ᠵᠠᠯᠠᠶᠢᠳ ᠬᠤᠰᠢᠭᠤᠨ ᠤ ᠪᠠᠳᠠᠷᠠᠬᠤ ᠭᠤᠤᠯ ᠰᠤᠷᠭᠠᠭᠤᠯᠢ ᠠᠮᠤᠷ ᠲᠦᠪᠰᠢᠨ ᠤ ᠪᠠᠶᠢᠴᠠᠭᠠᠯᠲᠠ ᠬᠢᠵᠡᠢ
ᠨᠡᠶᠢᠲᠡᠯᠡᠭᠰᠡᠨ ᠴᠠᠭ᠄
2023/4/18
    ᠪᠢᠴᠢᠬᠠᠨ ᠬᠤᠭᠤᠯᠠᠨ ᠰᠢᠷᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠶᠢᠨ ᠲᠤᠰᠠᠳᠠ᠂ 4 ᠰᠠᠷ᠎ᠠ ᠶᠢᠨ 13 ᠤ ᠡᠳᠦᠷ ᠂  ᠵᠠᠯᠠᠶᠢᠳ ᠬᠤᠰᠢᠭᠤᠨ ᠤ ᠪᠠᠳᠠᠷᠠᠬᠤ ᠭᠤᠤᠯ ᠰᠤᠷᠭᠠᠭᠤᠯᠢ ᠲᠤᠬᠠᠢ ᠶᠢᠨ ᠭᠠᠵᠠᠷ ᠤᠨ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠭᠠᠵᠠᠷ ᠤᠨ ᠠᠵᠢᠯᠲᠠᠳ ᠲᠠᠢ ᠬᠠᠮᠲᠤᠷᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠪᠢᠴᠢᠬᠠᠨ ᠬᠤᠭᠤᠯᠠᠨ ᠰᠢᠷᠡᠭᠡᠨ ᠤ ᠠᠮᠤᠷ ᠲᠦᠪᠰᠢᠨ ᠤ ᠶᠡᠭᠡ ᠪᠠᠶᠢᠴᠠᠭᠠᠯᠲᠠ ᠬᠢᠪᠡ᠃    ᠪᠠᠶᠢᠴᠠᠭᠠᠯᠳᠠ ᠳᠤ᠂ ᠪᠢᠴᠢᠬᠠᠨ ᠬᠤᠭᠤᠯᠠᠨ ᠰᠢᠷᠡᠭᠡ ᠶᠢᠨ ᠳᠣᠲᠣᠭᠠᠳᠤ ᠲᠥᠬᠦᠭᠡᠷᠦᠮᠵᠢ᠂ ᠡᠷᠡᠭᠦᠯ ᠬᠠᠮᠠᠭᠠᠯᠠᠯ ᠤᠨ ᠪᠠᠶᠢᠳᠠᠯ ᠵᠢᠴᠢ ᠰᠤᠷᠤᠭᠴᠢᠳ ᠤᠨ ᠬᠠᠮᠢᠶᠠᠷᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠬᠤ  ᠶᠢᠨ ᠬᠠᠮᠳᠣ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ ᠶᠢᠨ ᠦᠨᠡᠮᠯᠡᠯ᠂ ᠡᠵᠡᠩᠨᠡᠯᠲᠡ ᠶᠢᠨ ᠦᠨᠡᠮᠯᠡᠯ᠂ ᠳᠠᠩᠰᠠᠯᠠᠭᠤᠯᠤᠭᠰᠠᠨ ᠦᠨᠡᠮᠯᠡᠯ ᠢ ᠴᠠᠭ ᠲᠤᠬᠠᠢ ᠳᠤᠨᠢ ᠪᠠᠶᠢᠴᠠᠭᠠᠨ ᠦᠵᠡᠵᠦ᠂ ᠢᠳᠡᠭᠡᠨ ᠤ ᠵᠦᠢᠯᠡᠰ ᠢ ᠬᠤᠳᠠᠯᠳᠤᠨ ᠠᠪᠬᠤ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ᠂ ᠢᠳᠡᠭᠡᠨ ᠤ ᠵᠦᠢᠯᠡᠰ ᠤᠨ ᠰᠢᠮ᠎ᠡ ᠲᠡᠵᠢᠭᠡᠯ ᠤᠨ ᠲᠠᠯ᠎ᠠ ᠪᠠᠷ ᠴᠤ ᠲᠣᠳᠣᠷᠬᠠᠢ ᠱᠠᠭᠠᠷᠳᠠᠯᠭ᠎ᠠ ᠭᠠᠷᠭᠠᠭᠰᠠᠨ ᠪᠥᠭᠡᠳ ᠬᠢᠷᠢ ᠲᠡᠩᠴᠡᠬᠦ ᠦᠭᠡᠢ ᠪᠢᠴᠢᠬᠠᠨ ᠬᠤᠭᠤᠯᠠᠨ ᠰᠢᠷᠡᠭᠡᠨ ᠳᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠪᠠ᠃     ᠲᠣᠰ ᠤᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠪᠠᠷ ᠳᠡᠮᠵᠢᠨ᠂ ᠰᠤᠷᠭᠠᠭᠤᠯᠢ ᠶᠢᠨ ᠡᠷᠬᠢᠨ ᠲᠣᠭᠤᠷᠢᠨ ᠤ ᠪᠢᠴᠢᠬᠠᠨ ᠬᠤᠭᠤᠯᠠᠨ ᠰᠢᠷᠡᠭᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠪᠥᠬᠦ ᠲᠠᠯ᠎ᠠ ᠪᠠᠷ ᠰᠢᠪᠠᠳᠠᠨ ᠵᠢᠷᠤᠮᠵᠢᠭᠤᠯᠵᠤ᠂ ᠪᠢᠴᠢᠬᠠᠨ ᠬᠤᠭᠤᠯᠠᠨ ᠰᠢᠷᠡᠭᠡ ᠶᠢᠨ ᠠᠵᠢᠯᠲᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠢ ᠳᠤᠨᠢ ᠠᠷᠢᠯᠭᠠᠵᠤ᠂ ᠬᠠᠷᠢᠭᠤᠴᠠᠯᠭᠠᠲᠠᠨ ᠤ ᠠᠮᠤᠷ ᠲᠦᠪᠰᠢᠨ ᠤ ᠤᠬᠠᠮᠰᠠᠷ ᠢ ᠴᠢᠩᠭᠠᠳᠬᠠᠨ᠂ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ ᠪᠠᠲᠤᠯᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠦᠮᠦᠵᠢᠯ ᠤᠨ ᠲᠤᠪᠴᠢᠶᠠᠨ ᠤ ᠠᠯᠪᠠᠨ ᠨᠡᠶᠢᠲᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号