ᠰᠢᠦᠢ ᠵᠢᠢ ᠯᠦᠩ
ᠨᠡᠶᠢᠲᠡᠯᠡᠭᠰᠡᠨ ᠴᠠᠭ᠄
2023/5/17
      ᠬᠤᠪᠢ ᠬᠥᠮᠥᠨ ᠤ ᠲᠣᠪᠴᠢ ᠨᠠᠮᠲᠠᠷ᠄       ᠰᠢᠦᠢ ᠵᠢᠢ ᠯᠦᠩ᠂ ᠡᠷᠡᠭᠲᠡᠢ᠂ ᠬᠢᠲᠠᠳ ᠦᠨᠳᠦᠰᠦᠲᠡᠨ᠂ 1982 ᠣᠨ ᠤ 7 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠲᠣ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠲᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠤᠢ᠃       ᠠᠵᠢᠯ ᠤᠨ ᠬᠤᠪᠢᠶᠠᠷᠢᠯᠠᠯ᠄       ᠬᠤᠰᠢᠭᠤᠨ ᠳᠠᠷᠤᠭ᠎ᠠ ᠶᠢ ᠬᠠᠪᠰᠤᠷᠤᠨ ᠨᠡᠶᠢᠭᠡᠮ ᠤᠨ ᠦᠢᠯᠡᠰ ᠤᠨ ᠬᠠᠮᠢᠶᠠᠷᠤᠯᠲᠠ ᠵᠢᠴᠢ ᠪᠤᠰᠤᠳ ᠲᠠᠯ᠎ᠠ ᠶᠢᠨ ᠠᠵᠢᠯ ᠢ ᠬᠠᠷᠢᠭᠤᠴᠠᠨ᠎ᠠ᠃ ᠴᠧᠨ ᠬᠠᠢ ᠱᠠᠨ ᠨᠥᠬᠦᠷ ᠲᠠᠢ ᠬᠠᠮᠵᠢᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠬᠠᠷᠢᠭᠤᠴᠠᠨ᠎ᠠ᠃       ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠬᠢᠨᠯᠬᠦ ᠵᠥᠪᠯᠡᠯ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃       ᠬᠤᠰᠢᠭᠤᠨ ᠤ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂  ᠠᠷᠠᠳ ᠤᠨ ᠳᠠᠭᠠᠳᠬᠠᠯ ᠡᠳ᠋ ᠤᠨ ᠳᠠᠭᠠᠳᠬᠠᠯ ᠤᠨ ᠺᠣᠮᠫᠠᠨᠢ᠂ ᠠᠮᠢ ᠨᠠᠰᠤᠨ ᠤ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号