2022 ᠣᠨ ᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠲᠣᠪᠴᠢ ᠵᠠᠳᠠᠯᠤᠯᠲᠠ ︵ᠲᠦᠷᠪᠡ︶
ᠨᠡᠶᠢᠲᠡᠯᠡᠭᠰᠡᠨ ᠴᠠᠭ᠄
2023/3/22
     ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ      ᠵᠠᠯᠠᠶᠢᠳ ᠬᠤᠰᠢᠭᠤᠨ ᠤ 2022 ᠣᠨ ᠤ ᠪᠥᠬᠦ ᠵᠢᠯ ᠳᠤ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 19.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.6% ᠪᠠᠷ ᠪᠠᠭᠤᠷᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠭᠤᠷᠪᠠᠳᠤᠭᠠᠷ ᠲᠤ ᠵᠢᠭᠰᠠᠭᠠᠭᠳᠠᠵᠤ᠂ ᠡᠭᠦᠨ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.2% ᠢᠶᠠᠷ ᠨᠡᠮᠡᠭᠳᠡᠵᠡᠢ᠃       ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢ ᠠᠩᠬ᠎ᠠ ᠠᠯᠬᠤᠮ ᠲᠥᠰᠥᠭᠡᠯᠡᠨ ᠪᠤᠳᠤᠬᠤ ᠠᠷᠭ᠎ᠠ᠃ ᠨᠢᠭᠡ ᠳᠤ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ  ᠪᠠᠶᠢᠭᠤᠯᠭ᠎ᠠ ᠨᠢᠭᠡᠴᠢ ᠠᠴᠠ ᠲᠡᠭᠦᠨ ᠤ ᠬᠤᠪᠢᠷᠠᠯᠲᠠ ᠶᠢᠨ ᠬᠡᠮᠵᠢᠶ᠎ᠡ ᠶᠢ ᠰᠦᠯᠵᠢᠶ᠎ᠡ ᠪᠠᠷ ᠰᠢᠭᠤᠳ ᠮᠡᠳᠡᠭᠦᠯᠬᠦ ᠲᠠᠪᠴᠠᠩ ᠤᠨ ᠬᠤᠷᠢᠶᠠᠩᠭᠤᠶᠢᠯᠠᠭᠰᠠᠨ ᠲᠤᠭ᠎ᠠ ᠪᠠᠷᠢᠮᠲᠠ ᠪᠠᠷ ᠰᠠᠭᠤᠷᠢ ᠪᠣᠯᠭᠠᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠤᠨ ᠬᠤᠪᠢᠷᠠᠯᠳᠠ ᠶᠢ ᠪᠥᠬᠦ ᠲᠠᠯ᠎ᠠ ᠪᠠᠷ ᠪᠠᠶᠢᠴᠠᠭᠠᠨ᠎ᠠ᠃ ᠬᠤᠶᠠᠷ ᠲᠤ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠣᠷᠣᠭᠰᠢ ᠪᠠᠶᠢᠭᠤᠯᠭ᠎ᠠ ᠨᠢᠭᠡᠴᠢ ᠶᠢᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ ᠶᠢ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠣᠷᠣᠭᠰᠢ ᠵᠢᠱᠢᠶ᠎ᠡ ᠠᠪᠴᠤ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠪᠠᠶᠢᠭᠤᠯᠭ᠎ᠠ ᠨᠢᠭᠡᠴᠢ ᠶᠢᠨ ᠢᠳᠡᠬᠦ ᠡᠮᠦᠰᠬᠦ ᠬᠡᠷᠡᠭᠯᠡᠬᠦ ᠲᠦᠷᠦᠯ ᠤᠨ ᠵᠢᠵᠢᠭᠯᠡᠨ ᠬᠤᠳᠠᠯᠳᠤᠭᠰᠠᠨ ᠲᠤᠭ᠎ᠠ ᠶᠢᠨ ᠨᠡᠮᠡᠭᠳᠡᠯ ᠤᠨ ᠬᠤᠷᠳᠤᠴᠠ᠂ ᠬᠤᠳᠠᠯᠳᠤᠭᠠᠨ ᠤ ᠦᠷᠳᠡᠭ ᠨᠡᠮᠡᠭᠳᠡᠯ ᠤᠨ ᠭᠠᠶᠢᠯᠢ᠂ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ᠂ ᠪᠠᠶᠢᠴᠠᠭᠠᠯᠲᠠ ᠶᠢᠨ ᠬᠡᠪᠴᠢᠶ᠎ᠡ ᠶᠢ ᠥᠷᠭᠡᠳᠬᠡᠬᠦ ᠨᠡᠮᠡᠭᠳᠡᠯ ᠤᠨ ᠬᠤᠷᠳᠤᠴᠠ ᠵᠡᠷᠭᠡ ᠲᠤᠭ᠎ᠠ ᠪᠠᠷᠢᠮᠲᠠ ᠪᠠᠷ ᠲᠥᠰᠥᠭᠡᠯᠡᠨ ᠪᠤᠳᠤᠵᠤ ᠭᠠᠷᠭᠠᠨ᠎ᠠ᠃ ᠭᠤᠷᠪᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢᠨ ᠳᠡᠭᠡᠷ᠎ᠡ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠤᠨ ᠬᠤᠷᠳᠤᠴᠠ᠂ ᠲᠤᠰ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠨᠡᠮᠡᠭᠳᠡᠯ ᠤᠨ ᠬᠤᠷᠳᠤᠴᠠ᠂ ᠲᠤᠭᠳᠠᠭᠠᠭᠰᠠᠨ ᠲᠤᠭ᠎ᠠ ᠬᠡᠮᠵᠢᠶ᠎ᠡ  ᠠᠴᠠ ᠳᠡᠭᠡᠭᠰᠢᠬᠢ  ᠪᠠᠶᠢᠭᠤᠯᠭ᠎ᠠ  ᠨᠢᠭᠡᠴᠢ ᠶᠢᠨ ᠬᠤᠪᠢᠷᠠᠯᠲᠠ ᠶᠢᠨ ᠬᠡᠮᠵᠢᠶ᠎ᠡ ᠪᠠ ᠬᠢᠵᠠᠭᠠᠷᠯᠠᠭᠰᠠᠨ ᠲᠤᠭ᠎ᠠ ᠠᠴᠠ ᠳᠣᠷᠣᠭᠰᠢᠬᠢ ᠪᠠᠶᠢᠭᠤᠯᠭ᠎ᠠ ᠨᠢᠭᠡᠴᠢ ᠶᠢᠨ ᠬᠤᠪᠢᠷᠠᠯᠲᠠ ᠶᠢᠨ ᠬᠡᠮᠵᠢᠶ᠎ᠡ ᠶᠢ ᠦᠨᠳᠦᠰᠦᠯᠡᠨ ᠲᠤᠰ ᠰᠠᠷ᠎ᠠ ᠶᠢᠨ ᠳᠠᠬᠢᠭᠠᠳ ᠲᠣᠰ ᠭᠦᠢᠴᠡᠳᠬᠡᠯ ᠲᠤᠭ᠎ᠠ ᠶᠢᠨ ᠲᠦᠷᠦᠭᠦᠸ ᠵᠢᠯ ᠤᠨ ᠠᠳᠠᠯᠢ ᠰᠠᠷ᠎ᠠ ᠶᠢᠨ ᠰᠠᠭᠤᠷᠢ ᠲᠤᠭ᠎ᠠ ᠶᠢ ᠠᠰᠢᠭᠯᠠᠭᠠᠳ ᠲᠣᠰ ᠰᠠᠷ᠎ᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ ᠬᠠᠷᠢᠴᠠᠯᠠᠰᠢᠭᠦᠢ ᠬᠡᠮᠵᠢᠶ᠎ᠡ ᠵᠢᠴᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠤ ᠨᠡᠶᠢᠲᠡ ᠨᠡᠮᠡᠭᠳᠡᠯ ᠤᠨ ᠬᠤᠷᠳᠤᠴᠠ ᠪᠠ ᠬᠠᠷᠢᠴᠠᠯᠠᠰᠢᠭᠦᠢ ᠬᠡᠮᠵᠢᠶ᠎ᠡ ᠶᠢ ᠤᠯᠤᠨ᠎ᠠ᠃      ᠣᠳᠣᠬᠠᠨ ᠳᠤ ᠣᠷᠣᠰᠢᠵᠤ ᠪᠠᠶᠢᠭ᠎ᠠ ᠳᠤᠲᠠᠭᠤᠳᠠᠯ᠃ ᠨᠢᠭᠡ ᠳᠤ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠠᠵᠤ ᠠᠬᠤᠶᠢᠯᠠᠯ ︵ᠬᠤᠪᠢ ᠶᠢᠨ︶ ᠤᠨ ᠲᠤᠭ᠎ᠠ ᠬᠡᠮᠵᠢᠶ᠎ᠡ ᠨᠢ ᠪᠠᠭ᠎ᠠ᠂ ᠬᠡᠪᠴᠢᠶ᠎ᠡ ᠨᠢ ᠶᠡᠭᠡ ᠪᠢᠰᠢ᠂ ᠬᠤᠪᠢ ᠨᠡᠮᠡᠷᠢ ᠶᠢᠨ ᠨᠤᠷᠮ᠎ᠠ ᠨᠢ ᠳᠣᠣᠷ᠎ᠠ ᠪᠠᠶᠢᠨ᠎ᠠ᠃ ᠣᠲᠣ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠠᠵᠤ ᠠᠬᠤᠶᠢᠯᠠᠯ 125 ︵ᠬᠤᠪᠢ ᠶᠢᠨ︶ ᠪᠠᠶᠢᠨ᠎ᠠ᠃ ᠡᠭᠦᠨ ᠳᠤ ᠵᠠᠯᠠᠶᠢᠳ ᠬᠤᠰᠢᠭᠤ 14 ᠪᠠᠶᠢᠵᠤ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠠᠵᠤ ᠠᠬᠤᠶᠢᠯᠠᠯ ︵ᠬᠤᠪᠢ ᠶᠢᠨ︶ ᠨᠢ ᠪᠥᠬᠦ ᠠᠶᠢᠮᠠᠭ ᠤᠨ ᠶᠡᠷᠦᠩᠬᠡᠢ ᠲᠣᠭᠠᠨ ᠤ 11% ᠶᠢ ᠯᠡ ᠡᠵᠡᠯᠡᠵᠦ ᠪᠣᠶ᠃ ᠬᠤᠶᠠᠷ ᠲᠤ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ᠠᠵᠤ ᠠᠬᠤᠶᠢᠯᠠᠯ ︵ᠬᠤᠪᠢ︶ ᠤᠨ ᠪᠦᠲᠦᠴᠡ ᠨᠢ ᠵᠦᠢ ᠵᠣᠬᠢᠰ ᠦᠭᠡᠢ᠂ ᠶᠠᠰᠤ ᠴᠢᠨᠠᠷ ᠨᠢ ᠰᠢᠯᠢᠳᠡᠭ ᠪᠢᠰᠢ᠃ ᠮᠠᠨ ᠤ ᠬᠤᠰᠢᠭᠤᠨ ᠤ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ14 ᠠᠵᠤ ᠠᠬᠤᠶᠢᠯᠠᠯ ︵ᠬᠤᠪᠢ ᠬᠥᠮᠥᠨ︶ ᠤᠨ ᠳᠣᠲᠣᠷᠠᠬᠢ 5 ᠠᠵᠤ ᠠᠬᠤᠶᠢᠯᠠᠯ ᠨᠢ ᠠᠮᠤ ᠪᠤᠳᠠᠭ᠎ᠠ ᠶᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠣᠯᠣᠨ᠎ᠠ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ︵ᠬᠤᠪᠢ ᠬᠥᠮᠥᠨ︶ ᠤᠨ ᠲᠤᠭ᠎ᠠ ᠬᠡᠮᠵᠢᠶ᠎ᠡ ᠨᠢ ᠨᠡᠯᠢᠶᠡᠳ ᠴᠥᠭᠡᠨ᠂ ᠲᠠᠲᠠᠬᠤ ᠬᠦᠴᠦᠨ ᠨᠢ ᠬᠦᠷᠦᠯᠴᠡᠬᠦ ᠦᠭᠡᠢ᠂ ᠭᠤᠣᠯᠯᠠᠬᠤ ᠥᠷᠢᠰᠦᠯᠳᠦᠬᠦ ᠬᠦᠴᠦᠨ ᠦᠭᠡᠢ᠃ ᠭᠤᠷᠪᠠ ᠳᠤ  ᠂ ᠲᠤᠭᠳᠠᠭᠠᠭᠰᠠᠨ ᠲᠤᠭ᠎ᠠ ᠬᠡᠮᠵᠢᠶ᠎ᠡ ᠠᠴᠠ ᠳᠡᠭᠡᠭᠰᠢᠬᠢ ︽ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠬᠤ︾ ᠠᠵᠤ ᠠᠬᠤᠶᠢᠯᠠᠯ ᠤᠨ ᠬᠡᠪᠴᠢᠶ᠎ᠡ ᠪᠠᠷ ᠪᠠᠭ᠎ᠠ᠂ ᠥᠰᠦᠯᠲᠡ ᠶᠢᠨ ᠬᠡᠯᠪᠡᠷᠢ ᠶᠢᠨ ᠠᠵᠤ ᠠᠬᠤᠶᠢᠯᠠᠯ ᠴᠥᠭᠡᠨ᠂ ᠨᠡᠶᠢᠭᠡᠮ ᠤᠨ ᠲᠠᠸᠠᠷ ᠤᠨ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠪᠥᠬᠦ ᠲᠤᠭ᠎ᠠ ᠳᠤ ᠦᠵᠡᠭᠦᠯᠬᠦ ᠬᠤᠪᠢ ᠨᠡᠮᠡᠷᠢ ᠶᠢᠨ ᠨᠣᠷᠮ᠎ᠠ ᠪᠠᠷ ᠳᠣᠣᠷ᠎ᠠ ᠪᠠᠶᠢᠨ᠎ᠠ᠃ ᠣᠨᠴᠠ ᠵᠠᠷᠢᠮ ᠲᠤᠭᠳᠠᠭᠠᠭᠰᠠᠨ ᠲᠤᠭ᠎ᠠ ᠬᠡᠮᠵᠢᠶ᠎ᠡ ᠠᠴᠠ  ᠲᠤᠷᠣᠭᠰᠢ ᠠᠵᠤ ᠠᠬᠤᠶᠢᠯᠠᠯ ᠳᠤ ᠬᠠᠮᠵᠢᠯᠴᠠᠬᠤ ᠬᠡᠮᠵᠢᠶ᠎ᠡ ᠪᠠᠷ ᠳᠣᠣᠷ᠎ᠠ᠂ ᠭᠦᠢᠴᠡᠳᠬᠡᠯ ᠲᠤᠭ᠎ᠠ ᠶᠢ ᠭᠦᠢᠴᠡᠳ ᠣᠶᠢᠯᠠᠭᠠᠬᠤ ᠦᠭᠡᠢ᠂ ᠴᠢᠨᠠᠭᠰᠢᠯᠠᠪᠠᠯ ᠪᠦᠷᠢᠳᠬᠡᠭᠰᠡᠨ ᠲᠤᠭ᠎ᠠ ᠪᠠᠷᠢᠮᠲᠠ ᠪᠠᠨ ᠮᠡᠳᠡᠭᠦᠯᠬᠦ ᠶᠢ ᠲᠡᠪᠴᠢᠭᠰᠡᠨ ᠪᠠᠶᠢᠳᠠᠯ ᠣᠷᠣᠰᠢᠵᠤ ᠪᠠᠶᠢᠨ᠎ᠠ᠃       ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢᠨ ᠲᠤᠬᠠᠢ ᠰᠠᠨᠠᠭᠤᠯᠭ᠎ᠠ᠃ ᠨᠢᠭᠡ ᠳᠤ  ᠂ ᠤᠯᠠᠮᠵᠢᠯᠠᠯᠲᠤ ᠬᠡᠷᠡᠭᠯᠡᠭᠡ ᠶᠢ ᠪᠠᠶᠠᠯᠢᠭᠵᠢᠭᠤᠯᠵᠤ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠨ᠎ᠡ᠃  ᠬᠡᠷᠡᠭᠯᠡᠭᠡᠨ ᠤ ᠲᠡᠮᠳᠡᠭᠲᠦ ᠶᠢᠨ ᠲᠠᠷᠬᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠬᠡᠷᠡᠭᠯᠡᠭᠡᠨ ᠤ ᠲᠡᠮᠳᠡᠭᠲᠦ ᠶᠢᠨ ᠨᠥᠬᠦᠪᠦᠷᠢ ᠶᠢᠨ ᠲᠤᠭ᠎ᠠ ᠬᠡᠮᠵᠢᠶ᠎ᠡ ᠶᠢ ᠱᠠᠲᠤ ᠳᠠᠷᠠᠭᠠᠯᠠᠨ ᠳᠡᠭᠡᠭᠰᠢᠯᠡᠭᠦᠯᠦᠨ᠎ᠡ᠃ ᠠᠵᠤ ᠠᠬᠤᠶᠢᠯᠠᠯ ︵ᠬᠤᠪᠢ ᠬᠥᠮᠥᠨ︶ ᠤᠨ ᠬᠡᠷᠡᠭᠯᠡᠭᠡᠨ ᠤ ᠲᠡᠮᠳᠡᠭᠲᠦ ᠶᠢ ᠲᠠᠷᠬᠠᠭᠠᠬᠤ ᠬᠤᠭᠤᠴᠠᠭᠠᠨ ᠳᠤ ᠣᠯᠠᠨ ᠬᠡᠯᠪᠡᠷᠢ ᠮᠠᠶ᠋ᠢᠭ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠡᠷᠭᠡᠪᠡᠷ ᠥᠷᠨᠢᠭᠦᠯᠬᠦ ᠶᠢ ᠵᠣᠷᠢᠭᠵᠢᠭᠤᠯᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠦᠰᠡᠯ ᠢ ᠤᠯᠠᠮ ᠨᠢᠭᠡ ᠠᠯᠬᠤᠮ ᠬᠥᠭᠵᠢᠭᠡᠨ᠎ᠡ᠃ ᠬᠤᠶᠠᠷ ᠲᠤ᠂ ᠴᠢᠬᠤᠯᠠ ᠬᠡᠷᠡᠭᠯᠡᠭᠡᠨ ᠤ ᠵᠠᠩᠭᠢᠯᠠᠭ᠎ᠠ ᠶᠢᠨ ᠴᠡᠭ ᠢ ᠠᠳᠬᠤᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠦᠨ᠎ᠡ᠃ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠣᠯᠠᠨ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠣᠯᠠᠨ ᠶᠠᠩᠵᠤ ᠬᠡᠯᠪᠡᠷᠢ ᠶᠢᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠠᠸᠠᠷ ᠤᠨ ᠬᠠᠩᠭᠠᠯᠭ᠎ᠠ ᠶᠢ ᠪᠠᠶᠠᠯᠢᠭᠵᠢᠭᠤᠯᠤᠨ᠂ ᠪᠥᠬᠦ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠬᠤ᠂ ᠠᠵᠤ ᠠᠬᠤᠶᠢᠯᠠᠯ ᠤᠨ ᠬᠠᠮᠲᠤ ᠪᠠᠷ ᠬᠤᠳᠠᠯᠳᠤᠨ ᠠᠪᠬᠤ᠂ ᠬᠠᠷᠠᠭᠠᠯᠵᠠᠯ ᠦᠵᠡᠭᠦᠯᠬᠦ ᠠᠷᠭ᠎ᠠ ᠬᠡᠮᠵᠢᠶ᠎ᠡ ᠶᠢ ︽ᠬᠥᠮᠥᠷᠭᠡ ᠳᠤ ᠪᠠᠶᠢᠭ᠎ᠠ︾  ᠪᠠᠶᠢᠭᠤᠯᠭ᠎ᠠ ᠨᠢᠭᠡᠴᠢ ᠳᠠᠰᠢ ᠢᠯᠡᠭᠦᠬᠡᠨ ᠬᠡᠯᠪᠡᠶᠢᠯᠭᠡᠬᠦ ᠶᠢ ᠢᠳᠡᠪᠬᠢᠲᠡᠢ ᠪᠠᠷ ᠰᠠᠨᠠᠭᠠᠴᠢᠯᠠᠨ᠎ᠠ᠃ ᠭᠤᠷᠪᠠ ᠳᠤ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠳᠦᠷᠢᠮ ᠳᠤ ᠨᠡᠶᠢᠴᠡᠭᠰᠡᠨ ᠠᠵᠤ ᠠᠬᠤᠶᠢᠯᠠᠯ ︵ᠬᠤᠪᠢ ᠬᠥᠮᠥᠨ︶ ᠤᠨ ᠬᠥᠮᠥᠷᠭᠡ ᠳᠤ ᠣᠷᠣᠭᠤᠯᠬᠤ ᠶᠢ ᠵᠣᠷᠢᠭᠵᠢᠭᠤᠯᠤᠨ᠎ᠠ᠃ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠴᠢᠯᠤᠭᠡᠳᠣ ᠳᠡᠯᠭᠡᠭᠦᠷ᠂ ᠢᠳᠡᠭᠡᠨ ᠤᠮᠳᠠᠭᠠᠨ ᠵᠡᠷᠭᠡ ᠰᠢᠨ᠎ᠡ ᠪᠠᠷ ᠪᠠᠶᠢᠭᠤᠯᠤᠭᠳᠠᠭᠰᠠᠨ ᠳᠠᠷᠤᠢ ᠪᠠᠷᠢᠮᠵᠢᠶ᠎ᠠ ᠳᠤ ᠬᠦᠷᠬᠦ ᠪᠠᠶᠢᠭᠤᠯᠭ᠎ᠠ ᠨᠢᠭᠡᠴᠢ ᠶᠢ ᠴᠢᠩᠭ᠎ᠠ ᠠᠩᠬᠠᠷᠴᠤ᠂ ᠰᠠᠷ᠎ᠠ ᠶᠢᠨ ᠰᠢᠨ᠎ᠡ ᠪᠠᠷ ᠨᠡᠮᠡᠭᠳᠡᠭᠰᠡᠨ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠢ ᠭᠦᠢᠴᠡᠳ ᠠᠭᠤᠳᠠᠯᠤᠨ᠎ᠠ᠃  
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号