1—3 ᠰᠠᠷ᠎ᠠ ᠳᠤ ᠪᠥᠬᠦ ᠬᠤᠰᠢᠭᠤᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠬᠠᠷᠢᠭᠤ ᠲᠤᠰᠬᠠᠭᠰᠠᠨ ᠪᠠᠶᠢᠳᠠᠯ
ᠨᠡᠶᠢᠲᠡᠯᠡᠭᠰᠡᠨ ᠴᠠᠭ᠄
2023/4/26
      ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 20.7 ᠳ᠋ᠦᠩᠰᠢᠭᠤᠷ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ  3.7% ᠳᠤ ᠬᠥᠷᠪᠡ᠃       ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 7.1% ᠳᠤ ᠬᠦᠷᠪᠡ᠃       500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ  ᠶᠢᠨ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ 25.1% ᠳᠤ ᠬᠦᠷᠴᠦ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠤᠨ ᠬᠤᠰᠢᠭᠤ ᠰᠢᠶᠠᠨ ᠬᠤᠲᠠ ᠶᠢᠨ ᠳᠣᠲᠣᠷ᠎ᠠ 6 ᠳ᠋ᠤᠭᠠᠷ ᠲᠤ ᠵᠢᠭᠰᠠᠭᠠᠭᠳᠠᠪᠠ᠃       ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 56607.3 ᠲᠦᠮᠡᠨ ᠲᠥᠭᠦᠷᠢᠭ ᠲᠤ ᠬᠦᠷᠴᠦ᠂ ᠨᠡᠮᠡᠭᠳᠡᠯ ᠤᠨ ᠬᠤᠷᠳᠤᠴᠠ ᠨᠢ 4.7% ᠪᠠᠶᠢᠵᠤ᠂ ᠶᠡᠷᠦᠩᠬᠡᠢ ᠬᠡᠮᠵᠢᠶ᠎ᠡ ᠨᠢ ᠪᠥᠬᠦ ᠠᠶᠢᠮᠠᠭ ᠬᠤᠰᠢᠭᠤ ᠰᠢᠶᠠᠨ ᠬᠤᠲᠠ ᠶᠢᠨ ᠳᠣᠲᠣᠷ᠎ᠠ 2 ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠨᠢ ᠪᠥᠬᠦ ᠠᠶᠢᠮᠠᠭ ᠬᠤᠰᠢᠭᠤ ᠰᠢᠶᠠᠨ ᠬᠤᠲᠠ ᠶᠢᠨ ᠳᠣᠲᠣᠷ᠎ᠠ 2 ᠳ᠋ᠤᠭᠠᠷ ᠲᠤ ᠵᠢᠭᠰᠠᠭᠠᠭᠳᠠᠵᠠᠢ᠃       ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9672 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%   ᠪᠠᠷ ᠨᠡᠮᠡᠭᠳᠡᠪᠡ᠃      ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4095 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃      ᠲᠠᠶᠢᠯᠪᠤᠷᠢ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠨᠢ ᠵᠥᠪᠬᠡᠨ ᠨᠡᠮᠡᠭᠳᠡᠯ ᠤᠨ ᠬᠤᠷᠳᠤᠴᠠ ᠶᠢᠨ ᠲᠤᠭ᠎ᠠ ᠪᠠᠷᠢᠮᠲᠠ ᠶᠢ ᠬᠠᠷᠢᠭᠤ ᠲᠤᠰᠬᠠᠵᠤ᠂ ᠶᠡᠷᠦᠩᠬᠡᠢ ᠬᠡᠮᠵᠢᠶ᠎ᠡ ᠶᠢᠨ ᠲᠤᠭ᠎ᠠ ᠪᠠᠷᠢᠮᠲᠠ ᠶᠢ ᠬᠠᠷᠢᠭᠤ ᠲᠤᠰᠬᠠᠬᠤ ᠦᠭᠡᠢ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号