| ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠱᠤᠭᠤᠮ᠂ ᠴᠢᠭᠯᠡᠯᠲᠡ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠤᠨ ᠬᠡᠷᠡᠭᠵᠢᠭᠦᠯᠵᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠤᠨ ᠵᠠᠰᠠᠬᠤ ᠰᠢᠰᠲ᠋ᠧᠮ | ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠶᠠᠷ︶ ᠨᠠᠮ ᠤᠨ ᠤᠯᠤᠰ ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠤᠬᠠᠭᠤᠯᠭ᠎ᠠ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ | ᠬᠢᠵᠦ᠂ ᠨᠡᠶᠢᠭᠡᠮ ᠵᠢᠷᠤᠮ ᠤᠨ ᠤᠶᠦᠠ ᠤ ᠪᠣᠯᠪᠠᠰᠤᠨ ᠤ ᠪᠠᠶᠢᠭᠤᠯᠤᠯᠲᠠ ᠪᠣᠯᠣᠨ ᠦᠵᠡᠯ ᠰᠠᠨᠠᠭ᠎ᠠ ᠶᠣᠰᠣ ᠮᠣᠷᠠᠯ ᠤᠨ | ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠪᠣᠯᠪᠠᠰᠤᠨ | ᠲᠡᠪᠰᠢᠯᠳᠠ ᠶᠢ ᠠᠬᠢᠭᠤᠯᠤᠨ᠎ᠠ᠃ ᠠᠷᠠᠳ ᠤᠨ ᠵᠡᠪᠰᠡᠭᠲᠦ ᠬᠦᠴᠦᠨ᠂ ᠨᠢᠭᠡᠳᠦᠮᠡᠯ ᠹᠷᠣᠨᠲ᠂ ᠦᠨᠳᠦᠰᠦᠲᠡᠨ ᠤ | ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠶᠢᠨ ᠠᠵᠢᠯ ᠢ ᠰᠠᠶᠢᠲᠤᠷ ᠬᠢᠨ᠎ᠡ᠃ ᠦᠨᠳᠦᠰᠦᠨ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠬᠤᠶᠢᠴᠢ ᠦᠶ᠎ᠡ | ᠶᠢᠨ ᠬᠢᠨ ᠢ ᠬᠠᠯᠠᠮᠵᠢᠯᠠᠬᠤ ᠵᠦᠪᠯᠡᠯ ᠪᠠ ᠠᠬᠠᠮᠠᠳ ᠺᠠᠳ᠋ᠷᠴᠤᠳ ᠤᠨ ᠠᠵᠢᠯ ᠢ ᠰᠠᠶᠢᠲᠤᠷ ᠬᠢᠨ᠎ᠡ᠃ ︽ᠭᠤᠷᠪᠠᠨ | ᠶᠠᠪᠤᠳᠠᠯ︾ ᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠰᠢᠢᠳᠪᠦᠷᠢᠲᠦ ᠪᠣᠳᠣᠯᠭ᠎ᠠ ᠶᠢᠨ ᠢᠯᠡ ᠲᠣᠳᠣ ᠶᠢᠨ | ᠬᠡᠮᠵᠢᠶ᠎ᠡ ᠶᠢ ᠨᠡᠮᠡᠭᠳᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠲᠡᠭᠡᠭᠰᠢᠯᠡᠭᠦᠯᠦᠨ᠎ᠡ᠃ | ︵ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠥᠬᠦ ᠬᠤᠰᠢᠭᠤᠨ ᠤ | ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠦᠨᠳᠦᠰᠦᠯᠡᠨ᠂ ᠰᠤᠮᠤᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ | ᠲᠣᠭᠲᠠᠭᠠᠵᠤ᠂ ᠦᠨᠡᠨ ᠬᠦ ᠬᠡᠷᠡᠭᠵᠢᠭᠦᠯᠵᠤ ᠪᠤᠯᠬᠤᠶᠢᠴᠠ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠤ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠨ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠎ᠠ᠃ | ︵ᠳᠥᠷᠪᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠯᠠᠩ | ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ︔ | ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠵᠤ᠂ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠣᠯᠣᠭᠰᠠᠨ ᠦᠷ᠎ᠡ ᠪᠦᠳᠣᠭᠡᠯ ᠢ ᠪᠠᠬᠢᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠠᠷᠠᠳ ᠣᠯᠠᠨ ᠤ ᠠᠮᠢᠳᠣᠷᠠᠯ ᠤᠨ ᠬᠢᠷᠢ | ᠲᠦᠪᠰᠢᠨ ᠢ ᠰᠠᠶᠢᠵᠢᠷᠠᠭᠤᠯᠤᠨ᠎ᠠ᠃ | ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ | ᠮᠡᠷᠭᠡᠵᠢᠯ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ ᠢ | ᠰᠠᠶᠢᠲᠤᠷ ᠬᠢᠵᠦ᠂ ᠮᠠᠯᠴᠢᠳ ᠲᠠᠷᠢᠶᠠᠴᠢᠨ ᠤ ᠨᠠᠰᠤᠵᠢᠯ ᠤᠨ ᠳᠠᠭᠠᠳᠬᠠᠯ ᠪᠣᠯᠣᠨ ᠬᠤᠷᠰᠢᠭᠰᠠᠨ ᠡᠮᠨᠡᠯᠭᠡ ᠵᠡᠷᠭᠡ | ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠲᠤᠤᠷ᠎ᠠ ᠪᠠᠲᠤᠯᠠᠭᠠᠳᠣ᠂ ᠭᠠᠮᠰᠢᠭ ᠠᠴᠠ | ᠠᠪᠤᠷᠠᠬᠤ᠂ ᠨᠡᠶᠢᠭᠡᠮ ᠤᠨ ᠠᠪᠤᠷᠠᠨ ᠲᠤᠰᠠᠯᠠᠬᠤ᠂ ᠬᠠᠷᠠᠭᠠᠯᠵᠠᠬᠤ᠂ ᠵᠡᠮᠳᠡᠭᠴᠦᠳ ᠵᠡᠷᠭᠡ ᠣᠷᠣᠯᠭ᠎ᠠ ᠪᠠᠭᠠᠲᠠᠢ | ᠬᠦᠮᠦᠰ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ | ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠣᠨ ᠤᠬᠠᠭᠤᠯᠭ᠎ᠠ ᠪᠠ ᠬᠠᠤᠯᠢ | ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ | ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ | ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃ | ︵ᠳᠣᠯᠤᠭ᠎ᠠ︶ ᠬᠠᠷᠢᠶ᠎ᠠ ᠣᠷᠣᠨ ᠤ ᠬᠠᠮᠢᠶᠠᠷᠤᠯᠲᠠ ᠶᠢᠨ ᠠᠵᠢᠯ ᠢ ᠶᠡᠬᠡᠪᠡᠷ ᠴᠢᠩᠭᠠᠳᠬᠠᠵᠤ᠂ ᠬᠠᠷᠢᠶ᠎ᠠ | ᠣᠷᠣᠨ ᠤ ᠳᠣᠲᠣᠷᠠᠬᠢ ᠬᠤᠲᠠ ᠶᠢᠨ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠠᠭᠤᠭᠠᠯᠢ | ᠠᠷᠠᠳ ᠤᠨ ᠲᠣᠭᠤᠷᠢᠭ ᠤᠨ ᠠᠳᠠᠯ ᠠᠬᠤᠢ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠦᠶᠡᠷ ᠢ ᠰᠡᠷᠭᠡᠶᠢᠯᠡᠨ | ᠭᠠᠩ ᠲᠠᠢ ᠲᠡᠮᠡᠴᠡᠬᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠢ ᠰᠡᠷᠭᠡᠶᠢᠯᠡᠬᠦ᠂ ᠬᠤᠲᠠ ᠶᠢ | ᠡᠭᠦᠳᠦᠨ ᠪᠠᠶᠢᠭᠤᠯᠬᠤ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ᠂ ᠣᠯᠠᠨ | ᠨᠡᠶᠢᠲᠡ ᠶᠢᠨ ᠦᠢᠯᠡᠴᠢᠯᠡᠭᠡᠨ ᠤ ᠲᠦᠭᠦᠭᠡᠷᠤᠮᠵᠢ ᠶᠢᠨ ᠲᠥᠯᠦᠪᠵᠢᠭᠦᠯᠭᠡ᠂ ᠵᠠᠮ ᠬᠠᠷᠢᠯᠴᠠᠭᠠᠨ ᠤ ᠬᠠᠮᠢᠶᠠᠷᠤᠯᠲᠠ | ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ ᠵᠠᠬ᠎ᠠ ᠳᠡᠯᠭᠡᠭᠦᠷ ᠲᠤ ᠬᠢᠨᠠᠯᠲᠠ ᠲᠠᠯᠪᠢᠬᠤ᠂ | ᠣᠷᠴᠢᠨ ᠲᠣᠭᠤᠷᠢᠨ ᠢ ᠬᠠᠮᠠᠭᠠᠯᠠᠬᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠴᠡᠭᠴᠡᠯᠡᠨ ᠵᠠᠰᠠᠬᠤ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠵᠡᠷᠭᠡ ᠠᠵᠢᠯ ᠢ | ᠰᠠᠶᠢᠲᠤᠷ ᠠᠳᠬᠤᠨ᠎ᠠ᠃ | ︵ᠶᠢᠰᠦ︶ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ ᠵᠥᠪᠯᠡᠯ ᠤᠨ ᠵᠣᠬᠢᠶᠠᠨ | ᠪᠠᠶᠢᠭᠤᠯᠤᠯᠲᠠ ᠶᠢᠨ ᠴᠤᠭᠴᠠᠯᠠᠯᠳᠠ ᠪᠠ ᠳᠦᠷᠢᠮ ᠤᠨ ᠪᠠᠶᠢᠭᠤᠯᠤᠯᠲᠠ ᠶᠢ ᠵᠢᠯᠤᠭᠤᠳᠴᠤ᠂ ᠣᠯᠠᠨ ᠲᠦᠮᠡᠨ ᠢ | ᠳᠠᠶᠢᠴᠢᠯᠠᠨ ᠣᠯᠠᠨ ᠲᠦᠮᠡᠨ ᠳᠤ ᠦᠢᠯᠡᠴᠢᠯᠡᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠤᠶᠠᠷ | ᠵᠥᠪᠯᠡᠯ ᠤᠨ ᠬᠠᠤᠯᠢ ᠴᠠᠭᠠᠵᠠ ᠶᠢ ᠤᠬᠠᠭᠤᠯᠬᠤ᠂ ᠰᠠᠭᠤᠭᠠᠯᠢ ᠠᠷᠠᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ᠂ ᠰᠠᠭᠤᠭᠠᠯᠢ ᠠᠷᠠᠳ ᠢ ᠰᠤᠷᠭᠠᠨ ᠬᠥᠮᠥᠵᠢᠭᠦᠯᠵᠦ ᠪᠠᠶᠢᠭᠠᠳ ᠭᠦᠢᠴᠡᠳᠬᠡᠪᠡᠰᠦ ᠵᠣᠬᠢᠬᠤ ᠡᠭᠦᠷᠭᠡ ᠪᠠᠨ | ᠬᠠᠤᠯᠢ ᠶᠣᠰᠣᠭᠠᠷ ᠭᠦᠢᠴᠡᠳᠬᠡᠬᠦ ᠵᠡᠷᠭᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ |