ᠵᠠᠯᠠᠶᠢᠳ ᠬᠤᠰᠢᠭᠤᠨ ᠤ ᠬᠤᠯᠪᠤᠭ᠎ᠠ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ
ᠨᠡᠶᠢᠲᠡᠯᠡᠭᠰᠡᠨ ᠴᠠᠭ᠄
2023/5/19
      ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠤᠨ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃     ︵ᠬᠤᠶᠠᠷ︶ ᠨᠠᠮ ᠤᠨ ᠤᠯᠤᠰ ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠵᠦ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠣᠯᠣᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ ᠲᠡᠪᠰᠢᠯᠳᠠ ᠶᠢ ᠠᠬᠢᠭᠤᠯᠤᠨ᠎ᠠ᠃ ᠠᠷᠠᠳ ᠤᠨ ᠵᠡᠪᠰᠡᠭᠲᠦ ᠬᠦᠴᠦᠨ᠂ ᠨᠢᠭᠡᠳᠦᠮᠡᠯ ᠹᠷᠣᠨᠲ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠶᠢᠨ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠵᠦᠪᠯᠡᠯ ᠪᠠ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠨ᠎ᠡ᠃ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠰᠢᠢᠳᠪᠦᠷᠢᠲᠦ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠡᠭᠡᠭᠰᠢᠯᠡᠭᠦᠯᠦᠨ᠎ᠡ᠃       ︵ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠤ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠰᠤᠮᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠲᠣᠭᠲᠠᠭᠠᠵᠤ᠂ ᠦᠨᠡᠨ ᠬᠦ ᠬᠡᠷᠡᠭᠵᠢᠭᠦᠯᠵᠤ ᠪᠤᠯᠬᠤᠶᠢᠴᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃      ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠶᠠᠳᠠᠭᠤ   ᠠᠴᠠ ᠠᠩᠭᠢᠵᠢᠷᠠᠭᠤᠯᠬᠤ  ᠪᠤᠭᠤᠮᠳᠠ  ᠰᠢᠪᠳᠣᠯᠣᠭᠰᠠᠨ ᠦᠷ᠎ᠡ ᠪᠦᠳᠣᠭᠡᠯ ᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠠᠷᠠᠳ ᠣᠯᠠᠨ ᠤ ᠠᠮᠢᠳᠣᠷᠠᠯ  ᠤᠨ  ᠬᠢᠷᠢ ᠲᠦᠪᠰᠢᠨ ᠢ ᠰᠠᠶᠢᠵᠢᠷᠠᠭᠤᠯᠤᠨ᠎ᠠ᠃      ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂  ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ ᠢ ᠰᠠᠶᠢᠲᠤᠷ ᠬᠢᠵᠦ᠂ ᠮᠠᠯᠴᠢᠳ ᠲᠠᠷᠢᠶᠠᠴᠢᠨ ᠤ ᠨᠠᠰᠤᠵᠢᠯ ᠤᠨ ᠳᠠᠭᠠᠳᠬᠠᠯ ᠪᠣᠯᠣᠨ ᠬᠤᠷᠰᠢᠭᠰᠠᠨ ᠡᠮᠨᠡᠯᠭᠡ ᠵᠡᠷᠭᠡ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠲᠤᠤᠷ᠎ᠠ ᠪᠠᠲᠤᠯᠠᠭᠠᠳᠣ᠂ ᠭᠠᠮᠰᠢᠭ ᠠᠴᠠ ᠠᠪᠤᠷᠠᠬᠤ᠂ ᠨᠡᠶᠢᠭᠡᠮ ᠤᠨ ᠠᠪᠤᠷᠠᠨ ᠲᠤᠰᠠᠯᠠᠬᠤ᠂ ᠬᠠᠷᠠᠭᠠᠯᠵᠠᠬᠤ᠂ ᠵᠡᠮᠳᠡᠭᠴᠦᠳ ᠵᠡᠷᠭᠡ ᠣᠷᠣᠯᠭ᠎ᠠ ᠪᠠᠭᠠᠲᠠᠢ ᠬᠦᠮᠦᠰ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃     ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠣᠨ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃      ︵ᠳᠣᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂  ᠰᠠᠭᠤᠭᠠᠯᠢ ᠠᠷᠠᠳ ᠤᠨ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠤᠲᠠ ᠶᠢ ᠡᠭᠦᠳᠦᠨ ᠪᠠᠶᠢᠭᠤᠯᠬᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠲᠦᠭᠦᠭᠡᠷᠤᠮᠵᠢ ᠶᠢᠨ ᠲᠥᠯᠦᠪᠵᠢᠭᠦᠯᠭᠡ᠂ ᠵᠠᠮ ᠬᠠᠷᠢᠯᠴᠠᠭᠠᠨ ᠤ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃     ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠨ᠎ᠠ᠃     ︵ᠶᠢᠰᠦ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠪᠠᠶᠢᠭᠠᠳ ᠭᠦᠢᠴᠡᠳᠬᠡᠪᠡᠰᠦ ᠵᠣᠬᠢᠬᠤ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃     ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号