ᠵᠠᠯᠠᠶᠢᠳ ᠬᠤᠰᠢᠭᠤᠨ ᠤ 2023 ᠣᠨ ᠤ ᠰᠢᠯᠢᠳᠡᠭ ᠡᠭᠦᠯᠳᠡᠷ ᠤᠨ ᠡᠬᠡ ᠮᠠᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠤ ᠬᠡᠷᠡᠭᠵᠢᠭᠦᠯᠬᠦ ᠲᠥᠰᠥᠯ
ᠨᠡᠶᠢᠲᠡᠯᠡᠭᠰᠡᠨ ᠴᠠᠭ᠄
2023/3/30
          ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠭᠡᠷ ᠤᠨ ᠲᠠᠷᠬᠠᠭᠠᠭᠰᠠᠨ 〔2023〕4 ᠳ᠋ᠤᠭᠡᠷ ᠲᠣᠭᠠᠲᠤᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄       ︽ᠵᠠᠯᠠᠶᠢᠳ ᠬᠤᠰᠢᠭᠤᠨ ᠤ 2023 ᠣᠨ ᠤ ᠰᠢᠯᠢᠳᠡᠭ ᠡᠭᠦᠯᠳᠡᠷ ᠤᠨ ᠡᠬᠡ ᠮᠠᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                                          2023 ᠣᠨ ᠤ 3 ᠰᠠᠷ᠎ᠠ ᠶᠢᠨ 12 ᠤ ᠡᠳᠣᠷ        ᠵᠠᠯᠠᠶᠢᠳ ᠬᠤᠰᠢᠭᠤᠨ ᠤ 2023 ᠣᠨ ᠤ ᠰᠢᠯᠢᠳᠡᠭ ᠡᠭᠦᠯᠳᠡᠷ ᠤᠨ ᠡᠬᠡ ᠮᠠᠯ ᠤᠨ ᠠᠵᠤ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠵᠦ ᠬᠡᠷᠡᠭᠵᠢᠭᠦᠯᠬᠦ ᠲᠥᠰᠥᠯ        ︽︿ᠵᠠᠯᠠᠶᠢᠳ ᠬᠤᠰᠢᠭᠤᠨ ᠤ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ︵2021 ︱ 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠠᠴᠠ ᠲᠠᠷᠬᠠᠭᠠᠭᠰᠠᠨ ﹇2021﹈ 13 ᠳ᠋ᠤᠭᠠᠷ ᠲᠣᠭᠠᠲᠤ︶ ᠶᠣᠰᠣᠭᠠᠷ᠂  ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠠᠪᠠᠭᠤᠯᠢᠭ ᠡᠬᠢ ᠪᠠᠶᠠᠯᠢᠭ ᠤᠨ ᠠᠵᠤ ᠠᠬᠤᠢ ᠶᠢᠨ ᠦᠷ᠎ᠡ ᠠᠰᠢᠭ ᠢ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ ᠨᠡᠮᠡᠭᠳᠡᠯ ᠤᠨ ᠴᠡᠭ ᠢ ᠪᠤᠢ ᠪᠤᠯᠭᠠᠵᠤ᠂ ᠬᠤᠰᠢᠭᠤᠨ ᠤ  ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ  ᠪᠠᠷ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃        ᠨᠢᠭᠡ᠂ ᠬᠥᠭᠵᠢᠯᠲᠡ ᠶᠢᠨ ᠬᠠᠷᠠᠯᠲᠠᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠰᠢᠯᠢᠳᠡᠭ ᠡᠭᠦᠯᠳᠡᠷ ᠤᠨ ᠮᠢᠬᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠢᠮᠧᠨ᠋ᠳᠡᠷ᠂ ᠠᠩᠭᠧᠰ ᠢᠶᠠᠷ ᠭᠤᠣᠯᠯᠠᠭᠤᠯᠤᠨ ᠡᠭᠦᠯᠳᠡᠷ ᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ 2023 ᠣᠨ ᠳᠤ 5 ᠲᠦᠮᠠ ᠨᠡᠮᠡᠭᠳᠡᠭᠦᠯᠵᠦ᠂ ᠪᠦᠬᠦ ᠲᠤᠭ᠎ᠠ ᠶᠢ 43 ᠲᠦᠮᠠ ᠳᠤ ᠬᠦᠷᠦᠭᠦᠯᠵᠤ᠂ ᠴᠢᠨᠠᠷ ᠰᠠᠶᠢᠲᠠᠢ ᠮᠢᠬᠠᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ 2 ᠲᠦᠮᠡᠨ ᠡᠭᠦᠯᠳᠡᠷ ᠢ ᠰᠠᠶᠢᠵᠢᠷᠠᠭᠤᠯᠦᠨ᠎ᠡ᠃        ᠬᠤᠶᠠᠷ᠂ ᠬᠡᠷᠡᠭᠵᠢᠭᠦᠯᠬᠦ ᠠᠯᠬᠤᠮ ᠳᠠᠷᠠᠭ᠎ᠠ        ︵ᠨᠢᠭᠡ︶ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠬᠦ ᠶᠠᠪᠤᠴᠠ᠃ ᠡᠯ᠎ᠡ ᠰᠤᠮᠤ ᠰᠢᠶᠠᠩ ᠪᠠᠯᠭᠠᠰᠤ ︵ᠲᠥᠪ︶ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠡᠵᠢᠭᠡᠨ ᠦᠷᠡᠵᠢᠬᠦᠯᠬᠦ ᠬᠦᠰᠡᠯ ᠲᠠᠢ ᠮᠠᠯᠴᠢᠨ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ︽ᠰᠠᠭᠤᠷᠢ ᠡᠬᠡ ᠮᠠᠯ ᠬᠤᠳᠠᠯᠳᠤᠨ ᠠᠪᠬᠤ ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1 ︶ ᠲᠠᠭᠯᠠᠭᠤᠯᠬᠤ ᠶᠢᠨ ᠬᠠᠮᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠭᠡᠵᠦ ᠬᠢᠨᠠᠭᠤᠯᠤᠨ᠎ᠠ᠃        ︵ᠬᠤᠶᠠᠷ︶ ᠦᠨᠢᠶ᠎ᠡ ᠬᠤᠳᠠᠯᠳᠤᠨ ᠠᠪᠬᠤ ᠶᠠᠪᠤᠴᠠ᠃ ᠲᠡᠵᠢᠭᠡᠨ ᠦᠷᠡᠵᠢᠭᠦᠯᠬᠦ ᠬᠦᠰᠡᠯ ᠲᠠᠢ ᠬᠦᠮᠦᠰ  ᠤᠨ ᠪᠠᠶᠢᠳᠠᠯ ᠢ ᠦᠨᠳᠦᠰᠦᠯᠡᠨ᠂ ᠡᠬᠡ ᠮᠠᠯ ᠬᠤᠳᠠᠯᠳᠤᠨ ᠠᠪᠬᠤ ᠲᠤᠭ᠎ᠠ ᠬᠡᠮᠵᠢᠶ᠎ᠡ ᠵᠢᠴᠢ ᠨᠥᠬᠦᠪᠦᠷᠢ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠶᠢ ᠵᠣᠬᠢᠰᠲᠠᠢ ᠲᠥᠯᠥᠪᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠶᠢᠮᠠᠭ ᠤᠨ ᠭᠠᠳᠠᠨᠠᠬᠢ ᠰᠢᠯᠢᠳᠡᠭ ᠡᠭᠦᠯᠳᠡᠷ ᠤᠨ ᠡᠬᠡ ᠮᠠᠯ ᠬᠤᠳᠠᠯᠳᠤᠨ ᠠᠪᠬᠤ ᠦᠢᠯᠡᠴᠢᠯᠡᠭᠡᠨ ᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠬᠤᠳᠠᠯᠳᠤᠨ ᠠᠪᠤᠭᠰᠠᠨ ᠰᠢᠯᠢᠳᠡᠭ ᠡᠭᠦᠯᠳᠡᠷ ᠤᠨ ᠡᠬᠡ ᠮᠠᠯ ᠢ ᠬᠤᠰᠢᠭᠤᠨ ᠤ ᠲᠣᠭᠲᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ  ᠳᠤ 21 ᠡᠳᠦᠷ ᠲᠤᠰᠠᠭᠠᠷᠯᠠᠨ᠎ᠠ᠃ ᠬᠢᠵᠢᠭ ᠪᠠᠶᠢᠴᠠᠭᠠᠵᠤ ᠲᠤᠰᠠᠭᠠᠷᠯᠠᠬᠤ ᠬᠤᠭᠤᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠠᠴᠠ ᠪᠷᠦ᠋ᠼᠧᠯ ᠡᠪᠡᠳᠴᠢᠨ᠂ ᠰᠢᠯᠦᠬᠡᠢ ᠡᠪᠡᠳᠴᠢᠨ ᠵᠢᠴᠢ ᠪᠤᠰᠤᠳ ᠬᠢᠵᠢᠭ ᠡᠪᠡᠳᠴᠢᠨ ᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠨ᠎ᠡ᠃        1. ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠢᠨᠠᠨ ᠬᠠᠷᠭᠤᠭᠤᠯᠵᠤ ᠥᠩᠭᠡᠷᠡᠭᠰᠡᠨ ᠮᠠᠯᠴᠢᠨ ᠲᠠᠷᠢᠶᠠᠴᠢᠨ ᠡᠷᠦᠬᠡ ᠬᠤᠰᠢᠭᠤᠨ ᠤ ᠲᠣᠭᠲᠠᠭᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠳᠤ ᠬᠦᠷᠴᠦ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠬᠦᠷᠦᠭᠰᠡᠨ ᠡᠬᠡ ᠮᠠᠯ ᠬᠤᠳᠠᠯᠳᠤᠨ ᠠᠪᠴᠤ ᠪᠣᠯᠣᠨ᠎ᠠ᠃ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠢ ᠠᠴᠠ ᠰᠢᠯᠭᠠᠨ ᠠᠪᠬᠤ ᠭᠠᠷ ᠭᠦᠢᠴᠡᠳᠬᠡᠯ ︵ᠠᠭᠤᠯᠭ᠎ᠠ ᠳᠤ᠄ ᠭᠤᠶᠤᠴᠢᠯᠠᠯ ᠤᠨ ᠪᠢᠴᠢᠭ᠂ ᠬᠤᠳᠠᠯᠳᠤᠨ ᠠᠪᠬᠤ ᠭᠡᠷ᠎ᠡ᠂ ᠣᠷᠣᠭᠤᠯᠵᠤ ᠠᠪᠴᠢᠷᠠᠭᠰᠠᠨ ᠭᠠᠵᠠᠷ ᠤᠨ ᠬᠢᠵᠢᠭ ᠪᠠᠶᠢᠴᠠᠭᠠᠭᠰᠠᠨ ᠭᠡᠷᠡᠴᠢ᠂ ᠪᠠᠷᠢᠮᠲᠠ᠂ ᠬᠡᠷᠡᠯ ᠵᠢᠷᠤᠭ᠂ ᠡᠯᠧᠺᠲᠷᠣᠨ ᠴᠢᠬᠢᠨ ᠤ ᠲᠡᠮᠳᠡᠭ ᠵᠡᠷᠭᠡ ᠶᠢ ᠪᠠᠭᠲᠠᠭᠠᠨ᠎ᠠ︶ ᠭᠠᠷᠭᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃       2. ᠮᠠᠯᠴᠢᠨ ᠲᠠᠷᠢᠶᠠᠴᠢᠨ ᠡᠷᠦᠬᠡ ᠡᠬᠡ ᠮᠠᠯ ᠢ ᠥᠪᠡᠷ ᠢᠶᠠᠨ ᠣᠷᠣᠭᠤᠯᠤᠭᠰᠠᠨ ᠪᠠᠶᠢᠪᠠᠯ᠂ ᠬᠤᠰᠢᠭᠤᠨ ᠤ ᠭᠠᠳᠠᠨ᠎ᠠ ᠠᠴᠠ ᠦᠨᠢᠶ᠎ᠡ ᠬᠤᠳᠠᠯᠳᠤᠨ ᠠᠪᠬᠤ ᠶᠢᠨ ᠬᠠᠮᠲᠤ ᠦᠨᠢᠶ᠎ᠡ ᠬᠤᠳᠠᠯᠳᠤᠨ ᠠᠪᠬᠤ ᠭᠠᠷ ᠭᠦᠢᠴᠡᠳᠬᠡᠯ ︵ᠠᠭᠤᠯᠭ᠎ᠠ ᠳᠤ᠄ ᠭᠤᠶᠤᠴᠢᠯᠠᠯ ᠤᠨ ᠪᠢᠴᠢᠭ᠂ ᠬᠤᠳᠠᠯᠳᠤᠨ ᠠᠪᠬᠤ ᠭᠡᠷ᠎ᠡ᠂ ᠣᠷᠣᠭᠤᠯᠵᠤ ᠠᠪᠴᠢᠷᠠᠭᠰᠠᠨ ᠭᠠᠵᠠᠷ ᠤᠨ ᠬᠢᠵᠢᠭ ᠤᠨ ᠪᠠᠶᠢᠴᠠᠭᠠᠯᠲᠠ ᠶᠢᠨ ᠭᠡᠷᠡᠴᠢ᠂ ᠪᠠᠷᠢᠮᠲᠠ᠂ ᠬᠡᠷᠡᠯ ᠵᠢᠷᠤᠭ᠂ ᠡᠯᠧᠺᠲᠷᠣᠨ ᠴᠢᠬᠢᠨ ᠤ ᠲᠡᠮᠳᠡᠭ ᠵᠡᠷᠭᠡ ᠶᠢ ᠪᠠᠭᠲᠠᠭᠠᠨ᠎ᠠ︶ ᠢ ᠬᠠᠩᠭᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠭᠲᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠳᠤ 21 ᠡᠳᠦᠷ ︵ᠲᠤᠰᠠᠭᠠᠷᠯᠠᠬᠤ ᠬᠤᠭᠤᠴᠠᠭᠠᠨ ᠳᠤ ᠦᠬᠡᠷ ᠪᠦᠷᠢ ᠶᠢᠨ ᠲᠡᠵᠢᠭᠡᠯ ᠪᠣᠷᠳᠤᠭ᠎ᠠ ᠵᠢᠴᠢ ᠬᠥᠮᠥᠨ ᠤ ᠬᠦᠴᠦᠨ ᠤ ᠵᠠᠷᠤᠳᠠᠯ 300 ᠲᠥᠭᠦᠷᠢᠭ᠂ ᠸᠠᠺᠼᠢᠨ ᠤ ᠵᠠᠷᠤᠳᠠᠯ 80 ᠲᠥᠭᠦᠷᠢᠭ᠂ ᠨᠡᠶᠢᠲᠡ 380 ᠲᠥᠭᠦᠷᠢᠭ᠂ ᠮᠠᠯᠴᠢᠨ ᠲᠠᠷᠢᠶᠠᠴᠢᠨ ᠡᠷᠦᠬᠡ ᠥᠪᠡᠷᠲᠡᠭᠡᠨ ᠰᠢᠢᠳᠪᠦᠷᠢᠯᠡᠨ᠎ᠡ︶ ᠲᠤᠰᠠᠭᠠᠷᠯᠠᠬᠤ ᠶᠢᠨ ᠬᠠᠮᠲᠤ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠨ᠎ᠡ᠂ ᠡᠰᠡ ᠲᠡᠭᠡᠪᠡᠯ ᠲᠣᠰ ᠲᠥᠰᠥᠯ ᠤᠨ ᠨᠥᠬᠦᠪᠦᠷᠢ ᠶᠢ ᠭᠥᠷᠳᠡᠭᠡᠬᠦ ᠦᠭᠡᠢ᠃ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠪᠤᠶᠤ ᠬᠢᠨᠠᠨ ᠬᠠᠷᠭᠤᠭᠤᠯᠤᠭᠠᠳ ᠬᠤᠰᠢᠭᠤᠨ ᠭᠠᠳᠠᠨ᠎ᠠ ᠠᠴᠠ ᠬᠤᠳᠠᠯᠳᠤᠨ ᠠᠪᠤᠭᠰᠠᠨ ᠢᠶᠠᠷ ᠮᠠᠭᠠᠳᠯᠠᠨ ᠲᠣᠭᠲᠠᠭᠠᠵᠤ ᠳᠡᠶᠢᠯᠬᠦ ᠦᠭᠡᠢ ᠪᠠᠶᠢᠪᠠᠯ᠂ ᠲᠣᠰ ᠲᠥᠰᠥᠯ ᠤᠨ ᠨᠥᠬᠦᠪᠦᠷᠢ ᠶᠢ ᠭᠥᠷᠳᠡᠭᠡᠬᠦ ᠦᠭᠡᠢ᠃      3. ᠡᠭᠦᠯᠳᠡᠷ ᠰᠠᠶᠢᠵᠢᠷᠠᠭᠤᠯᠬᠤ ᠭᠤᠣᠯ ᠡᠷᠦᠬᠡ ᠲᠣᠭᠲᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠳᠤ ᠲᠤᠰᠠᠭᠠᠷᠯᠠᠬᠤ ︵ᠵᠠᠷᠤᠳᠠᠯ ᠢ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠪᠠᠶᠢᠭᠤᠯᠤᠮᠵᠢ ᠠᠴᠠ ᠡᠭᠦᠷᠭᠡᠯᠡᠨ᠎ᠡ︶ ᠵᠢᠴᠢ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠶᠢᠨ ᠬᠠᠮᠲᠤ ᠦᠬᠡᠷ ᠰᠣᠩᠭᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠢᠷᠢ ᠬᠡᠮ ᠲᠠᠢ ᠭᠤᠷᠪᠠᠳᠤᠭᠠᠷ ᠡᠲᠡᠭᠡᠳ ᠢ ᠤᠷᠢᠵᠤ ᠰᠣᠩᠭᠤᠨ ᠲᠣᠭᠲᠠᠭᠠᠭᠰᠠᠨ ᠦᠨᠢᠶ᠎ᠡ ᠳᠤ ᠬᠦᠪᠦᠷᠡᠯ ᠰᠢᠯᠵᠢᠭᠦᠯᠵᠤ᠂ ᠬᠦᠪᠦᠷᠡᠯ ᠨᠢ 45 ᠡᠳᠦᠷ ᠪᠤᠯᠤᠭᠠᠳ ᠬᠢᠷᠢ ᠳᠡᠩᠴᠡᠭᠰᠡᠨ  ᠤ ᠳᠠᠷᠠᠭ᠎ᠠ ᠲᠡᠵᠢᠭᠡᠨ ᠦᠷᠡᠵᠢᠭᠦᠯᠬᠦ ᠡᠷᠦᠬᠡ ᠳᠤ ᠲᠤᠰᠢᠶᠠᠨ᠎ᠠ᠃      ︵ᠭᠤᠷᠪᠠ︶ ᠲᠠᠬᠢᠨ ᠪᠠᠶᠢᠴᠠᠭᠠᠵᠤ ᠬᠢᠨᠠᠨ ᠰᠢᠯᠭᠠᠬᠤ ᠶᠠᠪᠤᠴᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ︵ᠲᠥᠪ︶ ᠶᠢ ᠵᠣᠬᠢᠶᠠᠨ ᠪᠠᠶᠢᠭᠤᠯᠵᠤ᠂ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ᠂ ᠬᠤᠳᠠᠯᠳᠤᠨ ᠠᠪᠤᠭᠴᠢ ᠶᠢ ᠲᠣᠭᠲᠠᠭᠠᠵᠤ᠂ ᠰᠢᠯᠭᠠᠨ ᠠᠪᠬᠤ ᠭᠠᠷ ᠭᠦᠢᠴᠡᠳᠬᠡᠯ ᠵᠡᠷᠭᠡ ᠮᠠᠲ᠋ᠧᠷᠢᠶᠠᠯ ᠢ ᠦᠨᠳᠦᠰᠦᠯᠡᠨ᠂ ᠲᠤᠬᠠᠢ ᠶᠢᠨ ᠲᠠᠯᠠᠪᠤᠷ ᠲᠤ ᠬᠠᠮᠲᠤᠷᠠᠨ ᠲᠠᠬᠢᠨ ᠪᠠᠶᠢᠴᠠᠭᠠᠵᠤ ᠬᠢᠨᠠᠨ  ᠰᠢᠯᠭᠠᠭᠠᠳ ᠬᠢᠷᠢ ᠲᠡᠩᠴᠡᠭᠰᠡᠨ ᠤ ᠳᠠᠷᠠᠭ᠎ᠠ᠂ ᠪᠠᠶᠢᠴᠠᠭᠠᠨ ᠰᠢᠯᠭᠠᠬᠤ ᠳᠤ ᠣᠷᠣᠯᠴᠠᠭᠰᠠᠨ ᠪᠥᠬᠦ ᠠᠵᠢᠯᠲᠠᠨ ᠢᠶᠠᠷ ᠭᠠᠷ ᠤᠨ ᠥᠰᠥᠭ ᠵᠢᠷᠤᠭᠤᠯᠵᠤ ᠨᠤᠲᠠᠯᠠᠭᠤᠯᠵᠤ᠂ ᠪᠠᠶᠢᠴᠠᠭᠠᠨ ᠰᠢᠯᠭᠠᠬᠤ ᠮᠠᠲ᠋ᠧᠷᠢᠶᠠᠯ ᠪᠣᠯᠭᠠᠬᠤ ᠶᠢᠨ ᠬᠠᠮᠲᠤ ᠪᠥᠬᠦ ᠶᠠᠪᠤᠴᠠ ᠳᠤ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ᠎ᠡ᠃ ᠪᠠᠶᠢᠴᠠᠭᠠᠨ ᠰᠢᠯᠭᠠᠯᠳᠠ ᠳᠤ ᠬᠢᠷᠢ ᠲᠡᠩᠴᠡᠭᠰᠡᠨ ᠦᠭᠡᠢ ᠪᠤᠯ᠂ ᠨᠥᠬᠦᠪᠦᠷᠢ ᠥᠭᠬᠦ ᠭᠦᠢᠴᠡᠳᠬᠡᠯ ᠲᠤᠭ᠎ᠠ ᠶᠢ ᠭᠤᠶᠤᠴᠢᠯᠠᠭᠰᠠᠨ ᠴᠠᠭ ᠤᠨ ᠳᠠᠷᠠᠭᠠᠯᠠᠯ ᠢᠶᠠᠷ ᠪᠤᠰᠤᠳ ᠲᠡᠵᠢᠭᠡᠨ ᠦᠷᠡᠵᠢᠭᠦᠯᠬᠦ ᠡᠷᠦᠬᠡ ᠳᠤ ᠤᠯᠭᠤᠨ᠎ᠠ᠃       ︵ᠳᠥᠷᠪᠡ︶ ᠢᠯᠡ ᠨᠡᠶᠢᠲᠡᠯᠡᠬᠦ ᠪᠠ ᠨᠥᠬᠦᠪᠦᠷᠢ ᠣᠯᠭᠤᠬᠤ ᠶᠠᠪᠤᠴᠠ᠃ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ︵ᠲᠥᠪ︶ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠳᠠᠬᠢᠨ ᠪᠠᠶᠢᠴᠠᠭᠠᠵᠤ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭᠠᠬᠢ ᠨᠥᠬᠦᠪᠦᠷᠢ ᠭᠥᠷᠳᠡᠬᠦ ᠡᠲᠡᠭᠡᠳ᠂ ᠦᠨᠢᠶ᠎ᠡ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠢᠴᠢ ᠨᠥᠬᠦᠪᠦᠷᠢ ᠪᠡᠯᠡ ᠮᠥᠩᠭᠦ ᠶᠢᠨ ᠲᠤᠭ᠎ᠠ ᠬᠡᠮᠵᠢᠶ᠎ᠡ ᠵᠡᠷᠭᠡ ᠦᠨᠳᠦᠰᠦᠨ ᠰᠤᠷᠠᠭ ᠵᠠᠩᠭᠢ ᠶᠢ ᠢᠯᠡ ᠨᠡᠶᠢᠲᠡᠯᠡᠬᠦ ᠪᠦᠭᠡᠳ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠤᠯᠤᠨ᠎ᠠ ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ᠨᠥᠬᠦᠪᠦᠷᠢ ᠪᠡᠯᠡ ᠮᠥᠩᠭᠦ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ︽ᠪᠦᠷᠢᠨ ᠴᠢᠳᠠᠮᠵᠢᠳᠣ ᠺᠠᠷᠲ︾ ᠢᠶᠠᠷ ᠲᠡᠵᠢᠭᠡᠨ ᠦᠷᠡᠵᠢᠭᠦᠯᠬᠦ ᠡᠷᠦᠬᠡ ᠳᠤ ᠨᠢᠭᠡᠳᠦᠯᠲᠡᠢ ᠲᠠᠷᠬᠠᠭᠠᠨ᠎ᠠ᠃      ︵ᠲᠠᠪᠤ︶ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠶᠠᠪᠤᠴᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ ︵ᠲᠥᠪ︶ ᠶᠢᠨ ᠪᠥᠬᠦ ᠶᠠᠪᠤᠴᠠ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠴᠤᠭᠯᠠᠭᠤᠯᠵᠤ᠂ ᠡᠮᠬᠢᠯᠡᠵᠦ᠂ ᠲᠠᠩᠰᠠ ᠡᠪᠬᠡᠮᠡᠯ ᠳᠤ ᠣᠷᠣᠭᠤᠯᠵᠤ᠂ ᠴᠠᠭᠠᠰᠤᠨ ᠬᠡᠪᠯᠡᠯ᠂ ᠡᠯᠧᠺᠲᠷᠣᠨ ᠬᠡᠪᠯᠡᠯ ᠬᠤᠶᠠᠷ ᠢᠵᠢ ᠪᠦᠷᠢᠨ ᠪᠦᠲᠦᠨ ᠲᠠᠩᠰᠠ ᠡᠪᠬᠡᠮᠡᠯ ᠢ ᠪᠦᠷᠢᠯᠳᠦᠭᠦᠯᠦᠨ᠎ᠡ᠃        ᠭᠤᠷᠪᠠ᠂ ᠲᠡᠳᠬᠦᠮᠵᠢ ᠶᠢᠨ ᠲᠥᠷᠥ ᠶᠢᠨ ᠪᠣᠳᠣᠯᠭ᠎ᠠ        ︵ᠨᠢᠭᠡ︶ ᠱᠠᠭᠠᠷᠳᠠᠯᠭ᠎ᠠ ᠶᠣᠰᠣᠭᠠᠷ ᠰᠢᠯᠢᠳᠡᠭ ᠡᠭᠦᠯᠳᠡᠷ ᠤᠨ ᠰᠠᠭᠤᠷᠢ ᠡᠬᠡ ᠮᠠᠯ ᠬᠤᠳᠠᠯᠳᠤᠨ ᠠᠪᠤᠭᠰᠠᠨ ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠯᠲᠡ ᠶᠢᠨ ᠡᠷᠦᠬᠡ︶ ᠳᠤ᠂ ᠦᠨᠢᠶ᠎ᠡ ᠨᠢᠭᠡᠪᠦᠷᠢ ᠳᠤ 4000 ᠲᠥᠭᠦᠷᠢᠭ ᠢᠶᠠᠷ ᠨᠥᠬᠦᠪᠦᠷᠢ ᠣᠯᠭᠤᠵᠤ᠂ ᠭᠥᠷᠳᠡᠬᠦ ᠨᠥᠬᠦᠪᠦᠷᠢ ᠶᠢᠨ ᠲᠤᠭ᠎ᠠ ᠶᠢ 5 ᠦᠨᠢᠶ᠎ᠡ ᠠᠴᠠ ᠬᠡᠳᠦᠷᠡᠬᠦᠯᠬᠦ ᠦᠭᠡᠢ᠂ 5 ᠦᠨᠢᠶ᠎ᠡ ᠬᠦᠷᠬᠦ ᠦᠭᠡᠢ ᠪᠠᠶᠢᠪᠠᠯ᠂ ᠪᠣᠳᠠᠲᠠᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠷ ᠨᠥᠬᠦᠪᠦᠷᠢ ᠣᠯᠭᠤᠨ᠎ᠠ᠃        ︵ᠬᠤᠶᠠᠷ︶ ᠱᠠᠭᠠᠷᠳᠠᠯᠭ᠎ᠠ ᠶᠣᠰᠣᠭᠠᠷ ᠰᠢᠯᠢᠳᠡᠭ ᠡᠭᠦᠯᠳᠡᠷ ᠤᠨ ᠰᠠᠭᠤᠷᠢ ᠡᠬᠡ ᠮᠠᠯ ᠬᠤᠳᠠᠯᠳᠤᠨ ᠠᠪᠤᠭᠰᠠᠨ ᠡᠩ ᠤᠨ ᠡᠷᠦᠬᠡ ᠳᠤ᠂ ᠦᠨᠢᠶ᠎ᠡ ᠨᠢᠭᠡᠪᠦᠷᠢ ᠳᠤ 3000 ᠲᠥᠭᠦᠷᠢᠭ ᠤᠨ ᠨᠥᠬᠦᠪᠦᠷᠢ ᠣᠯᠭᠤᠵᠤ᠂ ᠭᠥᠷᠳᠡᠬᠦ ᠨᠥᠬᠦᠪᠦᠷᠢ ᠶᠢᠨ ᠲᠤᠭ᠎ᠠ ᠶᠢ 5 ᠦᠨᠢᠶ᠎ᠡ ᠠᠴᠠ ᠬᠡᠳᠦᠷᠡᠬᠦᠯᠬᠦ ᠦᠭᠡᠢ᠂ 5 ᠦᠨᠢᠶ᠎ᠡ ᠬᠦᠷᠬᠦ ᠦᠭᠡᠢ ᠪᠠᠶᠢᠪᠠᠯ ᠂ ᠪᠣᠳᠠᠲᠠᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠷ ᠨᠥᠬᠦᠪᠦᠷᠢ ᠣᠯᠭᠤᠨ᠎ᠠ᠃        ︵ᠭᠤᠷᠪᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠣᠩᠭᠤᠨ ᠲᠣᠭᠲᠠᠭᠠᠭᠰᠠᠨ ᠭᠤᠣᠯ ᠡᠭᠦᠯᠳᠡᠷ ᠰᠠᠶᠢᠵᠢᠷᠠᠭᠤᠯᠬᠤ ᠡᠷᠦᠬᠡ ᠳᠤ᠂ ᠦᠨᠢᠶ᠎ᠡ ᠬᠤᠳᠠᠯᠳᠤᠨ ᠠᠪᠤᠭᠰᠠᠨ ᠤ ᠳᠠᠷᠠᠭ᠎ᠠ ᠬᠦᠪᠦᠷᠡᠯ ᠰᠢᠯᠵᠢᠭᠦᠯᠬᠦ ᠶᠢ ᠪᠡᠶᠡᠯᠡᠭᠦᠯᠦᠭᠰᠡᠨ ᠪᠥᠭᠡᠳ ᠬᠦᠪᠦᠷᠡᠯ ᠨᠢ ᠬᠢᠷᠢ ᠲᠡᠩᠴᠡᠭᠰᠡᠨ ᠪᠠᠶᠢᠪᠠᠯ ︵ᠬᠦᠪᠦᠷᠡᠯ ᠪᠦᠷᠢ ᠵᠢᠴᠢ ᠰᠢᠯᠵᠢᠭᠦᠯᠬᠦ ᠦᠢᠯᠡᠴᠢᠯᠡᠭᠡᠨ ᠤ ᠵᠠᠷᠤᠳᠠᠯ 3000 ᠲᠥᠭᠦᠷᠢᠭ᠂ ᠡᠭᠦᠯᠳᠡᠷ ᠰᠠᠶᠢᠵᠢᠷᠠᠭᠤᠯᠬᠤ ᠡᠷᠦᠬᠡ ᠥᠪᠡᠷ ᠢᠶᠠᠨ ᠬᠠᠷᠢᠭᠤᠴᠠᠨ᠎ᠠ︶ ᠦᠨᠢᠶ᠎ᠡ ᠪᠦᠷᠢ ᠳᠤ 3000 ᠲᠥᠭᠦᠷᠢᠭ ᠢᠶᠠᠷ ᠨᠥᠬᠦᠪᠦᠷᠢ ᠥᠭᠴᠦ᠂ ᠡᠷᠦᠬᠡ ᠪᠦᠷᠢ ᠨᠠᠭᠠᠲᠤ ᠵᠠᠬ᠎ᠠ ᠳᠠᠭᠠᠨ 50 ᠦᠨᠢᠶ᠎ᠡ ᠬᠤᠳᠠᠯᠳᠤᠨ ᠠᠪᠴᠤ᠂ 50 ᠦᠨᠢᠶ᠎ᠡ ᠬᠦᠷᠬᠦ ᠦᠭᠡᠢ ᠪᠣᠯ ᠨᠥᠬᠦᠪᠦᠷᠢ ᠥᠭᠬᠦ ᠦᠭᠡᠢ᠂ ᠬᠠᠮᠤᠭ ᠤᠨ ᠥᠨᠳᠥᠷ ᠨᠥᠬᠦᠪᠦᠷᠢ ᠥᠭᠬᠦ ᠲᠤᠭ᠎ᠠ ᠨᠢ 200 ᠦᠨᠢᠶ᠎ᠡ ᠪᠠᠶᠢᠵᠤ᠂ ᠬᠡᠲᠦᠷᠡᠭᠰᠡᠨ ᠬᠡᠰᠡᠭ ᠲᠤ ᠨᠥᠬᠦᠪᠦᠷᠢ ᠥᠭᠬᠦ ᠦᠭᠡᠢ᠃ ᠬᠦᠪᠦᠷᠡᠯ ᠰᠢᠯᠵᠢᠭᠦᠯᠬᠦ ᠳᠤ ︽ᠭᠤᠶᠤᠴᠢᠯᠠᠯ ᠤᠨ ᠲᠠᠰ ᠳᠠᠷᠠᠭᠠᠯᠠᠯ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠲᠤᠭ᠎ᠠ ᠬᠡᠮᠵᠢᠶ᠎ᠡ ᠳᠤᠨᠢ ᠬᠦᠷᠪᠡᠯ ᠳᠠᠷᠤᠶᠢᠬᠠᠨ ᠵᠣᠭᠰᠤᠭᠠᠬᠤ︾ ᠵᠠᠷᠴᠢᠮ ᠶᠣᠰᠣᠭᠠᠷ᠂ ᠰᠢᠯᠵᠢᠭᠦᠯᠦᠭᠰᠡᠨ ᠶᠡᠷᠦᠩᠬᠡᠢ ᠲᠤᠭ᠎ᠠ ᠬᠡᠮᠵᠢᠶ᠎ᠡ ᠶᠢ 5000 ᠦᠨᠢᠶ᠎ᠡ ᠠᠴᠠ ᠬᠡᠲᠦᠷᠡᠭᠦᠯᠵᠦ ᠪᠣᠯᠬᠤ ᠦᠭᠡᠢ᠃       ︵ᠳᠥᠷᠪᠡ︶ ᠰᠠᠭᠤᠭ᠎ᠠ ᠰᠤᠮᠤ ᠰᠢᠶᠠᠩ ᠪᠠᠯᠭᠠᠰᠤ ᠶᠢᠨ ᠲᠠᠨᠢᠯᠴᠠᠭᠤᠯᠭ᠎ᠠ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ᠂ ᠰᠠᠭᠤᠷᠢ ᠡᠬᠡ ᠮᠠᠯ ᠬᠤᠳᠠᠯᠳᠤᠨ ᠠᠪᠤᠭᠰᠠᠨ ᠲᠡᠵᠢᠭᠡᠨ ᠦᠷᠡᠵᠢᠭᠦᠯᠬᠦ ᠡᠷᠦᠬᠡ ᠶᠢᠨ ᠦᠨᠢᠶ᠎ᠡ ᠨᠢᠭᠡᠪᠦᠷᠢ 10000 ᠲᠥᠭᠦᠷᠢᠭ ᠤᠨ ᠵᠢᠭᠡᠯᠡᠯᠭᠡ ᠭᠤᠶᠤᠴᠢᠯᠠᠵᠤ ᠪᠣᠯᠣᠨ᠎ᠠ᠂ ᠬᠤᠭᠤᠴᠠᠭ᠎ᠠ ᠬᠢᠵᠠᠭᠠᠷ ᠨᠢ 1 — 3 ᠵᠢᠯ ᠪᠣᠯᠣᠨ᠎ᠠ᠃ ᠵᠢᠭᠡᠯᠡᠯᠭᠡ ᠭᠤᠶᠤᠴᠢᠯᠠᠵᠤ ᠦᠨᠢᠶ᠎ᠡ ᠬᠤᠳᠠᠯᠳᠤᠨ ᠠᠪᠬᠤ ᠲᠡᠵᠢᠭᠡᠨ ᠦᠷᠡᠵᠢᠭᠦᠯᠬᠦ ᠡᠷᠦᠬᠡ ᠡᠷᠬᠡᠪᠰᠢ ᠲᠡᠵᠢᠭᠡᠨ ᠦᠷᠡᠵᠢᠭᠦᠯᠬᠦ ᠳᠠᠭᠠᠳᠬᠠᠯ ᠬᠤᠳᠠᠯᠳᠤᠨ ᠠᠪᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠡᠵᠢᠭᠡᠨ ᠦᠷᠡᠵᠢᠭᠦᠯᠬᠦ ᠳᠠᠭᠠᠳᠬᠠᠯ ᠤᠨ ᠨᠥᠬᠦᠪᠦᠷᠢ ᠶᠢ ᠬᠦᠷᠲᠡᠵᠦ᠂ ᠲᠡᠵᠢᠭᠡᠨ ᠦᠷᠡᠵᠢᠭᠦᠯᠬᠦ ᠬᠤᠭᠤᠴᠠᠭᠠᠨ ᠳᠤ ᠳᠠᠭᠠᠳᠬᠠᠯ ᠤᠨ ᠺᠣᠮᠫᠠᠨᠢ  ᠠᠴᠠ ᠳᠠᠭᠠᠳᠬᠠᠯ ᠤᠨ ᠵᠥᠪᠯᠡᠯᠴᠡᠭᠡᠷ ᠪᠣᠯᠣᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠲᠥᠯᠥᠪᠦᠷᠢ ᠥᠭᠴᠦ᠂ ᠬᠠᠮᠤᠭ ᠤᠨ ᠶᠡᠭᠡ ᠲᠥᠯᠥᠪᠦᠷᠢ ᠥᠭᠬᠦ ᠵᠣᠭᠤᠰ ᠤᠨ ᠲᠤᠭ᠎ᠠ ᠨᠢ 10000 ᠲᠥᠭᠦᠷᠢᠭ ᠪᠣᠯᠣᠨ᠎ᠠ᠃        ︵ᠲᠠᠪᠤ︶ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠦᠬᠦᠢ ᠲᠡᠵᠢᠭᠡᠨ ᠦᠷᠡᠵᠢᠭᠦᠯᠬᠦ ᠡᠷᠦᠬᠡ ᠨᠢ ᠡᠷᠬᠡᠪᠰᠢ ᠵᠠᠯᠠᠶᠢᠳ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠪᠠᠶᠢᠬᠤ ᠬᠡᠷᠡᠭᠲᠡᠢ᠃ ᠡᠭᠦᠨ ᠤ ᠵᠡᠷᠭᠡᠴᠡᠭᠡᠪᠡᠷ᠂ ᠦᠷᠭᠦᠯᠵᠢᠯᠡᠨ ᠲᠡᠵᠢᠭᠡᠨ ᠦᠷᠡᠵᠢᠭᠦᠯᠬᠦ ᠪᠤᠶᠤ 3 ᠵᠢᠯ ᠣᠷᠣᠯᠠᠨ ᠲᠡᠵᠢᠭᠡᠬᠦ᠂ ᠨᠠᠶᠢᠳᠠᠨ ᠲᠡᠵᠢᠭᠡᠯᠭᠡᠬᠦ ᠶᠢ ᠡᠷᠬᠡᠪᠰᠢ ᠪᠠᠲᠤᠯᠠᠬᠤ ᠬᠡᠷᠡᠭᠲᠡᠢ᠂ 3 ᠵᠢᠯ ᠤᠨ ᠳᠣᠲᠣᠷ᠎ᠠ ᠰᠠᠭᠤᠷᠢ ᠡᠬᠡ ᠮᠠᠯ ᠢ ᠬᠤᠳᠠᠯᠳᠤᠵᠤ ᠪᠣᠯᠬᠤ ᠦᠭᠡᠢ᠂ ᠡᠰᠡ ᠲᠡᠭᠡᠪᠡᠯ ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠬᠦᠴᠦᠨ ᠦᠭᠡᠢ ᠪᠣᠯᠭᠠᠵᠤ᠂ ᠨᠥᠬᠦᠪᠦᠷᠢ ᠪᠡᠯᠡ ᠮᠥᠩᠭᠦ ᠶᠢ ᠨᠡᠬᠡᠮᠵᠢᠯᠡᠨ ᠲᠤᠰᠢᠶᠠᠯᠭᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ︶ ᠨᠢ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠠᠶᠢᠯ ︵ᠳᠤᠭᠤᠶᠢᠯᠠᠩ︶ ᠢᠶᠠᠷ ᠨᠢᠭᠡᠴᠢ ᠪᠣᠯᠭᠠᠨ ᠪᠣᠳᠠᠲᠠᠢ ᠬᠢᠨᠠᠨ ᠬᠠᠮᠢᠶᠠᠷᠤᠭᠴᠢ ᠶᠢ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠥᠬᠦᠪᠦᠷᠢ ᠬᠦᠷᠲᠡᠵᠦ ᠪᠦᠬᠦᠢ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠡᠬᠡ ᠮᠠᠯ ᠤᠨ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃         ︵ᠵᠢᠷᠭᠤᠭ᠎ᠠ︶ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠤᠰᠬᠠᠢ ᠵᠦᠢᠯ  ᠤᠨ ᠪᠡᠯᠡ ᠮᠥᠩᠭᠦ ᠶᠢ ᠠᠰᠢᠭᠯᠠᠨ᠂ ᠲᠤᠰ ᠲᠥᠰᠥᠯ ᠤᠨ ᠱᠠᠭᠠᠷᠳᠠᠯᠭ᠎ᠠ ᠶᠣᠰᠣᠭᠠᠷ ᠲᠡᠵᠢᠭᠡᠨ ᠦᠷᠡᠵᠢᠭᠦᠯᠬᠦ᠂ ᠪᠣᠷᠳᠤᠭ᠎ᠠ ᠲᠠᠷᠤᠰᠢᠭᠤᠯᠵᠤ ᠬᠤᠷᠢᠶᠠᠬᠤ ᠮᠠᠰᠢᠨ᠂ ᠳᠠᠷᠤᠵᠤ ᠪᠣᠭᠤᠵᠢᠯᠠᠬᠤ ᠮᠠᠰᠢᠨ᠂ ᠪᠣᠷᠳᠤᠭ᠎ᠠ ᠪᠣᠯᠪᠠᠰᠤᠷᠠᠭᠤᠯᠬᠤ ᠮᠠᠰᠢᠨ ᠵᠢᠴᠢ ᠲᠣᠮᠣ ᠬᠡᠯᠪᠡᠷᠢ ᠶᠢᠨ ᠬᠥᠳᠡᠯᠭᠡᠬᠦ ᠬᠦᠴᠦᠨ ᠤ ᠮᠠᠰᠢᠨ ᠵᠡᠷᠭᠡ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠲᠡᠵᠢᠭᠡᠨ ᠦᠷᠡᠵᠢᠭᠦᠯᠬᠦ ᠡᠷᠥᠭᠡ ᠳᠤ ᠡᠩ ᠲᠡᠷᠢᠭᠦᠨ ᠳᠤ ᠲᠠᠷᠢᠶᠠᠯᠠᠩ   ᠤᠨ ᠮᠠᠰᠢᠨ ᠬᠤᠳᠠᠯᠳᠤᠨ ᠠᠪᠬᠤ ᠨᠥᠬᠦᠪᠦᠷᠢ ᠣᠯᠭᠤᠨ᠎ᠠ᠃        ︵ᠳᠣᠯᠤᠭ᠎ᠠ︶ ᠤᠯᠤᠰ ᠤᠨ ᠮᠢᠬᠠᠨ ᠦᠬᠡᠷ ᠤᠨ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ ᠲᠥᠷᠥᠯ ᠵᠦᠢᠯ ᠢ ᠴᠢᠷᠮᠠᠶᠢᠨ ᠣᠯᠵᠤ᠂ ᠰᠠᠭᠤᠷᠢ ᠡᠬᠡ ᠮᠠᠯ ᠤᠨ ᠬᠡᠪᠴᠢᠶᠡᠲᠦ ᠲᠡᠵᠢᠭᠡᠪᠦᠷᠢ ᠶᠢᠨ ᠲᠠᠯᠠᠪᠠᠶ ᠲᠡᠰᠢ ᠭᠤᠣᠯᠳᠠᠯᠭ᠎ᠠ ᠲᠠᠢ ᠬᠡᠯᠪᠡᠶᠢᠯᠭᠡᠵᠦ᠂  ᠢᠯᠭᠠᠳᠠᠰᠣᠨ ᠪᠣᠬᠢᠷᠳᠤᠯ ᠢ ᠰᠢᠢᠳᠪᠦᠷᠢᠯᠡᠵᠦ ᠠᠰᠢᠭᠯᠠᠬᠤ᠂ ᠡᠪᠡᠰᠦ ᠪᠣᠷᠳᠤᠭ᠎ᠠ ᠶᠢᠨ ᠰᠠᠭᠤᠷᠢᠨ ᠭᠠᠵᠠᠷ᠂ ᠬᠢᠵᠢᠭ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ ᠲᠡᠵᠢᠭᠡᠨ ᠦᠷᠡᠵᠢᠭᠦᠯᠬᠦ ᠲᠠᠭᠠᠭᠤᠯᠤᠭᠴᠢ ᠠᠵᠤ ᠠᠬᠤᠶᠢᠯᠠᠯ ᠪᠠ ᠬᠤᠪᠢ ᠣᠷᠣᠭᠤᠯᠵᠤ ᠬᠤᠷᠰᠢᠬᠤ᠂ ᠨᠠᠶᠢᠳᠠᠨ ᠬᠠᠮᠢᠶᠠᠷᠤᠭᠤᠯᠵᠤ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠡᠮᠬᠢᠯᠡᠨ ᠨᠡᠶᠢᠯᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠵᠤ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠬᠤᠷᠰᠢᠶ᠎ᠠ︶᠂ ᠢᠯᠭᠠᠳᠠᠰᠣ ᠪᠠ ᠡᠰᠢ ᠰᠦᠷᠡᠯ ᠢ ᠰᠢᠢᠳᠪᠦᠷᠢᠯᠡᠵᠦ ᠠᠰᠢᠭᠯᠠᠬᠤ ᠲᠤᠰᠬᠠᠶᠢᠵᠢᠭᠰᠠᠨ ᠠᠵᠤ ᠠᠬᠤᠶᠢᠯᠠᠯ ᠵᠢᠴᠢ ᠠᠵᠤ ᠦᠢᠯᠡᠰ ᠤᠨ ᠬᠤᠯᠪᠣᠭᠳᠠᠬᠤ ᠬᠡᠮᠵᠢᠶ᠎ᠡ ᠪᠠᠷ ᠥᠨᠳᠥᠷ ᠪᠤᠰᠤᠳ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠵᠣᠬᠢᠬᠤ ᠲᠥᠷᠥᠯ ᠵᠦᠢᠯ ᠤᠨ ᠲᠡᠳᠬᠦᠮᠵᠢ ᠣᠯᠭᠤᠨ᠎ᠠ᠃        ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠᠬᠡᠷᠪᠡ ᠲᠣᠰ ᠬᠡᠷᠡᠭᠵᠢᠭᠦᠯᠬᠦ ᠲᠥᠰᠥᠯ ᠨᠢ ᠤᠯᠤᠰ᠂ ᠣᠷᠣᠨ᠂ ᠠᠶᠢᠮᠠᠭ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠠᠢ ᠬᠠᠷᠰᠢᠯᠳᠤᠪᠠᠯ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ ᠪᠣᠯᠭᠠᠬᠤ ᠶᠢᠨ ᠬᠠᠮᠲᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ ᠲᠣᠬᠢᠷᠠᠭᠤᠯᠤᠯᠲᠠ ᠬᠢᠨ᠎ᠡ ᠃ ᠵᠢᠱᠢᠶᠡᠯᠡᠪᠡᠯ ᠲᠣᠰ ᠬᠡᠷᠡᠭᠵᠢᠭᠦᠯᠬᠦ ᠲᠥᠰᠥᠯ ᠨᠢ ᠤᠯᠤᠰ᠂ ᠣᠷᠣᠨ᠂ ᠠᠶᠢᠮᠠᠭ᠂ ᠬᠤᠰᠢᠭᠤᠨ ᠤ ᠳᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠯᠤᠭ᠎ᠠ ᠳᠠᠪᠬᠤᠴᠠᠪᠠᠯ᠂ ᠳᠠᠪᠬᠤᠴᠠᠭᠤᠯᠤᠨ ᠨᠦᠬᠦᠪᠤᠷᠢ ᠬᠦᠷᠳᠡᠭᠡᠬᠦ ᠦᠭᠡᠢ᠃ ᠲᠣᠰ ᠬᠡᠷᠡᠭᠵᠢᠭᠦᠯᠬᠦ ᠲᠥᠰᠥᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠬᠤ ᠶᠢᠨ ᠬᠠᠮᠲᠤ᠂ ᠬᠤᠳᠠᠯᠳᠤᠨ ᠠᠪᠬᠤ ᠠᠴᠠ ᠰᠢᠯᠭᠠᠨ ᠠᠪᠬᠤ ᠬᠦᠷᠲᠡᠯᠡᠬᠢ ᠡᠯ᠎ᠡ ᠵᠠᠩᠭᠢᠯᠠᠭ᠎ᠠ ᠶᠢᠨ ᠪᠣᠳᠠᠲᠠᠢ ᠨᠠᠷᠢᠨ ᠳᠦᠷᠢᠮ ᠢ ᠲᠣᠭᠲᠠᠭᠠᠨ᠎ᠠ᠃          ᠳᠠᠭᠠᠯᠳᠤᠭᠤᠯᠤᠯ᠄ 1. ᠰᠠᠭᠤᠷᠢ ᠡᠬᠡ ᠮᠠᠯ ᠬᠤᠳᠠᠯᠳᠤᠨ ᠠᠪᠬᠤ ᠭᠤᠶᠤᠴᠢᠯᠠᠯ   ᠤᠨ ᠬᠦᠰᠦᠨᠦᠭᠲᠦ                           2. ᠰᠢᠮᠧᠨ᠋ᠳᠠᠷ ᠡᠬᠡ ᠮᠠᠯ ᠣᠷᠣᠭᠤᠯᠬᠤ ᠪᠠᠷᠢᠮᠵᠢᠶ᠎ᠠ                           3. ᠠᠩᠭᠧᠰ ᠡᠬᠡ ᠮᠠᠯ ᠣᠷᠣᠭᠤᠯᠬᠤ ᠪᠠᠷᠢᠮᠵᠢᠶ᠎ᠠ ※ᠨᠠᠷᠢᠨ ᠠᠭᠤᠯᠭ᠎ᠠ ᠶᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ ᠠᠴᠠ ᠠᠩᠬᠠᠷᠤᠭᠠᠷᠠᠢ︕
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号