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ      2022 ᠣᠨ ᠳᠤ ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 128 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 79 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 40 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃     ᠮᠠᠨ ᠤ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠶᠡᠷᠦᠩᠬᠡᠢ ᠬᠡᠮᠵᠢᠶ᠎ᠡ  ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠭᠤᠷᠪᠠᠳᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠳᠥᠷᠪᠡᠳᠦᠭᠡᠷ ᠲᠤ ᠵᠢᠭᠰᠠᠭᠠᠭᠳᠠᠵᠠᠢ᠃ ᠭᠤᠣᠯ ᠰᠢᠯᠲᠠᠭᠠᠨ ᠨᠢ ᠳᠣᠣᠷᠠᠬᠢ ᠮᠡᠲᠦ ᠬᠤᠶᠠᠷ ᠲᠠᠯ᠎ᠠ ᠳᠤ ᠪᠣᠶ᠄ ᠨᠢᠭᠡ ᠳᠤ᠂ ᠮᠠᠨ ᠤ ᠬᠤᠰᠢᠭᠤᠨ ᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠣᠨᠴᠠ ᠶᠡᠭᠡ᠃ 2020 ᠣᠨ᠂ 2021 ᠣᠨ᠂ 2022 ᠣᠨ ᠳᠤ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠡᠵᠡᠯᠡᠬᠦ ᠬᠤᠪᠢ ᠶᠢᠨ ᠵᠢᠩ ᠨᠢ 53.8%᠂ 55.6%᠂ 61.5% ᠪᠠᠶᠢᠵᠤ᠂ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠣᠯᠤᠭᠰᠠᠨ ᠮᠥᠷᠲᠡᠭᠡᠨ ᠨᠢᠭᠡᠳᠦᠭᠡᠷ ᠠᠵᠤ ᠦᠢᠯᠡᠰ ᠲᠠᠬᠢ ᠲᠠᠷᠢᠶᠠᠯᠠᠩ ᠮᠠᠯ ᠠᠵᠤ ᠠᠬᠤᠢ ᠶᠢᠨ ᠪᠦᠲᠦᠭᠡᠭᠳᠡᠬᠦᠨ ᠤ ᠦᠨ᠎ᠡ ᠬᠠᠩᠰᠢ᠂ ᠦᠢᠯᠡᠳᠪᠦᠷᠢᠯᠡᠯ ᠤᠨ ᠥᠪᠡᠷ ᠤᠨ ᠥᠷᠲᠡᠭ ᠤᠨ ᠨᠡᠮᠡᠭᠳᠡᠯ ᠤᠨ ᠣᠷᠣᠨ ᠵᠠᠢ ᠬᠢᠵᠠᠭᠠᠷ ᠲᠠᠢ ᠪᠠᠶᠢᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ︽ᠲᠣᠭᠲᠠᠭᠤᠨ︾ ᠦᠢᠯᠡᠳᠦᠯ ᠦᠵᠡᠭᠦᠯᠵᠡᠢ᠃ ᠬᠤᠶᠠᠷ ᠲᠤ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠡᠮᠵᠢᠶ᠎ᠡ ᠨᠡᠯᠢᠶᠡᠳ ᠳᠣᠣᠷ᠎ᠠ ᠪᠠᠶᠢᠨ᠎ᠠ᠃ 2020 ᠣᠨ᠂ 2021 ᠣᠨ᠂ 2022 ᠣᠨ ᠳᠤ᠂ ᠮᠠᠨ ᠤ ᠬᠤᠰᠢᠭᠤᠨ ᠤ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 8.7%᠂ 8.7% ᠪᠠ 7.2% ᠪᠣᠯᠣᠨ᠎ᠠ᠃ ᠡᠨᠡ ᠵᠢᠯ ᠤᠨ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠡᠮᠵᠢᠶ᠎ᠡ ᠨᠢᠳᠤᠨᠤᠨ ᠤ ᠬᠢ ᠠᠴᠠ 1.5 ᠵᠠᠭᠤᠨ ᠤ ᠨᠢᠭᠡᠴᠢ ᠪᠠᠷ ᠪᠠᠭᠤᠷᠠᠵᠤ᠂ ᠡᠭᠦᠨ ᠤ ᠭᠤᠣᠯ ᠰᠢᠯᠲᠠᠭᠠᠨ ᠨᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯᠣᠨ ᠬᠢᠷᠢ ᠬᠡᠮ ᠲᠠᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠤᠨ ᠨᠡᠮᠡᠭᠳᠡᠯ ᠬᠦᠴᠣᠨ ᠮᠡᠬᠦᠰᠳᠡᠵᠦ᠂ 2022 ᠣᠨ ᠤ ᠲᠤᠬᠠᠢ ᠶᠢᠨ ᠵᠢᠯ ᠳᠤ 1 ᠬᠡᠪᠴᠢᠶᠡᠵᠢᠯ ᠠᠴᠠ ᠲᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠬᠤᠷᠢᠨ ᠭᠠᠷᠴᠤ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠵᠥᠪᠬᠡᠨ ᠬᠤᠩ ᠰᠢᠶᠠ ᠯᠡ ᠺᠣᠮᠫᠠᠨᠢ ᠪᠠᠶᠢᠵᠤ᠂ ᠪᠠᠷᠢᠯᠭ᠎ᠠ ᠶᠢᠨ ᠦᠢᠯᠡᠰ ᠤᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠲᠠᠢ ᠲᠡᠩᠴᠡᠵᠦ᠂ ᠪᠦᠬᠦᠶᠢᠯᠡ ᠬᠤᠶᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 0.77% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠨᠡᠮᠡᠭᠳᠡᠯ ᠳᠤ ︽ᠰᠥᠭᠡᠷᠭᠦ︾ ᠦᠢᠯᠡᠳᠦᠯ ᠦᠵᠡᠭᠦᠯᠦᠭᠰᠡᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号