ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ︽ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ᠢ ︿ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ﹀ ᠶᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/4/4
       ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ﹇2022﹈ 63 ᠳ᠋ᠤᠭᠠᠷ ᠲᠣᠭᠠᠲᠤ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠳᠦᠭᠡ ︽ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ︾ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ ᠶᠢᠨ ︽ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠦᠭᠡᠷᠡᠢ᠃     2022 ᠣᠨ ᠤ 11 ᠰᠠᠷ᠎ᠠ ᠶᠢᠨ 28 ᠤ ᠡᠳᠦᠷ     ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶     ᠬᠢᠩᠭᠠᠨ ᠠᠶᠢᠮᠠᠭ ᠤᠨ 2023 ᠣᠨ ᠤ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠭᠠᠷᠳᠠᠮ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠬᠡᠷᠡᠭᠵᠢᠭᠦᠯᠬᠦ ᠲᠥᠰᠦᠯ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ︽ᠳᠥᠷᠪᠡᠨ ᠤᠯᠠᠷᠢᠯ ᠤᠨ ᠠᠵᠢᠯᠯᠠᠭ᠎ᠠ︾ ᠶᠢᠨ ᠠᠵᠢᠯ ᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠠᠬᠢᠴᠠ ᠶᠢ ᠲᠦᠷᠭᠡᠳᠬᠡᠬᠦ ᠶᠢᠨ ᠲᠤᠰᠠᠳᠠ᠂ ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃     ᠨᠢᠭᠡ᠂ ᠡᠭᠦᠷᠭᠡ ᠬᠠᠷᠠᠯᠲᠠ 2023 ᠣᠨ ᠳᠤ ᠬᠡᠷᠡᠭᠵᠢᠭᠦᠯᠬᠦ ᠪᠠᠷ ᠲᠣᠭᠲᠠᠭᠠᠭᠰᠠᠨ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠵᠦ᠂ 2023 ᠣᠨ ᠳᠤ ᠰᠢᠨ᠎ᠡ ᠪᠠᠷ ᠠᠵᠢᠯ ᠡᠬᠢᠯᠡᠭᠦᠯᠬᠦ ᠪᠠᠷ ᠲᠥᠯᠥᠪᠯᠡᠭᠰᠡᠨ ᠴᠢᠬᠤᠯᠠ ᠶᠡᠭᠡ ᠲᠥᠷᠥᠯ ᠵᠦᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠤᠤᠯ ᠪᠣᠯᠬᠤ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠵᠦ᠂ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠬᠦ ᠶᠢ ᠦᠨᠡᠨ ᠬᠦ ᠪᠠᠲᠤᠯᠠᠨ᠎ᠠ᠃     ᠬᠤᠶᠠᠷ᠂ ᠬᠢᠨᠠᠨ ᠵᠥᠪᠰᠢᠶᠡᠷᠡᠭᠰᠡᠨ ᠴᠠᠭ     ᠨᠢᠭᠡᠳᠦᠭᠡᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2022 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ︔ ᠬᠤᠶᠠᠳᠤᠭᠠᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2023 ᠣᠨ ᠤ 1 ᠰᠠᠷ᠎ᠠ ᠶᠢᠨ 1 ᠤ ᠡᠳᠦᠷ ᠠᠴᠠ 2023 ᠣᠨ ᠤ 1 ᠰᠠᠷ᠎ᠠ ᠶᠢᠨ 15 ᠤ ᠡᠳᠦᠷ ᠪᠣᠯᠲᠠᠯ᠎ᠠ︔ ᠭᠤᠷᠪᠠᠳᠤᠭᠠᠷ ᠪᠦᠯᠦᠭ ᠤᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠨᠢ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 ᠰᠠᠷ᠎ᠠ ᠶᠢᠨ 20 ᠤ ᠡᠳᠦᠷ ᠪᠣᠯᠲᠠᠯ᠎ᠠ ᠪᠣᠯᠤᠨ᠎ᠠ᠃ ᠠᠶᠢᠮᠠᠭ ᠬᠤᠰᠢᠭᠤ ᠬᠤᠶᠠᠷ ᠱᠠᠲᠤᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠢ ᠨᠢᠭᠡᠳᠦᠯᠲᠡᠶ ᠪᠠᠶᠢᠯᠭᠠᠨ᠎ᠠ᠃     ᠭᠤᠷᠪᠠ᠂ ᠬᠠᠷᠢᠭᠤᠴᠠᠯᠭ᠎ᠠ ᠲᠠᠢ ᠭᠠᠵᠠᠷ ᠣᠷᠣᠨ ᠪᠠ ᠰᠠᠯᠠᠭ᠎ᠠ ᠮᠥᠴᠢᠷ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠵᠢᠴᠢ ᠠᠶᠢᠮᠠᠭ ᠤᠨ ᠰᠢᠭᠤᠳ ᠬᠠᠷᠢᠶ᠎ᠠ ᠲᠥᠷᠥᠯ ᠵᠦᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠃ ᠡᠯ᠎ᠡ ᠬᠠᠷᠢᠭᠤᠴᠠᠯᠭ᠎ᠠ ᠲᠠᠢ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠳ ᠡᠮᠦᠨᠡᠬᠢ ᠬᠤᠭᠤᠴᠠᠭᠠᠨ ᠤ ᠭᠠᠷᠳᠠᠮ ᠤᠨ ᠠᠬᠢᠴᠠ ᠶᠢ ᠪᠥᠬᠦ ᠶᠠᠪᠤᠴᠠ ᠪᠠᠷ ᠬᠠᠷᠢᠭᠤᠴᠠᠨ ᠠᠬᠢᠭᠤᠯᠬᠤ ᠬᠡᠷᠡᠭᠲᠡᠶ᠃     ᠳᠥᠷᠪᠡ᠂ ᠬᠢᠨᠠᠨ ᠵᠥᠪᠰᠢᠶᠡᠷᠡᠬᠦ ᠪᠠᠶᠢᠭᠤᠯᠭ᠎ᠠ     ᠠᠶᠢᠮᠠᠭ ᠤᠨ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠭᠠᠵᠠᠷ ᠬᠥᠳᠡᠯᠦᠯᠲᠡ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ︔ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ᠃     ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ     ︵ᠨᠢᠭᠡ︶ ᠡᠮᠬᠢᠯᠡᠨ ᠪᠠᠶᠢᠴᠠᠭᠠᠬᠤ ᠱᠠᠲᠤ ᠦᠶ᠎ᠡ᠃ 2022 ᠣᠨ ᠤ 12 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 1 ᠤ ᠡᠳᠦᠷ ᠠᠴᠠ 1 ᠰᠠᠷ᠎ᠠ ᠶᠢᠨ 5 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 6 ᠤ ᠡᠳᠦᠷ ᠠᠴᠠ 2023 ᠣᠨ ᠤ 2 ᠰᠠᠷ᠎ᠠ ᠶᠢᠨ 10 ᠤ ᠡᠳᠦᠷ ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠡᠮᠬᠢᠯᠡᠨ᠎ᠠ᠃ ᠡᠯ᠎ᠡ ᠬᠤᠰᠢᠭᠤ ᠰᠢᠶᠠᠨ ᠬᠤᠲᠠ ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ︽ᠡᠪᠦᠯ ᠤᠨ ᠨᠥᠭᠡᠴᠡᠯᠡᠯᠲᠡ︾ ᠶᠢᠨ ᠱᠠᠲᠤ ᠦᠶ᠎ᠡ ᠶᠢᠨ ᠲᠥᠰᠦᠪᠯᠡᠨ ᠨᠥᠭᠡᠴᠡᠯᠡᠬᠦ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠤᠨ ᠭᠦᠢᠴᠡᠳᠬᠡᠬᠦ ᠵᠦᠢᠯᠡᠰ ᠢ ᠮᠡᠳᠡᠭᠦᠯᠦᠨ ᠬᠦᠷᠭᠡᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ 2023 ᠣᠨ ᠤ ᠲᠥᠯᠥᠪᠯᠡᠭᠡ ᠶᠢ ᠬᠡᠷᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠨᠠᠷᠢᠨ ᠳᠠᠩᠰᠠ ᠶᠢ ᠬᠤᠷᠢᠶᠠᠩᠭᠤᠶᠢᠯᠠᠨ ᠪᠦᠷᠢᠯᠳᠦᠭᠦᠯᠵᠦ᠂ ᠡᠭᠦᠨ ᠤ ᠬᠠᠮᠲᠤ ᠲᠣᠰ ᠨᠠᠷᠢᠨ ᠲᠠᠩᠰᠠ ᠶᠢ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠪᠣᠯᠤᠨ ᠠᠶᠢᠮᠠᠭ ᠤᠨ ᠰᠢᠭᠤᠳ ᠬᠠᠷᠢᠶ᠎ᠠ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠵᠡᠷᠭᠡ ᠳᠤᠨᠢ ᠬᠦᠷᠭᠡᠵᠦ ᠤᠷᠢᠳᠴᠢᠯᠠᠨ ᠬᠢᠨᠠᠭᠤᠯᠤᠨ᠎ᠠ᠃ ᠬᠠᠷᠢᠭᠤᠴᠠᠯᠭ᠎ᠠ ᠶᠢᠨ ᠭᠠᠵᠠᠷ ᠣᠷᠣᠨ ᠪᠣᠯᠤᠨ ᠰᠠᠯᠠᠭ᠎ᠠ ᠮᠥᠴᠢᠷ ᠵᠢᠴᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ ᠨᠡᠪᠲᠡᠷᠡᠯᠴᠡᠵᠦ᠂ ᠨᠠᠷᠢᠨ ᠬᠠᠭᠤᠳᠠᠰᠤ ᠶᠢᠨ ᠳᠣᠲᠣᠷᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠲᠠᠰ ᠳᠠᠪᠬᠤᠷᠭ᠎ᠠ᠂ ᠬᠢᠨᠠᠨ ᠵᠥᠪᠰᠢᠶᠡᠷᠡᠬᠦ ᠵᠦᠢᠯᠡᠰ ᠵᠡᠷᠭᠡ ᠠᠭᠤᠯᠭ᠎ᠠ ᠶᠢ ᠨᠢᠭᠡᠳ ᠨᠢᠭᠡ ᠪᠠᠷ ᠲᠣᠳᠣᠷᠬᠠᠶᠢᠯᠠᠬᠤ ᠶᠢᠨ ᠬᠠᠮᠲᠤ᠂ ᠲᠣᠳᠣᠷᠬᠠᠶᠢᠯᠠᠭᠰᠠᠨ ᠤ ᠳᠠᠷᠠᠭᠠᠬᠢ ᠨᠠᠷᠢᠨ ᠬᠠᠭᠤᠳᠠᠰᠤ ᠶᠢ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠬᠠᠷᠢᠭᠤ ᠲᠤᠰᠬᠠᠵᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠮᠬᠢᠯᠡᠨ ᠨᠠᠷᠢᠯᠢᠬᠵᠢᠭᠤᠯᠵᠤ ᠪᠠᠶᠢᠭᠠᠳ ᠠᠶᠢᠮᠠᠭ ᠤᠨ ᠲᠣᠰ ᠱᠠᠲᠤᠨ ᠤ ᠬᠢᠨᠠᠨ ᠵᠥᠪᠰᠢᠶᠡᠷᠡᠬᠦ ᠵᠦᠢᠯᠡᠰ᠂ ᠬᠤᠰᠢᠭᠤ ᠰᠢᠶᠠᠨ ᠬᠤᠲᠠ ᠶᠢᠨ ᠬᠢᠨᠠᠨ ᠵᠥᠪᠰᠢᠶᠡᠷᠡᠬᠦ ᠵᠦᠢᠯᠡᠰ᠂ ᠲᠣᠨᠣᠭᠯᠠᠭᠠᠰᠤ ᠶᠢ ᠥᠪᠡᠷᠲᠡᠭᠡᠨ ᠵᠠᠰᠠᠬᠤ ᠣᠷᠣᠨ ᠪᠠ ᠤᠯᠤᠰ ᠤᠨ ᠬᠢᠨᠠᠨ ᠵᠥᠪᠰᠢᠶᠡᠷᠡᠬᠦ ᠵᠦᠢᠯᠡᠰ ᠵᠡᠷᠭᠡ ᠳᠤ ᠮᠡᠳᠡᠭᠦᠯᠬᠦ ᠨᠠᠷᠢᠨ ᠬᠠᠭᠤᠳᠠᠰᠤ ᠶᠢ ᠪᠣᠶ ᠪᠣᠯᠭᠠᠨ᠎ᠠ᠃     ︵ᠬᠤᠶᠠᠷ︶ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤ ᠦᠶ᠎ᠡ᠃ 2022 ᠣᠨ ᠤ 12 ᠰᠠᠷ᠎ᠠ ᠶᠢᠨ 6 ᠤ ᠡᠳᠦᠷ ᠠᠴᠠ 2022 ᠣᠨ ᠤ 12 ᠰᠠᠷ᠎ᠠ ᠶᠢᠨ 20 ᠤ ᠡᠳᠦᠷ ᠪᠣᠯᠲᠠᠯ᠎ᠠ᠂ 2023 ᠣᠨ ᠤ 1 ᠰᠠᠷ᠎ᠠ ᠶᠢᠨ 6 ᠤ ᠡᠳᠦᠷ ᠠᠴᠠ 15 ᠤ ᠡᠳᠦᠷ ᠪᠣᠯᠲᠠᠯ᠎ᠠ᠂ 2023 ᠣᠨ ᠤ 2 ᠰᠠᠷ᠎ᠠ ᠶᠢᠨ 11 ᠤ ᠡᠳᠦᠷ ᠠᠴᠠ 20 ᠤ ᠡᠳᠦᠷ ᠪᠣᠯᠲᠠᠯ᠎ᠠ᠂ ᠭᠤᠷᠪᠠ ᠤᠳᠠᠭ᠎ᠠ ᠬᠤᠪᠢᠶᠠᠨ ᠲᠥᠪᠯᠡᠷᠡᠭᠦᠯᠦᠨ ᠬᠢᠨᠠᠨ ᠵᠥᠪᠰᠢᠶᠡᠷᠡᠨ᠎ᠡ᠃ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭ᠎ᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠠᠴᠠ ᠨᠢᠭᠡᠨᠲᠡ ᠪᠣᠶ ᠪᠣᠯᠤᠭᠰᠠᠨ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠲᠠᠩᠰᠠ ᠶᠢ ᠬᠡᠷᠡᠭ ᠶᠠᠪᠤᠳᠠᠯ ᠤᠨ ᠡᠷᠬᠡ ᠶᠢᠨ ᠬᠡᠪᠴᠢᠶ᠎ᠡ ᠶᠢ ᠦᠨᠳᠦᠰᠦᠯᠡᠨ ᠬᠦᠷᠭᠡᠨ ᠥᠭᠭᠦᠨ᠎ᠡ᠃ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠡᠷᠬᠡ ᠬᠠᠷᠢᠭᠤᠴᠠᠯᠭ᠎ᠠ ᠶᠢᠨ ᠬᠦᠷᠢᠶ᠎ᠡ ᠬᠡᠪᠴᠢᠶ᠎ᠡ ᠶᠢᠨ ᠶᠣᠰᠣᠭᠠᠷ ᠨᠠᠷᠢᠨ ᠬᠠᠭᠤᠳᠠᠰᠤ ᠶᠢᠨ ᠳᠣᠲᠣᠷᠠᠬᠢ ᠭᠦᠢᠴᠡᠳᠭᠡᠬᠦ ᠴᠢᠬᠤᠯᠠᠲᠠᠶ ᠵᠦᠢᠯᠡᠰ ᠢ ᠵᠡᠷᠭᠡᠪᠡᠷ ᠲᠥᠪᠯᠡᠷᠡᠭᠦᠯᠦᠨ ᠬᠢᠨᠠᠨ ᠵᠥᠪᠰᠢᠶᠡᠷᠡᠵᠦ᠂ ᠴᠢᠬᠤᠯᠠ ᠨᠥᠬᠦᠴᠡᠯ ᠨᠢ ᠪᠦᠷᠢᠨ ᠭᠦᠢᠴᠡᠳ ᠴᠢᠬᠤᠯᠠ ᠶᠡᠭᠡ ᠲᠥᠷᠥᠯ ᠵᠦᠢᠯ ᠢ ᠲᠣᠭᠲᠠᠭᠠᠭᠰᠠᠨ ᠲᠥᠪᠯᠡᠷᠡᠭᠦᠯᠦᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ ᠪᠦᠬᠦᠨ ᠢ ᠬᠢᠨᠠᠨ ᠵᠥᠪᠰᠢᠶᠡᠷᠡᠵᠦ ᠭᠦᠢᠴᠡᠳᠭᠡᠨ᠎ᠡ︔ ᠴᠢᠬᠤᠯᠠ ᠨᠥᠬᠦᠴᠡᠯ ᠨᠢ ᠪᠦᠷᠢᠨ ᠪᠤᠰᠤ ᠲᠥᠷᠥᠯ ᠵᠦᠢᠯ ᠳᠤ ᠪᠣᠯ᠂ ᠬᠢᠨᠠᠨ ᠵᠥᠪᠰᠢᠶᠡᠷᠡᠬᠦ ᠵᠦᠢᠯᠡᠰ ᠲᠤ ᠬᠤᠯᠪᠣᠭᠳᠠᠬᠤ ᠠᠶᠢᠮᠠᠭ ᠤᠨ ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠪᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠰᠢᠮᠳᠠᠭᠤᠯᠤᠨ ᠬᠠᠪᠰᠤᠷᠴᠤ ᠪᠠᠶᠢᠭᠠᠳ ᠴᠢᠬᠤᠯᠠ ᠨᠥᠬᠦᠴᠡᠯ ᠢ ᠴᠠᠭ ᠲᠤᠬᠠᠶ ᠳᠤᠨᠢ ᠪᠦᠷᠢᠳᠦᠭᠦᠯᠦᠨ᠎ᠡ᠃ ᠨᠢᠭᠡᠳᠦᠭᠡᠷ ᠤᠳᠠᠭ᠎ᠠ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤ ᠦᠶ᠎ᠡ ᠳᠤ᠂ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠢᠨᠠᠨ ᠵᠥᠪᠰᠢᠶᠡᠷᠡᠬᠦ ᠵᠦᠢᠯᠡᠰ ᠤᠨ ᠨᠠᠷᠢᠨ ᠬᠠᠭᠤᠳᠠᠰᠤ ᠶᠢᠨ ᠳᠣᠲᠣᠷᠠᠬᠢ ᠭᠠᠭᠴᠠ ᠴᠢᠬᠤᠯᠠ ᠶᠡᠭᠡ ᠲᠥᠷᠥᠯ ᠵᠦᠢᠯ ᠤᠨ ︽ᠭᠦᠢᠴᠡᠳᠭᠡᠪᠡᠰᠦ ᠵᠣᠬᠢᠬᠤ ᠡᠰᠡ ᠭᠦᠢᠴᠡᠳᠭᠡᠭᠰᠡᠨ︾ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠵᠦ ᠳᠠᠭᠤᠰᠬᠠᠬᠤ ᠨᠣᠷᠮ᠎ᠠ ᠶᠢ 50% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠤᠶᠠᠳᠤᠭᠠᠷ ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤᠨ ᠳᠤ᠂ ᠭᠠᠭᠴᠠ ᠴᠢᠬᠤᠯᠠ ᠶᠡᠭᠡ ᠲᠥᠷᠥᠯ ᠵᠦᠢᠯ ᠤᠨ ︽ᠭᠦᠢᠴᠡᠳᠭᠡᠬᠦ ᠶᠣᠰᠣᠲᠠᠶ ᠪᠠᠶᠢᠲᠠᠯ᠎ᠠ ᠭᠦᠢᠴᠡᠳᠭᠡᠭᠰᠡᠨ ᠥᠬᠡᠶ︾ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠵᠦ ᠳᠠᠭᠤᠰᠬᠠᠭᠰᠠᠨ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠬᠦ ᠬᠡᠷᠡᠭᠲᠡᠶ︔ ᠬᠢᠨᠠᠨ ᠵᠥᠪᠰᠢᠶᠡᠷᠡᠬᠦ ᠵᠦᠢᠯᠡᠰ ᠢ ᠭᠦᠢᠴᠡᠳᠭᠡᠵᠦ ᠳᠠᠭᠤᠰᠬᠠᠭᠠᠳᠤᠶ ᠪᠠᠶᠢᠪᠠᠯ᠂ ᠭᠤᠷᠪᠠᠳᠤᠭᠠᠷ ᠤᠳᠠᠭᠠᠨ ᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠱᠠᠲᠤᠨ ᠳᠤ ᠡᠮᠦᠨᠡᠬᠢ ᠬᠤᠭᠤᠴᠠᠭᠠᠨ ᠤ ᠭᠤᠤᠯ ᠭᠠᠷᠳᠠᠮ ᠢ ᠪᠦᠬᠦᠨ ᠢ ᠭᠦᠢᠴᠡᠳᠭᠡᠵᠦ᠂ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠶ︔ ᠡᠷᠬᠡ ᠬᠠᠷᠢᠭᠤᠴᠠᠯᠭ᠎ᠠ ᠨᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠳᠤ ᠪᠠᠶᠢᠪᠠᠯ᠂ ᠬᠢᠨᠠᠨ ᠵᠥᠪᠰᠢᠶᠡᠷᠡᠬᠦ ᠪᠦᠯᠦᠭᠯᠡᠯ ᠤᠨ ᠵᠦᠢᠯᠡᠰ ᠲᠤ ᠬᠤᠯᠪᠣᠭᠳᠠᠬᠤ ᠠᠶᠢᠮᠠᠭ ᠤᠨ ᠰᠢᠭᠤᠳ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠨᠢ ᠬᠤᠰᠢᠭᠤ ᠰᠢᠶᠠᠨ ᠬᠤᠲᠠ ᠶᠢᠨ ᠠᠵᠢᠯ ᠲᠥᠷᠥᠯ ᠤᠨ ᠰᠢᠰᠲ᠋ᠧᠮᠵᠢᠭᠰᠡᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠢ ᠬᠠᠮᠵᠢᠨ ᠬᠠᠮᠤᠭ ᠤᠨ ᠣᠬᠤᠷ ᠬᠤᠭᠤᠴᠠᠭᠠᠨ ᠤ ᠳᠣᠲᠣᠷ᠎ᠠ ᠪᠦᠯᠦᠭᠯᠡᠯ ᠢ ᠨᠢ ᠪᠡᠶᠡᠯᠡᠭᠦᠯᠵᠦ᠂ ᠪᠦᠯᠦᠭᠯᠡᠯ ᠢ ᠨᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠢᠩᠬᠢᠮ ᠲᠣᠪᠴᠢᠶ᠎ᠠ ᠳᠤ ᠬᠠᠮᠤᠭ ᠤᠨ ᠲᠡᠷᠢᠭᠦᠨ ᠳᠤ ᠳᠡᠭᠡᠭᠰᠢ ᠮᠡᠳᠡᠭᠦᠯᠬᠦ ᠶᠢᠨ ᠬᠠᠮᠲᠤ᠂ ᠲᠤᠰᠬᠠᠶ ᠬᠥᠮᠦᠨ ᠲᠣᠮᠢᠯᠠᠨ ᠭᠦᠢᠴᠡᠳᠭᠡᠬᠦ ᠠᠬᠢᠴᠠ ᠶᠢ ᠠᠩᠬᠠᠷᠴᠤ᠂ ᠠᠵᠢᠯ ᠡᠬᠢᠯᠡᠭᠦᠯᠬᠦ ᠠᠴᠠ ᠡᠮᠦᠨ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃     ︵ᠭᠤᠷᠪᠠ︶ ︽ᠡᠷᠭᠢᠵᠦ ᠬᠠᠷᠠᠬᠤ︾ ᠱᠠᠲᠤ ᠦᠶ᠎ᠡ᠃ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠩ ᠤᠨ ᠦᠶ᠎ᠡ ᠶᠢᠨ ᠬᠢᠨᠠᠨ ᠵᠥᠪᠰᠢᠶᠡᠷᠡᠬᠦ ᠯᠦᠭᠡ ᠬᠠᠷᠢᠯᠴᠠᠨ ᠤᠶᠠᠯᠳᠤᠭᠤᠯᠵᠤ᠂ ᠠᠶᠢᠮᠠᠭ ᠤᠨ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠤᠨ ᠬᠤᠰᠢᠭᠤ ᠰᠢᠶᠠᠨ ᠬᠤᠲᠠ ᠨᠢ ᠤᠳᠠᠭ᠎ᠠ ᠪᠦᠷᠢ ᠶᠢᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠳᠠᠭᠤᠰᠤᠭᠰᠠᠨ ᠤ ᠳᠠᠷᠠᠭ᠎ᠠ᠂ ᠴᠥᠮ ︽ᠡᠷᠭᠢᠵᠦ ᠦᠵᠡᠬᠦ︾ ᠴᠢᠬᠤᠯᠠᠲᠠᠶ ᠪᠠᠶᠢᠵᠤ᠂ ᠲᠣᠭᠲᠠᠭᠠᠭᠰᠠᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢᠨ ᠳᠣᠲᠣᠷ᠎ᠠ᠂ ᠣᠨᠴᠣᠭᠤᠶ ᠪᠠᠶᠢᠳᠠᠯ ᠠᠴᠠ ᠪᠣᠯᠵᠣ ᠭᠦᠢᠴᠡᠳᠭᠡᠵᠦ ᠳᠠᠭᠤᠰᠬᠠᠬᠤ ᠶᠢᠨ ᠠᠷᠭ᠎ᠠ ᠥᠬᠡᠶ ᠵᠦᠢᠯᠡᠰ ᠢ ᠨᠢᠭᠡᠳ ᠨᠢᠭᠡ ᠪᠠᠷ ᠵᠠᠳᠠᠯᠤᠨ ᠰᠤᠳᠤᠯᠤᠨ ᠮᠠᠭᠠᠳᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠡᠷᠢᠨ ᠭᠠᠷᠭᠠᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠳᠤᠷᠠᠳᠤᠨ᠂ ᠳᠠᠷᠤᠶ ᠲᠦᠷᠭᠡᠨ ᠭᠦᠢᠴᠡᠳᠭᠡᠵᠦ ᠳᠠᠭᠤᠰᠬᠠᠬᠤ ᠬᠡᠷᠡᠭᠲᠡᠶ᠃ ᠤᠳᠠᠭ᠎ᠠ ᠪᠦᠷᠢ ᠶᠢᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠠᠬᠢ ᠴᠢᠬᠤᠯᠠ ᠶᠡᠭᠡ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠲᠣᠨᠣᠭᠯᠠᠯ ᠤᠨ ᠠᠬᠢᠴᠠ ᠶᠢᠨ ᠪᠠᠶᠢᠳᠠᠯ ᠢ ᠠᠶᠢᠮᠠᠭ ᠬᠤᠰᠢᠭᠤ ᠬᠤᠶᠠᠷ ᠱᠠᠲᠤᠨ ᠤ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠳ ᠡᠳᠦᠷ ᠤᠨ ᠮᠡᠳᠡᠭᠦᠯᠦᠯᠲᠡ ᠬᠢᠵᠦ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠡᠳᠦᠷ ᠤᠨ ᠲᠣᠬᠢᠷᠠᠭᠤᠯᠤᠯᠲᠠ᠂ ᠡᠳᠦᠷ ᠤᠨ ᠨᠡᠪᠲᠡᠷᠡᠭᠦᠯᠭᠡ ᠬᠢᠬᠦ ᠶᠢᠨ ᠬᠠᠮᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠡᠯ᠎ᠡ ᠱᠠᠲᠤ ᠦᠶ᠎ᠡ ᠶᠢᠨ ᠪᠡᠶᠡᠯᠡᠭᠦᠯᠦᠭᠰᠡᠨ ᠪᠠᠶᠢᠳᠠᠯ ᠤᠨ ᠶᠡᠷᠦᠩᠬᠡᠶ ᠮᠡᠳᠡᠭᠦᠯᠦᠯᠲᠡ ᠶᠢ ᠪᠦᠷᠢᠯᠳᠦᠭᠦᠯᠦᠨ ᠠᠶᠢᠮᠠᠭ ᠵᠠᠬᠢᠷᠭ᠎ᠠ ᠳᠤ ᠮᠡᠳᠡᠭᠦᠯᠬᠦ ᠬᠡᠷᠡᠭᠲᠡᠶ᠃     ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠢᠩᠭᠠᠨ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠠᠬᠢᠭᠤᠯᠬᠤ ᠤᠳᠤᠷᠢᠳᠬᠤ ᠳᠤᠭᠤᠶᠢᠯᠠᠩ ᠪᠠᠶᠢᠭᠤᠯᠵᠤ᠂ ᠵᠠᠬᠢᠷᠭ᠎ᠠ ᠶᠢᠨ ᠭᠤᠤᠯ ᠤᠳᠤᠷᠢᠳᠤᠯᠭ᠎ᠠ ᠨᠢ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠵᠠᠬᠢᠷᠭ᠎ᠠ ᠶᠢᠨ ᠡᠯ᠎ᠡ ᠬᠤᠪᠢᠳᠠᠨ ᠬᠠᠮᠢᠶᠠᠷᠴᠤ ᠪᠥᠬᠦᠶ ᠠᠶᠢᠮᠠᠭ ᠤᠨ ᠳᠡᠳ᠋ ᠳᠠᠷᠤᠭ᠎ᠠ ᠨᠢ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠠᠶᠢᠮᠠᠭ ᠤᠨ ᠰᠢᠭᠤᠳ ᠬᠠᠷᠢᠶ᠎ᠠ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠠ ᠬᠤᠰᠢᠭᠤ ᠰᠢᠶᠠᠨ ᠬᠤᠲᠠ ᠶᠢᠨ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠪᠠ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠳᠤ ᠪᠠᠶᠢᠷᠢᠯᠠᠭᠤᠯᠵᠤ᠂ ᠭᠤᠤᠯᠳᠠᠭᠤ ᠪᠥᠬᠦ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢ ᠳᠣᠭᠢᠷᠠᠭᠤᠯᠬᠤ᠂ ᠵᠣᠬᠢᠴᠠᠭᠤᠯᠬᠤ᠂ ᠮᠡᠳᠡᠭᠡᠯᠡᠬᠦ ᠵᠡᠷᠭᠡ ᠠᠵᠢᠯ ᠢ ᠬᠠᠷᠢᠭᠤᠴᠠᠨ᠎ᠠ᠃     ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠬᠤᠲᠠ ᠪᠣᠯᠤᠨ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ︽ᠨᠢᠭᠡᠳᠦᠭᠡᠷ ᠭᠠᠷ︾ ᠤᠨ ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭᠠᠲᠠᠨ ᠪᠣᠯᠤᠨ ᠪᠣᠳᠠᠲᠠᠶ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠵᠥᠪᠰᠢᠶᠡᠷᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠪᠦᠲᠦᠮᠵᠢᠲᠡᠶ ᠵᠣᠯᠭᠠᠭᠤᠯᠵᠤ᠂ ᠨᠢᠭᠲᠠ ᠬᠠᠮᠵᠢᠯᠴᠠᠨ᠂ ᠬᠠᠪᠰᠤᠷᠤᠨ ᠭᠦᠢᠴᠡᠳᠭᠡᠵᠦ ᠣᠷᠣᠯᠠᠨ ᠭᠦᠢᠴᠡᠳᠭᠡᠵᠦ᠂ ᠪᠣᠳᠠᠲᠤ ᠦᠷ᠎ᠡ ᠪᠦᠲᠦᠮᠵᠢ ᠤᠯᠬᠤ ᠬᠡᠷᠡᠭᠲᠡᠶ᠃     ︵ᠭᠤᠷᠪᠠ︶ ᠮᠡᠳᠡᠭᠡᠯᠡᠬᠦ ᠲᠣᠭᠲᠠᠴᠠ ᠶᠢ ᠪᠠᠶᠢᠭᠤᠯᠬᠤ ᠬᠡᠷᠡᠭᠲᠡᠶ᠃ ᠠᠶᠢᠮᠠᠭ ᠤᠨ ᠵᠠᠬᠢᠷᠭ᠎ᠠ ᠨᠢ ᠠᠶᠢᠮᠠᠭ ᠤᠨ ᠱᠠᠲᠤᠨ ᠤ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠬᠦ ᠳᠤ ᠲᠣᠭᠲᠠᠮᠠᠯ ᠬᠤᠭᠤᠴᠠᠭ᠎ᠠ ᠲᠠᠢ ᠪᠠᠷ ᠨᠠᠷᠢᠨ ᠬᠠᠭᠤᠳᠠᠰᠤ ᠶᠢᠨ ᠳᠣᠲᠣᠷᠠᠬᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠭᠡᠭᠰᠡᠨ ᠠᠬᠢᠴᠠ ᠶᠢᠨ ᠪᠠᠶᠢᠳᠠᠯ ᠢ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠬᠤᠭᠤᠴᠠᠭᠠᠨ ᠳᠤ ᠡᠳᠦᠷ ᠲᠤ ᠨᠡᠪᠲᠡᠷᠡᠭᠦᠯᠬᠦ ᠶᠢ ᠬᠡᠷᠡᠭᠵᠢᠭᠦᠯᠵᠦ᠂ ᠡᠩ ᠤᠨ ᠦᠶ᠎ᠡ ᠳᠤ ᠬᠠᠭᠠᠰ ᠰᠠᠷ᠎ᠠ ᠪᠦᠷᠢ ᠨᠡᠪᠲᠡᠷᠡᠭᠦᠯᠦᠨ᠎ᠡ᠃ ᠡᠭᠦᠨ ᠤ ᠬᠠᠮᠲᠤ ᠢᠯᠡᠷᠡᠯ ᠨᠢ ᠲᠣᠪᠤᠶᠢᠮ᠎ᠠ ᠨᠢᠭᠡᠴᠢ ᠪᠣᠯᠤᠨ ᠬᠤᠪᠢ ᠬᠥᠮᠦᠨ ᠢ ᠨᠡᠶᠢᠲᠡᠯᠡᠨ ᠰᠠᠶᠢᠰᠢᠶᠠᠨ᠎ᠠ᠃     ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢ ᠤᠷᠢᠵᠤ ᠴᠢᠬᠤᠯᠠ ᠶᠡᠭᠡ ᠵᠦᠢᠯᠡᠰ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠶᠢᠨ ᠪᠦᠬᠦ ᠶᠠᠪᠤᠴᠠ ᠳᠤ ᠬᠢᠨᠠᠯᠲᠠ ᠲᠠᠯᠪᠢᠭᠤᠯᠪᠠ᠃ ᠠᠵᠢᠯ ᠥᠯᠥ ᠬᠢᠬᠦ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠠᠴᠠ ᠪᠣᠯᠵᠣ ᠲᠥᠷᠥᠯ ᠵᠦᠢᠯ ᠤᠨ ᠬᠢᠨᠠᠨ ᠵᠥᠪᠰᠢᠶᠡᠷᠡᠬᠦ ᠠᠬᠢᠴᠠ ᠶᠢ ᠤᠳᠠᠭᠠᠰᠢᠷᠠᠭᠤᠯᠤᠨ ᠴᠠᠭ ᠠᠴᠠ ᠬᠡᠲᠦᠷᠡᠭᠦᠯᠦᠨ ᠭᠦᠢᠴᠡᠳᠭᠡᠭᠰᠡᠨ ᠥᠬᠡᠶ ᠨᠢᠭᠡᠴᠢ ᠪᠠ ᠬᠤᠪᠢ ᠬᠥᠮᠦᠨ ᠳᠤ ᠨᠡᠪᠲᠡᠷᠡᠭᠦᠯᠦᠨ ᠰᠢᠭᠦᠮᠵᠢᠯᠡᠬᠦ᠂ ᠪᠣᠯᠵᠣᠨ ᠶᠠᠷᠢᠯᠴᠠᠵᠤ ᠬᠠᠷᠢᠭᠤᠴᠠᠯᠭ᠎ᠠ ᠬᠡᠯᠡᠯᠴᠡᠬᠦ ᠵᠡᠷᠭᠡ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠠᠪᠤᠨ᠎ᠠ᠃     ᠡᠯ᠎ᠡ ᠬᠤᠰᠢᠭᠤ ᠰᠢᠶᠠᠨ ᠬᠤᠲᠠ ᠨᠤᠭᠤᠳ ᠥᠪᠡᠷ ᠲᠡᠭᠡᠨ ᠳᠣᠭᠢᠷᠠᠭᠤᠯᠤᠭᠰᠠᠨ ᠲᠣᠰ ᠱᠠᠲᠤᠨ ᠤ ᠴᠢᠬᠤᠯᠠ ᠶᠡᠭᠡ ᠲᠥᠷᠥᠯ ᠵᠦᠢᠯ ᠳᠤ ᠲᠥᠪᠯᠡᠷᠡᠭᠦᠯᠦᠨ ᠬᠢᠨᠠᠨ ᠵᠥᠪᠰᠢᠶᠡᠷᠡᠬᠦ ᠶᠢ ᠵᠡᠷᠭᠡ ᠳᠤᠨᠢ ᠶᠠᠪᠤᠭᠳᠠᠭᠤᠯᠤᠨ᠎ᠠ᠃     ᠳᠠᠭᠠᠯᠳᠤᠭᠤᠯᠤᠯ     ᠬᠢᠩᠭᠠᠨ ᠠᠶᠢᠮᠠᠭ ᠤᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠵᠢᠯᠯᠠᠭ᠎ᠠ︾ ᠠᠬᠢᠭᠤᠯᠬᠤ ᠤᠳᠤᠷᠢᠳᠬᠤ ᠳᠤᠭᠤᠶᠢᠯᠠᠩ     ᠳᠤᠭᠤᠶᠢᠯᠠᠩ ᠤᠨ ᠳᠠᠷᠤᠭ᠎ᠠ᠄ ᠰᠦᠬᠡ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ᠄ ᠵᠢᠶᠠᠩ ᠲᠢᠶᠠᠨ ᠬᠤ᠋ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ     ᠴᠢᠦᠶ ᠵᠧᠨ ᠨᠢᠶᠠᠨ ᠠᠶᠢᠮᠠᠭ ᠤᠨ ᠳᠡᠳ᠋ ᠳᠠᠷᠤᠭ᠎ᠠ     ᠯᠢᠦ ᠮᠢᠨ ᠠᠶᠢᠮᠠᠭ ᠤᠨ ᠳᠡᠳ᠋ ᠳᠠᠷᠤᠭ᠎ᠠ     ᠯᠢᠶᠠᠩ ᠶᠠᠨ ᠵᠢᠶᠦ᠋ᠨ ᠠᠶᠢᠮᠠᠭ ᠤᠨ ᠳᠡᠳ᠋ ᠳᠠᠷᠤᠭ᠎ᠠ     ᠪᠦᠷᠢᠯᠳᠦᠬᠦᠨ᠄ ᠸᠠᠩ ᠴᠦᠨ ᠶᠢᠤ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠠᠷᠤᠭ᠎ᠠ     ᠰᠦᠨ ᠪᠠᠶ ᠴᠤᠸᠠᠨ ᠠᠶᠢᠮᠠᠭ ᠤᠨ ᠵᠠᠬᠢᠷᠭ᠎ᠠ ᠶᠢᠨ ᠨᠠᠷᠢᠨ ᠪᠢᠴᠢᠭ ᠤᠨ ᠳᠡᠳ᠋ ᠳᠠᠷᠤᠭ᠎ᠠ     ᠬᠥ᠋ ᠯᠢ ᠮᠢᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ     ᠸᠧᠶ ᠳ᠋ᠡ ᠶᠦᠩ ᠠᠶᠢᠮᠠᠭ ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠳᠠᠷᠤᠭ᠎ᠠ ᠂ ᠡᠨᠧᠷᠭᠢ ᠶᠢᠨ ᠲᠣᠪᠴᠢᠶ᠎ᠠ ᠶᠢᠨ ᠳᠠᠷᠤᠭ᠎ᠠ     ᠵᠢᠶ ᠬᠤᠩ ᠮᠧᠶ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ     ᠯᠢ ᠰᠢᠤᠸᠠᠢ ᠳ᠋ᠦᠩ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ     ᠸᠠᠩ ᠹᠦ᠋ ᠱᠦᠨ ᠠᠶᠢᠮᠠᠭ ᠤᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ     ᠪᠠᠶ ᠴᠠᠩ ᠹᠧᠩ ᠠᠶᠢᠮᠠᠭ ᠤᠨ ᠵᠠᠮ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ     ᠭᠦᠸᠧ ᠯᠢᠩ ᠶᠦᠨ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ     ᠯᠢ ᠵᠧᠨ ᠯᠢᠨ ᠠᠶᠢᠮᠠᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ     ᠳ᠋ᠦᠩ ᠸᠧᠨ ᠴᠢᠩ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠳᠠᠷᠤᠭ᠎ᠠ     ᠭᠧᠩ ᠲᠢᠶᠠᠨ ᠯᠢᠶᠠᠩ ᠠᠶᠢᠮᠠᠭ ᠤᠨ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ     ᠯᠢᠦ ᠵᠢᠶᠠᠨ ᠰᠢᠩ ᠠᠶᠢᠮᠠᠭ ᠤᠨ ᠠᠷᠠᠳ ᠤᠨ ᠠᠭᠠᠷ ᠰᠡᠷᠭᠡᠶᠢᠯᠡᠯᠲᠡ ᠶᠢᠨ ᠠᠯᠪᠠᠨ ᠬᠡᠷ ᠤᠨ ᠡᠷᠬᠢᠯᠡᠭᠴᠢ     ᠶᠠᠩ ᠷᠠᠨ ᠯᠦᠩ ᠠᠶᠢᠮᠠᠭ ᠤᠨ ᠭᠠᠵᠠᠷ ᠬᠥᠳᠡᠯᠦᠯᠲᠡ ᠶᠢᠨ ᠲᠣᠪᠴᠢᠶᠠᠨ ᠤ ᠳᠠᠷᠤᠭ᠎ᠠ     ᠵᠠᠩ ᠫᠢᠩ ᠠᠨ ᠠᠶᠢᠮᠠᠭ ᠤᠨ ᠴᠠᠭ ᠠᠭᠤᠷ ᠤᠨ ᠲᠣᠪᠴᠢᠶᠠᠨ ᠤ ᠳᠠᠷᠤᠭ᠎ᠠ     ᠰᠢᠤᠢ ᠸᠧᠶ ᠴᠢ ᠠᠶᠢᠮᠠᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠡᠳ᠋ ᠳᠠᠷᠤᠭ᠎ᠠ     ᠶᠢᠨ ᠭᠤᠸᠠᠩ ᠲᠢᠶᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ     ᠯᠢᠦ ᠢᠦᠢ ᠤᠯᠠᠭᠠᠨᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ     ᠸᠠᠩ ᠰᠢᠶᠤᠤ ᠬᠤᠸᠠᠨ ᠷᠠᠰᠢᠶᠠᠨ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ     ᠴᠢ ᠯᠢᠨ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ     ᠸᠠᠩ ᠯᠢ ᠳ᠋ᠦᠩ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠬᠤᠰᠢᠭᠤᠨ ᠳᠠᠷᠤᠭ᠎ᠠ     ᠸᠠᠩ ᠶᠦᠩ ᠵᠢᠶᠠ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ     ᠸᠠᠩ ᠬᠠᠶ ᠶᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ     ᠵᠢᠶ ᠴᠢᠩ ᠯᠦ ᠠᠶᠢᠮᠠᠭ ᠤᠨ ᠠᠲᠠᠷ ᠬᠠᠭᠠᠯᠪᠤᠷᠢᠯᠠᠯᠲᠠ ᠶᠢᠨ ᠦᠢᠯᠡᠰ ᠤᠨ ᠲᠥᠪ ᠤᠨ ᠨᠠᠮ ᠤᠨ ᠬᠤᠷᠢᠶ᠎ᠠ ᠶᠢᠨ ᠱᠦᠵᠢ᠂ ᠡᠷᠬᠢᠯᠡᠭᠴᠢ     ᠭᠤᠤ ᠲᠢᠶᠠᠨ ᠢᠦᠶ ᠠᠶᠢᠮᠠᠭ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ     ᠣᠨᠴᠠ ᠤᠷᠢᠭᠰᠠᠨ ᠨᠢ᠄ ᠪᠠᠶ ᠵᠢᠶᠧ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ᠂ ᠠᠶᠢᠮᠠᠭ ᠤᠨ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ ᠤᠨ ᠡᠷᠬᠢᠯᠡᠭᠴᠢ     ᠰᠥᠩ ᠬᠤᠩ ᠰᠢᠨ ᠠᠶᠢᠮᠠᠭ ᠤᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ    
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号