2022 ᠣᠨ ᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠲᠣᠪᠴᠢ ᠵᠠᠳᠠᠯᠤᠯᠲᠠ ︵ᠬᠤᠶᠠᠷ︶
ᠨᠡᠶᠢᠲᠡᠯᠡᠭᠰᠡᠨ ᠴᠠᠭ᠄
2023/3/1
    ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ     2022 ᠣᠨ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠶᠢᠲᠡ 47.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.2% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠦᠬᠦ ᠠᠶᠢᠮᠠᠭ ᠤᠨ ᠬᠤᠰᠢᠭᠤ ᠰᠢᠶᠠᠨ ᠬᠤᠲᠠ ᠳᠤ ᠳᠥᠷᠪᠡᠳᠦᠭᠡᠷ ᠲᠤ ᠣᠷᠣᠪᠠ᠃     2022 ᠣᠨ ᠤ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠳᠠᠯ ᠠᠴᠠ ᠦᠵᠡᠪᠡᠯ᠂ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄ ᠨᠢᠭᠡ ᠳᠤ᠂ ᠪᠡᠯᠡ ᠣᠷᠣᠭᠤᠯᠤᠯᠲᠠ ᠶᠢᠨ ᠲᠣᠭᠠᠨ ᠤ ᠳᠣᠲᠣᠷ᠎ᠠ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠲᠤᠭ᠎ᠠ ᠨᠡᠯᠢᠶᠡᠳ ᠶᠡᠭᠡ ᠪᠠᠶᠢᠵᠤ᠂ 2020 ᠣᠨ᠂ 2021 ᠣᠨ᠂ 2022 ᠣᠨ ᠤ ᠡᠵᠡᠯᠡᠬᠦ ᠬᠠᠷᠢᠴᠠᠯ ᠨᠢ ᠲᠣᠰ ᠲᠣᠰ 33.5%᠂ 55.3% ᠪᠠ 53.7%᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢ ᠳᠠᠶᠢᠴᠢᠯᠠᠬᠤ ᠦᠢᠯᠡᠳᠦᠯ ᠨᠢ ᠢᠯᠡᠷᠬᠡᠢ ᠪᠠᠶᠢᠨ᠎ᠠ᠃ ᠬᠤᠶᠠᠷ ᠲᠤ᠂ ᠲᠣᠰ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠲᠥᠷᠥᠯ ᠵᠦᠢᠯ ᠴᠥᠭᠡᠨ ᠪᠠᠶᠢᠵᠤ᠂ 2020 ᠣᠨ᠂ 2021 ᠣᠨ᠂ 2022 ᠣᠨ ᠳᠤ ᠲᠣᠰ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 4᠂ 2 ᠪᠠ 2 ᠪᠠᠶᠢᠵᠤ᠂ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ 14.6%᠂ 9.1% ᠪᠠ 9.1% ᠪᠠᠶᠢᠵᠤ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠲᠥᠷᠥᠯ ᠵᠦᠢᠯ ᠠᠴᠠ ᠭᠠᠳᠠᠨ᠎ᠠ᠂ ᠪᠡᠯᠡ ᠣᠷᠣᠭᠤᠯᠤᠯᠲᠠ ᠶᠢᠨ ᠨᠡᠮᠡᠭᠳᠡᠯ ᠢ ᠴᠥᠮ ᠵᠢᠵᠢᠭ ᠲᠥᠷᠥᠯ ᠵᠦᠢᠯ ᠢᠶᠠᠷ ᠳᠠᠶᠢᠴᠢᠯᠠᠬᠤ ᠳᠤ ᠲᠦᠰᠢᠭᠯᠡᠵᠡᠢ᠃ ᠭᠤᠷᠪᠠ ᠳᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠳᠤ 3.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 6 ᠲᠥᠷᠥᠯ ᠵᠦᠢᠯ ᠲᠠᠢ ᠬᠤᠯᠪᠣᠭᠳᠠᠨ᠎ᠠ᠃ ᠨᠢᠳᠤᠨᠤᠨ 5.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 12 ᠲᠥᠷᠥᠯ ᠵᠦᠢᠯ ᠲᠠᠢ ᠬᠤᠯᠪᠣᠭᠳᠠᠵᠤ᠂ ᠲᠥᠷᠥᠯ ᠵᠦᠢᠯ ᠤᠨ ᠲᠤᠭ᠎ᠠ ᠪᠣᠯᠣᠨ ᠪᠡᠶᠡᠯᠡᠭᠦᠯᠦᠭᠰᠡᠨ ᠲᠤᠭ᠎ᠠ ᠨᠢ ᠠᠳᠠᠯᠢ ᠬᠤᠭᠤᠴᠠᠭᠠᠨ ᠤ ᠬᠢ ᠠᠴᠠ ᠴᠥᠮ ᠪᠠᠭᠤᠷᠠᠪᠠ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号