ᠵᠠᠯᠠᠶᠢᠳ ᠬᠤᠰᠢᠭᠤᠨ ᠤ 2023 ᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠬᠤᠷᠢᠭᠠᠲᠠᠢ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/14
        ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠬᠠᠮᠠᠭᠠᠯᠠᠨ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠳᠣᠯᠠᠵᠤ᠂ ᠮᠠᠨ ᠤ ᠬᠤᠰᠢᠭᠤᠨ ᠤ ᠵᠢᠭᠠᠰᠤᠨ ᠠᠵᠤ ᠠᠬᠤᠢ ᠶᠢᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ︾ ︽ᠬᠠᠢ ᠾᠧ ᠭᠤᠣᠯ᠂ ᠯᠢᠶᠣᠤ ᠾᠧ ᠭᠤᠤᠯ᠂ ᠰᠤᠩᠭᠠᠷᠢ ᠮᠥᠷᠡᠨ᠂ ᠴᠢᠶᠠᠨ ᠲᠠᠩ ᠵᠢᠶᠠᠩ ᠮᠥᠷᠡᠨ ᠵᠡᠷᠭᠡ 4 ᠰᠠᠪᠠ ᠭᠠᠵᠠᠷ ᠤᠨ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠳᠦᠷᠢᠮ ᠢ ᠬᠡᠷᠡᠭᠵᠢᠭᠦᠯᠬᠦ ᠲᠤᠬᠠᠢ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ ᠤ ᠮᠡᠳᠡᠭᠲᠠᠯ︾ ﹇2019﹈ 1 ᠳ᠋ᠤᠭᠡᠷ ᠲᠣᠭᠠᠲᠤ︶ ︽2023 ᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠬᠤᠷᠢᠭᠠᠳᠠᠢ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠲᠡᠯ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ  ᠮᠡᠳᠡᠭᠲᠡᠯ 〔2023〕1 ᠳ᠋ᠤᠭᠡᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠣᠰᠣᠯᠡᠨ᠂ ᠡᠳᠦᠭᠡ ᠮᠠᠨ ᠤ ᠬᠤᠰᠢᠭᠤᠨ ᠤ 2023 ᠣᠨ ᠤ ᠵᠢᠭᠠᠰᠤ ᠠᠩᠨᠠᠬᠤ  ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠤ  ᠴᠠᠭ ᠬᠤᠭᠤᠴᠠᠭ᠎ᠠ ᠪᠠ ᠬᠡᠪᠴᠢᠶ᠎ᠡ ᠶᠢ ᠳᠣᠣᠷᠠᠬᠢ ᠮᠡᠲᠦ ᠮᠡᠳᠡᠭᠳᠡᠶ᠎ᠡ᠄         ᠨᠢᠭᠡ᠂ ᠵᠢᠭᠠᠰᠤ ᠠᠩᠨᠠᠬᠤ ᠶᠢ ᠴᠠᠭᠠᠵᠠᠯᠠᠬᠤ ᠴᠠᠭ ᠬᠤᠭᠤᠴᠠᠭ᠎ᠠ ᠵᠢᠴᠢ ᠵᠢᠭᠠᠰᠤ ᠠᠩᠨᠠᠬᠤ ᠬᠤᠷᠢᠭᠠᠲᠠᠢ ᠣᠷᠣᠨ ᠤ ᠵᠠᠭᠠᠭ ᠱᠤᠭᠤᠮ         ᠵᠠᠯᠠᠶᠢᠳ ᠬᠤᠰᠢᠭᠤᠨ ᠤ ᠬᠡᠪᠴᠢᠶᠠᠨ ᠳᠣᠲᠣᠷᠠᠬᠢ ᠭᠤᠣᠯ ᠮᠥᠷᠡᠨ᠂ ᠨᠠᠭᠤᠷ ᠴᠥᠭᠦᠷᠥᠮ ᠪᠠ ᠲᠣᠮᠣ ᠳᠤᠮᠳᠠ ᠬᠡᠯᠪᠡᠷᠢ ᠶᠢᠨ ᠴᠥᠭᠦᠷᠥᠮ ︵ᠴᠥᠭᠦᠷᠥᠮ ᠤᠨ ᠪᠠᠭᠲᠠᠭᠠᠮᠵᠢ ᠨᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠶᠡᠭᠡ︶ ᠵᠡᠷᠭᠡ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠨᠢ 5 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠤᠯᠤᠨ᠎ᠠ᠃ ᠪᠠᠶᠢᠭᠠᠯᠢ ᠶᠢᠨ ︵ᠬᠥᠮᠥᠨ ᠤ ᠬᠦᠴᠦ ᠪᠠᠷ ᠪᠣᠶ ᠪᠣᠯᠭᠠᠭᠰᠠᠨ ᠪᠤᠰᠤ︶ ᠤᠰᠤᠨ ᠣᠷᠣᠨ ᠤ ᠵᠢᠭᠠᠰᠤᠨ ᠤ ᠲᠥᠷᠥᠯ ᠤᠨ ᠥᠨᠳᠡᠭᠡᠯᠡᠬᠦ ᠲᠠᠯᠠᠪᠠᠶ ᠪᠠ  ᠭᠤᠤᠯ ᠤᠨ ᠭᠤᠯᠳᠤᠷᠢᠯ ᠵᠢᠴᠢ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠠᠬᠢ ᠲᠡᠮᠡᠭᠡᠴᠢ ᠴᠥᠭᠦᠷᠥᠮ᠂ ᠤᠶᠠᠭ᠎ᠠ ᠵᠢᠭᠠᠰᠤᠨ ᠲᠠᠯᠠᠪᠠᠶ᠂ ᠬᠠᠳᠠ ᠵᠢᠭᠠᠰᠤᠨ ᠲᠠᠯᠠᠪᠠᠶ ᠵᠡᠷᠭᠡ ᠵᠢᠭᠠᠰᠤᠨ ᠠᠵᠤ ᠠᠬᠤᠢ ᠶᠢᠨ ᠤᠰᠤᠨ ᠣᠷᠣᠨ ᠢ ᠵᠢᠯ ᠲᠤᠷᠰᠢ ᠵᠢᠭᠠᠰᠤ ᠠᠩᠨᠠᠬᠤ ᠬᠤᠷᠢᠭᠠᠲᠠᠢ ᠣᠷᠣᠨ ᠢᠶᠠᠷ ᠲᠤᠭᠲᠠᠭᠠᠵᠠᠢ᠃        ᠬᠤᠶᠠᠷ᠂ ᠵᠢᠭᠠᠰᠤ ᠠᠩᠨᠠᠬᠤ ᠶᠢ ᠴᠠᠭᠠᠵᠠᠯᠠᠬᠤ ᠬᠠᠮᠢᠶᠠᠷᠤᠯᠲᠠ        ( ᠨᠢᠭᠡ ) ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ᠂ ᠵᠢᠭᠠᠰᠤ ᠠᠩᠨᠠᠬᠤ ᠬᠤᠷᠢᠭᠠᠲᠠᠢ ᠣᠷᠣᠨ ᠳᠤ ᠰᠡᠯᠡᠭᠦᠴᠡᠯ ᠵᠤᠭᠠᠴᠠᠯ ᠤᠨ ᠵᠢᠭᠠᠰᠤ ᠭᠥᠬᠢᠳᠡᠬᠦ ᠠᠴᠠ ᠪᠤᠰᠤᠳ ᠪᠤᠢ ᠪᠦᠬᠦᠢ ᠠᠩᠨᠠᠵᠤ ᠱᠦᠭᠦᠬᠦ ᠠᠵᠢᠯ ᠢ ᠴᠠᠭᠠᠵᠠᠯᠠᠵᠤ᠂ ᠬᠠᠤᠯᠢ ᠪᠤᠰᠤ ᠪᠠᠷ ᠠᠩᠨᠠᠵᠤ ᠱᠦᠭᠦᠭᠰᠡᠨ ᠵᠢᠭᠠᠰᠤᠨ ᠤ ᠵᠦᠢᠯ ᠢ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠶᠢ ᠴᠠᠭᠠᠵᠠᠯᠠᠨ᠎ᠠ᠃         ︵ᠬᠤᠶᠠᠷ︶ ᠵᠢᠭᠠᠰᠤ ᠠᠩᠨᠠᠬᠤ ᠬᠤᠷᠢᠭᠠᠲᠠᠢ ᠣᠷᠣᠨ ᠪᠣᠯᠣᠨ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ᠂ ᠵᠢᠭᠠᠨ  ᠰᠤᠷᠭᠠᠯᠳᠠ ᠪᠤᠯᠤᠨ ᠰᠢᠨᠵᠢᠯᠡᠬᠦ ᠤᠬᠠᠭᠠᠨ ᠤ ᠰᠤᠳᠤᠯᠤᠯ᠂ ᠲᠡᠵᠢᠭᠡᠨ ᠦᠷᠡᠵᠢᠭᠦᠯᠬᠦ ᠵᠡᠷᠭᠡ ᠤᠨᠴᠠᠭᠠᠢ ᠬᠡᠷᠡᠭᠴᠡᠭᠡ ᠠᠴᠠ ᠪᠣᠯᠣᠭᠠᠳ ᠠᠩᠨᠠᠵᠤ ᠱᠦᠭᠦᠬᠦ ᠠᠵᠢᠯ ᠬᠢᠬᠦ ᠳᠤ ᠬᠦᠷᠪᠡᠯ᠂ ᠡᠷᠬᠡᠪᠰᠢ ᠬᠢᠩᠭᠠᠨ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠪᠠᠷ ᠬᠢᠨᠠᠭᠤᠯᠵᠤ᠂ ᠥᠪᠡᠷᠲᠡᠭᠡᠨ ᠵᠠᠰᠠᠬᠤ ᠣᠷᠣᠨ   ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃        ︵ᠭᠤᠷᠪᠠ︶ ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ︵ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ︶ ᠨᠢ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠬᠤ ᠠᠵᠢᠯ  ᠢᠶᠠᠨ ᠴᠢᠩᠭᠠᠳᠬᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠢ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂  ᠬᠠᠤᠯᠢ ᠪᠤᠰᠣ ᠪᠠᠷ ᠵᠢᠭᠠᠰᠣ ᠠᠩᠨᠠᠬᠤ ᠵᠢᠴᠢ ᠳᠤᠷ᠎ᠠ ᠪᠠᠷ ᠢᠶᠠᠨ ᠠᠩᠨᠠᠵᠤ ᠱᠦᠭᠦᠬᠦ ᠵᠡᠷᠭᠡ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠪᠠ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ   ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ ᠬᠡᠷᠪᠡ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠬᠦ ᠬᠡᠷᠡᠭᠲᠡᠢ        ᠭᠤᠷᠪᠠ᠂  ᠬᠡᠷᠡᠭᠵᠢᠭᠦᠯᠬᠦ ᠴᠠᠭ ᠬᠤᠭᠤᠴᠠᠭ᠎ᠠ        ᠲᠤᠰ ᠮᠡᠳᠡᠭᠲᠡᠯ ᠢ 2023 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃        ᠬᠢᠨᠠᠯᠲᠠ ᠲᠠᠯᠪᠢᠬᠤ ᠤᠲᠠᠰᠤ᠄ 0482 — 6768004 ᠪᠤᠯᠤᠨ᠎ᠠ᠃                    ᠵᠠᠯᠠᠶᠢᠳ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ                    ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ                                               2023 ᠣᠨ ᠤ 4 ᠰᠠᠷ᠎ᠠ ᠶᠢᠨ 6 ᠤ ᠡᠳᠣᠷ
 
ᠢᠷᠡᠯᠲᠡ᠄ ᠵᠠᠯᠠᠶᠢᠳ ᠤᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号