ᠵᠠᠯᠠᠶᠢᠳ ᠬᠤᠰᠢᠭᠤᠨ ᠤ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠬᠦ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/15
     ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠪᠣᠳᠠᠰ ᠤᠨ ᠪᠤᠰᠤ ᠰᠣᠶᠣᠯ ᠤᠨ ᠥᠪ ᠢ ᠠᠪᠤᠷᠠᠬᠤ᠂ ᠬᠠᠮᠠᠭᠠᠯᠠᠬᠤ ᠪᠠ ᠤᠯᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ︽ᠬᠢᠲᠠᠳ ᠡᠮᠨᠡᠯᠭᠡ ᠶᠢᠨ ᠶᠠᠰᠤ ᠪᠠᠷᠢᠬᠤ ᠤᠯᠠᠮᠵᠢᠯᠠᠯᠲᠤ ᠵᠠᠰᠠᠯ︾ ᠵᠡᠷᠭᠡ 5 ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠷᠥᠯ ᠵᠦᠢᠯ ᠢ ᠵᠠᠯᠠᠶᠢᠳ ᠬᠤᠰᠢᠭᠤᠨ ᠤ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠲᠤ ᠣᠷᠣᠭᠤᠯᠬᠤ ᠪᠠᠷ ᠲᠣᠭᠲᠠᠪᠠ ᠂ ᠡᠳᠦᠭᠡ ᠨᠡᠶᠢᠲᠡᠯᠡᠶ᠎ᠡ᠃ ᠡᠯ᠎ᠡ ᠭᠠᠵᠠᠷ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠤᠨ ᠲᠤᠬᠠᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠷᠡᠰ ᠤᠨ ᠵᠢᠭᠰᠠᠭᠠᠯᠲᠠ ᠶᠢ ᠨᠠᠷᠢᠨ ᠬᠢᠨᠠᠮᠠᠭᠠᠢ ᠬᠠᠷᠢᠴᠠᠭᠤᠯᠤᠨ᠂ ᠬᠠᠮᠠᠭᠠᠯᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠨᠡᠨ ᠬᠦ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠮᠠᠨ ᠤ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠠᠵᠢᠯ ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃         ᠳᠠᠭᠠᠯᠳᠤᠭᠤᠯᠤᠯ᠄ ᠵᠠᠯᠠᠶᠢᠳ ᠬᠤᠰᠢᠭᠤᠨ ᠤ ᠨᠠᠢᠮᠠᠳᠤᠭᠠᠷ ᠪᠦᠯᠦᠭ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠤᠨ ᠨᠡᠷᠡᠰ ᠤᠨ ᠵᠢᠭᠰᠠᠭᠠᠯᠲᠠ
                       2022 ᠣᠨ ᠤ 8 ᠰᠠᠷ᠎ᠠ ᠶᠢᠨ 18 ᠤ ᠡᠳᠣᠷ
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号