2022 ᠣᠨ ᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠵᠢᠯᠯᠠᠭᠠᠨ ᠤ ᠪᠠᠶᠢᠳᠠᠯ ᠤᠨ ᠲᠤᠬᠠᠢ ᠲᠣᠪᠴᠢ ᠵᠠᠳᠠᠯᠤᠯᠲᠠ ︵ᠲᠠᠪᠤ︶
ᠨᠡᠶᠢᠲᠡᠯᠡᠭᠰᠡᠨ ᠴᠠᠭ᠄
2023/3/22
    ᠬᠤᠶᠠᠷ ᠣᠷᠣᠯᠭ᠎ᠠ     2022 ᠣᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21162 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 8.2% ᠪᠠᠷ ᠨᠡᠮᠡᠭᠳᠡᠪᠡ᠃ ᠡᠭᠦᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 34469 ᠲᠥᠭᠦᠷᠢᠭ ᠲᠤ ᠬᠦᠷᠴᠦ᠂ 6.1% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15465 ᠲᠥᠭᠦᠷᠢᠭ ᠲᠤ ᠬᠦᠷᠴᠦ᠂ 9.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ᠳᠤ ᠳᠥᠷᠪᠡᠳᠦᠭᠡᠷ ᠲᠤ ᠵᠢᠭᠰᠠᠭᠠᠭᠳᠠᠪᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠠᠷᠢᠴᠠᠯ 2.2 ᠪᠠᠶᠢᠵᠤ᠂ ᠳᠡᠭᠡᠷ᠎ᠡ ᠵᠢᠯ ᠤᠨ ᠬᠢ ᠠᠴᠠ 0.1 ᠪᠠᠭᠠᠰᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠤᠯᠠᠮ ᠢᠶᠠᠷ ᠨᠡᠮᠡᠭᠳᠡᠵᠦ᠂ ᠬᠡᠷᠡᠭᠯᠡᠭᠡᠨ ᠤ ᠵᠠᠷᠤᠯᠭ᠎ᠠ ᠰᠠᠶᠢᠵᠢᠷᠠᠪᠠ᠃ 2022 ᠣᠨ ᠳᠤ᠂ ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 13766 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 2.0%   ᠢᠶᠠᠷ ᠨᠡᠮᠡᠭᠳᠡᠪᠡ᠃      2022 ᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠢᠭᠡᠳᠦᠭᠡᠷ ᠤᠯᠠᠷᠢᠯ ᠤᠨ ᠨᠡᠮᠡᠭᠳᠡᠯ ᠤᠨ ᠬᠤᠷᠳᠤᠴᠠ ᠬᠤᠶᠠᠳᠤᠭᠠᠷ ᠲᠤ ᠵᠢᠭᠰᠠᠭᠠᠭᠳᠠᠵᠤ᠂ ᠳᠡᠭᠡᠷ᠎ᠡ ᠬᠠᠭᠠᠰ ᠵᠢᠯ ᠤᠨ ᠨᠡᠮᠡᠭᠳᠡᠯ ᠤᠨ ᠬᠤᠷᠳᠤᠴᠠ ᠲᠠᠪᠤᠳᠤᠭᠠᠷ ᠲᠤ ᠵᠢᠭᠰᠠᠭᠠᠭᠳᠠᠵᠤ᠂ ᠡᠮᠦᠨ᠎ᠡ ᠭᠤᠷᠪᠠᠨ ᠤᠯᠠᠷᠢᠯ ᠤᠨ ᠨᠡᠮᠡᠭᠳᠡᠯ ᠤᠨ ᠬᠤᠷᠳᠤᠴᠠ ᠳᠥᠷᠪᠡᠳᠦᠭᠡᠷ ᠲᠤ ᠵᠢᠭᠰᠠᠭᠠᠭᠳᠠᠵᠤ᠂ ᠪᠥᠬᠦ ᠵᠢᠯ ᠤᠨ ᠨᠡᠮᠡᠭᠳᠡᠯ ᠤᠨ ᠬᠤᠷᠳᠤᠴᠠ ᠳᠥᠷᠪᠡᠳᠦᠭᠡᠷ ᠲᠤ ᠵᠢᠭᠰᠠᠭᠠᠭᠳᠠᠪᠠ᠃ ᠪᠤᠰᠤᠳ ᠬᠤᠰᠢᠭᠤ ᠰᠢᠶᠠᠨ ᠬᠤᠲᠠ ᠲᠠᠢ ᠪᠠᠰᠠ ᠵᠢᠭᠠᠬᠠᠨ ᠵᠥᠷᠢᠶ᠎ᠡ ᠲᠠᠢ ᠪᠠᠶᠢᠨ᠎ᠠ᠃ ᠡᠭᠦᠨ ᠤ ᠭᠤᠣᠯ ᠰᠢᠯᠲᠠᠭᠠᠨ ᠨᠢ᠄ ᠨᠢᠭᠡ ᠳᠤ᠂ GDP ᠪᠣᠯᠣᠨ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠥᠬᠦ ᠠᠶᠢᠮᠠᠭ ᠤᠨ ᠨᠡᠷᠡᠰ ᠤᠨ ᠵᠢᠭᠰᠠᠭᠠᠯᠲᠠ ᠳᠤ ᠭᠤᠷᠪᠠᠳᠤᠭᠠᠷ ᠲᠤ ᠣᠷᠣᠵᠤ᠂ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ ᠶᠢᠨ ᠨᠡᠮᠡᠭᠳᠡᠯ ᠤᠨ ᠬᠤᠷᠳᠤᠴᠠ ᠲᠠᠪᠤᠳᠤᠭᠠᠷ ᠲᠤ ᠤᠷᠤᠵᠠᠢ᠃ ᠬᠤᠶᠠᠷ ᠲᠤ᠂ ᠳᠣᠣᠷ᠎ᠠ ᠬᠠᠭᠠᠰ ᠵᠢᠯ ᠳᠤ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠬᠤᠲᠠ ᠪᠠᠯᠭᠠᠰᠤᠨ ᠤ ᠪᠥᠬᠦ ᠥᠯᠢᠭᠡᠷ ᠡᠳ᠋ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠠ ᠬᠡᠷᠡᠭᠯᠡᠭᠡᠨ ᠤ ᠨᠡᠮᠡᠭᠳᠡᠯ ᠤᠨ ᠬᠤᠷᠳᠤᠴᠠ ᠤᠳᠠᠭᠠᠰᠢᠷᠠᠭᠰᠠᠨ ᠠᠴᠠ ᠪᠥᠬᠦ ᠵᠢᠯ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠬᠤᠶᠢᠨ᠎ᠠ ᠨᠢ ᠵᠢᠭᠰᠠᠭᠠᠭᠳᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号