2022 ᠣᠨ ᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠲᠣᠪᠴᠢ ᠵᠠᠳᠠᠯᠤᠯᠲᠠ ︵ᠭᠤᠷᠪᠠ︶
ᠨᠡᠶᠢᠲᠡᠯᠡᠭᠰᠡᠨ ᠴᠠᠭ᠄
2023/3/22
      ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠥᠷᠲᠡᠭ        ᠪᠥᠬᠦ ᠵᠢᠯ ᠳᠤ  ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 16.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4%   ᠪᠠᠷ ᠨᠡᠮᠡᠭᠳᠡᠨ᠂ ᠨᠡᠮᠡᠭᠳᠡᠯ ᠥᠷᠲᠡᠭ ᠤᠨ ᠬᠤᠷᠳᠤᠴᠠ 0.2% ᠲᠤ ᠬᠦᠷᠴᠦ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠲᠠᠪᠤᠳᠤᠭᠠᠷ ᠲᠤ ᠵᠢᠭᠰᠠᠭᠠᠭᠳᠠᠵᠠᠢ᠃      ᠣᠳᠣᠬᠠᠨ ᠳᠤ᠂ ᠮᠠᠨ ᠤ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢᠨ ᠨᠡᠷᠡᠰ ᠤᠨ ᠵᠢᠭᠰᠠᠭᠠᠯᠲᠠ ᠨᠢ ᠳᠠᠷᠠᠭᠠᠬᠢ ᠮᠡᠲᠦ ᠳᠥᠷᠪᠡᠨ ᠲᠠᠯ᠎ᠠ ᠪᠠᠷ ᠭᠤᠣᠯᠳᠠᠵᠤ ᠪᠣᠶ᠄ ᠨᠢᠭᠡ ᠳᠤ᠂ ᠠᠵᠤ ᠠᠬᠤᠶᠢᠯᠠᠯ ᠤᠨ ᠬᠡᠪᠴᠢᠶ᠎ᠡ ᠪᠠᠭ᠎ᠠ᠃ ᠪᠥᠬᠦ ᠵᠢᠯ ᠤᠨ ᠦᠢᠯᠡᠳᠬᠦᠨ ᠤ ᠥᠷᠲᠡᠭ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ ᠳᠥᠷᠪᠡᠬᠡᠨ ᠪᠠᠶᠢᠨ᠎ᠠ᠂ ᠪᠣᠳᠠᠲᠠᠢ ᠪᠠᠶᠢᠳᠠᠯ ᠭᠡᠪᠡᠯ᠄ ᠱᠠᠨ ᠱᠦᠢ 5.5 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠵᠦ᠂ ᠾᠧ ᠹᠧᠩ 1.93 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠰᠢᠩ ᠳ᠋ᠡ 1.63 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠯᠦᠩ ᠳ᠋ᠢᠩ 1.25 ᠳ᠋ᠦᠩᠰᠢᠭᠤᠷ ᠲᠥᠭᠦᠷᠢᠭ ᠢ ᠪᠡᠶᠡᠯᠡᠭᠦᠯᠵᠡᠢ᠃ ᠡᠨᠡ 4 ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠨᠢ ᠨᠡᠶᠢᠳᠡ 9.31 ᠳ᠋ᠦᠩᠰᠢᠭᠤᠷ ᠲᠥᠭᠦᠷᠢᠭ ᠲᠤ ᠬᠦᠷᠴᠦ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠦᠷᠳᠡᠭ ᠤᠨ ᠡᠵᠡᠯᠡᠬᠦ ᠬᠤᠪᠢ ᠶᠢᠨ ᠵᠢᠩ ᠨᠢ 57.4% ᠳᠤ ᠬᠦᠷᠴᠡᠢ᠃ ᠬᠤᠶᠠᠷ ᠲᠤ ᠬᠡᠪᠴᠢᠶᠡᠵᠢᠯ ᠠᠴᠠ ᠲᠡᠭᠡᠭᠰᠢᠬᠢ  ᠠᠵᠤ ᠦᠢᠯᠡᠳᠪᠦᠷᠢ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ ᠪᠠᠶᠢᠨ᠎ᠠ᠃ ᠮᠠᠨ ᠤ ᠬᠤᠰᠢᠭᠤᠨ ᠤ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠲᠡᠭ ᠤᠨ ᠪᠦᠭᠦ ᠠᠶᠢᠮᠠᠭ ᠲᠤ ᠡᠵᠡᠯᠡᠬᠦ ᠬᠤᠪᠢ ᠶᠢᠨ ᠵᠢᠩ ᠨᠢ ᠵᠥᠪᠬᠡᠨ 4.4 ᠪᠠᠶᠢᠵᠤ᠂ ᠪᠦᠭᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠶᠡᠷᠦᠩᠬᠡᠢ ᠬᠡᠮᠵᠢᠶ᠎ᠡ ᠨᠢ ᠲᠠᠪᠤᠳᠤᠭᠠᠷ ᠲᠤ ᠵᠢᠭᠰᠠᠭᠠᠭᠳᠠᠵᠤ᠂ ᠲᠦᠷᠪᠡᠳᠣᠭᠡᠷ ᠲᠤ ᠵᠢᠭᠰᠠᠭᠠᠭᠳᠠᠭᠰᠠᠨ  ᠬᠤᠷᠴᠢᠨ ᠪᠠᠷᠠᠭᠤᠨ ᠭᠠᠷᠣᠨ ᠡᠮᠤᠨᠡᠳᠣ ᠬᠤᠰᠢᠭᠤ ᠠᠴᠠ 3 ᠳ᠋ᠦᠩᠰᠢᠭᠤᠷ ᠲᠥᠭᠦᠷᠢᠭ ᠤᠨ ᠵᠥᠷᠢᠶ᠎ᠡ ᠲᠠᠢ ᠪᠠᠶᠢᠨ᠎ᠠ᠃ ᠡᠨᠡ ᠵᠢᠯ ᠤᠨ ᠪᠥᠬᠦ ᠠᠶᠢᠮᠠᠭ ᠤᠨ ᠪᠡᠶᠡᠯᠡᠭᠦᠯᠦᠭᠰᠡᠨ ᠦᠢᠯᠡᠳᠬᠦᠨ ᠤ ᠪᠥᠬᠦ ᠥᠷᠲᠡᠭ 366 ᠳ᠋ᠦᠩᠰᠢᠭᠤᠷ ᠲᠥᠭᠦᠷᠢᠭ ᠲᠤ ᠬᠦᠷᠴᠡᠢ᠂ ᠡᠭᠦᠨ ᠳᠤ᠂ ᠤᠯᠠᠭᠠᠨᠬᠤᠳᠠ 243.4 ᠳ᠋ᠦᠩᠰᠢᠭᠤᠷ ᠲᠥᠭᠦᠷᠢᠭ᠂ ᠲᠦᠴᠢᠦᠸᠠᠨ ᠰᠢᠶᠠᠨ 60.8 ᠳ᠋ᠦᠩᠰᠢᠭᠤᠷ ᠲᠥᠭᠦᠷᠢᠭ᠂ ᠬᠤᠷᠴᠢᠨ ᠪᠠᠷᠠᠭᠤᠨ ᠭᠠᠷᠣᠨ ᠳᠤᠮᠳᠠᠳᠤ ᠬᠤᠰᠢᠭᠤ 25 ᠳ᠋ᠦᠩᠰᠢᠭᠤᠷ ᠲᠥᠭᠦᠷᠢᠭ᠂ ᠬᠤᠷᠴᠢᠨ ᠪᠠᠷᠠᠭᠤᠨ ᠭᠠᠷᠤᠨ ᠡᠮᠣᠨᠡᠳᠣ ᠬᠤᠰᠢᠭᠤ 19.2 ᠳ᠋ᠦᠩᠰᠢᠭᠤᠷ ᠲᠥᠭᠦᠷᠢᠭ᠂ ᠵᠠᠯᠠᠶᠢᠳ ᠬᠤᠰᠢᠭᠤ 16.2 ᠳ᠋ᠦᠩᠰᠢᠭᠤᠷ ᠲᠥᠭᠦᠷᠢᠭ᠂ ᠷᠠᠰᠢᠶᠠᠨ ᠬᠤᠳᠠ 0.8 ᠳ᠋ᠦᠩᠰᠢᠭᠤᠷ ᠲᠥᠭᠦᠷᠢᠭ᠃ ᠭᠤᠷᠪᠠ ᠳᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠲᠣᠭᠲᠠᠭᠤᠨ ᠪᠤᠰᠤ ᠪᠠᠶᠢᠨ᠎ᠠ᠃ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠭᠰᠡᠨ ᠠᠵᠤ ᠠᠬᠤᠶᠢᠯᠠᠯ 11 ᠪᠠᠶᠢᠵᠤ᠂ ᠦᠢᠯᠡᠳᠬᠦᠨ ᠤ ᠥᠷᠲᠡᠭ ᠨᠢ 12.26 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.5% ᠪᠠᠷ ᠨᠡᠮᠡᠭᠳᠡᠨ᠂ ᠬᠡᠪᠴᠢᠶᠡᠵᠢᠯ ᠠᠴᠠ ᠲᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ 13.9 ᠵᠠᠭᠤᠨ ᠤ ᠨᠢᠭᠡᠴᠢ ᠪᠠᠷ ᠳᠠᠶᠢᠴᠢᠯᠠᠪᠠ᠃ ᠡᠨᠡᠬᠦ 11 ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠨᠢ ᠨᠡᠯᠢᠶᠡᠳ ᠶᠡᠭᠡ ᠪᠠᠶᠢᠭ᠎ᠠ ᠨᠢ ᠱᠠᠨ ᠱᠦᠢ ᠱᠦᠢᠨᠢ 2.4 ᠵᠠᠭᠤᠨ ᠤ ᠨᠢᠭᠡᠴᠢ᠂ ᠶᠦᠩ ᠯᠢᠨ ᠤ ᠠᠮᠢᠳᠤ ᠪᠣᠳᠠᠰ ᠤᠨ ᠳᠠᠶᠢᠴᠢᠯᠠᠬᠤ ᠦᠢᠯᠡᠳᠦᠯ   ᠨᠢ2.2 ᠵᠠᠭᠤᠨ ᠤ ᠨᠢᠭᠡᠴᠢ ᠪᠣᠯᠣᠨ᠎ᠠ᠃ ᠦᠢᠯᠡᠳᠬᠦᠨ ᠤ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ ᠰᠥᠭᠡᠷᠭᠦ ᠨᠡᠮᠡᠭᠳᠡᠯ ᠲᠠᠢ ᠠᠵᠤ ᠠᠬᠤᠶᠢᠯᠠᠯ 9 ᠪᠠᠶᠢᠵᠤ᠂ ᠦᠢᠯᠡᠳᠬᠦᠨ ᠤ ᠦᠷᠳᠡᠭ ᠨᠢ 3.96 ᠳ᠋ᠦᠩᠰᠢᠭᠤᠷ ᠲᠥᠭᠦᠷᠢᠭ ᠲᠤ ᠬᠦᠷᠴᠦ᠂ 35.6% ᠪᠠᠷ ᠪᠠᠭᠤᠷᠠᠵᠤ  ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠨᠢ 13.5 ᠵᠠᠭᠤᠨ ᠤ ᠨᠢᠭᠡᠴᠢ ᠪᠠᠷ ᠪᠠᠭᠤᠷᠠᠪᠠ᠃ ᠡᠭᠦᠨ ᠳᠤ᠂ ᠼᠦᠢ ᠯᠢᠨ ᠠᠮᠤ ᠲᠣᠰᠣ 2022 ᠣᠨ ᠳᠤ ᠬᠡᠪᠴᠢᠶᠡᠵᠢᠯ ᠠᠴᠠ ᠲᠡᠭᠡᠭᠰᠢᠬᠢ ᠠᠵᠤ ᠠᠬᠤᠶᠢᠯᠠᠯ ᠠᠴᠠ ᠤᠬᠤᠷᠢᠨ ᠭᠠᠷᠪᠠ᠃ ᠳᠥᠷᠪᠡ ᠳᠤ᠂ ᠠᠵᠤ ᠠᠬᠤᠢᠯᠠᠯ ᠤᠨ ᠪᠠᠷᠢᠮᠵᠢᠶ᠎ᠠ ᠪᠠᠨ ᠳᠡᠰ ᠳᠡᠪᠰᠢᠭᠦᠯᠵᠦ᠂ ᠪᠦᠷᠢᠳᠬᠡᠯ ᠤᠨ ᠬᠡᠪᠴᠢᠶᠡᠨ ᠳᠤ ᠣᠷᠣᠭᠤᠯᠤᠭᠰᠠᠨ ᠠᠵᠤ ᠠᠬᠤᠢᠯᠠᠯ ᠤᠨ ᠳᠠᠶᠢᠴᠢᠯᠠᠬᠤ ᠦᠢᠯᠡᠳᠦᠯ ᠢᠶᠠᠷ ᠪᠠᠭ᠎ᠠ᠃ ᠡᠭᠦᠨ ᠠᠴᠠ ᠭᠠᠳᠠᠨ᠎ᠠ ᠬᠤᠸᠠᠨ ᠢᠦᠢ ᠬᠢᠮᠢ ᠶᠢᠨ ᠠᠵᠤ ᠦᠢᠯᠡᠳᠪᠦᠷᠢ ᠶᠢ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠬᠤ ᠪᠠᠷ ᠪᠣᠶ᠂ ᠭᠡᠪᠡᠴᠦ ᠲᠡᠭᠦᠨ ᠤ ᠡᠵᠡᠩᠨᠡᠯᠲᠡ ᠶᠢᠨ ᠣᠷᠣᠯᠭ᠎ᠠ ᠪᠠ ᠦᠢᠯᠡᠳᠬᠦᠨ ᠤ ᠥᠷᠲᠡᠭ ᠨᠢ ᠣᠳᠣᠬᠠᠨ ᠳᠤ ᠴᠥᠮ ᠪᠠᠷᠢᠮᠵᠢᠶ᠎ᠠ ᠳᠤ ᠬᠦᠷᠦᠭᠡ ᠦᠭᠡᠢ᠃        
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号