ᠵᠠᠯᠠᠶᠢᠳ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠤᠪᠴᠢᠶ᠎ᠠ
ᠨᠡᠶᠢᠲᠡᠯᠡᠭᠰᠡᠨ ᠴᠠᠭ᠄
2023/5/19
     ᠨᠢᠭᠡ᠂ ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠳᠡᠭᠡᠳᠦ ᠱᠠᠲᠤᠨ ᠤ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠵᠠᠬᠢᠳᠠᠯ ᠰᠣᠷᠪᠤᠯᠵᠢᠯᠠᠯ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠵᠠᠬᠢᠳᠠᠯ ᠰᠣᠷᠪᠤᠯᠵᠢᠯᠠᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      ︵ᠬᠤᠶᠠᠷ︶ ᠪᠥᠬᠦ ᠬᠤᠰᠢᠭᠤᠨ ᠤ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠵᠠᠬᠢᠳᠠᠯ ᠰᠣᠷᠪᠤᠯᠵᠢᠯᠠᠯ ᠤᠨ ᠠᠵᠢᠯ ᠢ ᠵᠣᠬᠢᠴᠠᠭᠤᠯᠤᠨ ᠵᠢᠯᠤᠭᠤᠳᠬᠤ ᠶᠢ ᠬᠠᠷᠢᠭᠤᠴᠠᠨ᠎ᠠ᠃      ︵ᠭᠤᠷᠪᠠ︶ ᠳᠡᠭᠡᠷ᠎ᠡ ᠱᠠᠲᠤᠨ ᠤ ᠴᠣᠬᠤᠯᠠᠪᠤᠷᠢᠯᠠᠭᠰᠠᠨ ᠴᠢᠬᠤᠯᠠ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠬᠦ᠂  ᠱᠠᠯᠠᠪᠳᠠᠭᠤᠯᠤᠨ ᠰᠢᠢᠳᠪᠦᠷᠢᠯᠡᠭᠦᠯᠬᠦ᠂ ᠬᠢᠨᠠᠨ ᠬᠠᠷᠭᠤᠭᠤᠯᠬᠤ᠂ ᠳᠡᠭᠡᠭᠰᠢ ᠮᠡᠳᠡᠭᠦᠯᠬᠦ ᠠᠵᠢᠯ ᠢ ᠡᠭᠦᠷᠭᠡᠯᠡᠨ᠎ᠡ᠃ ᠠᠷᠠᠳ ᠢᠷᠭᠡᠨ᠂ ᠬᠠᠤᠯᠢ ᠶᠢᠨ ᠡᠷᠭᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠣᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠭᠦᠢᠴᠡᠳᠭᠡᠬᠦ ᠠᠵᠢᠯ ᠢ ᠬᠠᠷᠢᠭᠤᠴᠠᠨ᠎ᠠ᠃ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠴᠤᠭᠯᠠᠭᠤᠯᠤᠨ᠎ᠠ᠃      ︵ᠳᠥᠷᠪᠡ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠤ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠯᠵᠢᠭᠦᠯᠦᠨ ᠰᠢᠢᠳᠪᠦᠷᠢᠯᠡᠭᠦᠯᠬᠦ᠂ ᠲᠤᠰᠢᠶᠠᠨ ᠰᠢᠢᠳᠪᠦᠷᠢᠯᠡᠭᠦᠯᠬᠦ  ᠶᠢ ᠬᠠᠷᠢᠭᠤᠴᠠᠵᠤ᠂ ᠵᠠᠬᠢᠳᠠᠯ ᠰᠣᠷᠪᠤᠯᠵᠢᠯᠠᠯ ᠤᠨ ᠵᠦᠢᠯᠡᠰ ᠢ ᠰᠢᠢᠳᠪᠦᠷᠢᠯᠡᠭᠰᠡᠨ ᠪᠠ ᠵᠠᠬᠢᠳᠠᠯ ᠰᠣᠷᠪᠤᠯᠵᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ ᠵᠠᠬᠢᠳᠠᠯ ᠰᠣᠷᠪᠤᠯᠵᠢᠯᠠᠯ ᠤᠨ  ᠵᠦᠢᠯᠡᠰ ᠢ ᠵᠣᠬᠢᠴᠠᠭᠤᠯᠤᠨ ᠱᠠᠯᠠᠪᠳᠠᠭᠤᠯᠵᠤ ᠰᠢᠢᠳᠪᠦᠷᠢᠯᠡᠬᠦ ᠶᠢ ᠬᠠᠷᠢᠭᠤᠴᠠᠨ᠎ᠠ᠃      ︵ᠲᠠᠪᠤ︶ ᠵᠠᠬᠢᠳᠠᠯ ᠰᠣᠷᠪᠤᠯᠵᠢᠯᠠᠯ ᠤᠨ ᠠᠰᠠᠭᠤᠳᠠᠯ ᠢ ᠵᠢᠭᠰᠠᠭᠠᠨ ᠪᠠᠶᠢᠴᠠᠭᠠᠨ ᠠᠷᠢᠯᠭᠠᠬᠤ ᠳᠦᠷᠢᠮ ᠢ ᠲᠣᠭᠲᠠᠭᠠᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠬᠦ  ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠯ ᠤᠨ ᠪᠠᠶᠢᠳᠠᠯ ᠢ ᠵᠠᠳᠠᠯᠤᠨ ᠰᠢᠨᠵᠢᠯᠡᠵᠦ᠂ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠨ᠂ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠳᠤᠷᠠᠳᠤᠨ᠎ᠠ᠃      ︵ᠵᠢᠷᠭᠤᠭ᠎ᠠ︶ ᠵᠠᠬᠢᠳᠠᠯ ᠰᠣᠷᠪᠤᠯᠵᠢᠯᠠᠯ ᠤᠨ ᠥᠭᠡᠷᠡᠴᠢᠯᠡᠯᠲᠡ ᠶᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠯ  ᠤᠨ ᠬᠠᠤᠯᠢᠵᠢᠯ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠯ  ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠣᠭᠤᠳᠤᠨ᠎ᠠ᠃      ︵ᠳᠣᠯᠤᠭ᠎ᠠ︶ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠰᠠᠯᠠᠭ᠎ᠠ ᠮᠥᠴᠢᠷ ᠤᠨ ᠡᠩᠨᠡᠭᠡ ᠶᠢᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠪᠣᠯᠪᠠᠰᠤᠷᠠᠯ ᠤᠨ ᠠᠵᠢᠯ ᠢ ᠬᠠᠷᠢᠭᠤᠴᠠᠨ ᠵᠢᠯᠣᠭᠤᠳᠤᠨ᠎ᠠ᠃     ︵ᠨᠠᠢᠮᠠ︶ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠲᠣᠭᠲᠠᠭᠠᠭᠰᠠᠨ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ  ᠱᠠᠯᠠᠪᠳᠠᠭᠤᠯᠤᠨ ᠪᠠᠶᠢᠴᠠᠭᠠᠨ᠎ᠠ᠃     ︵ᠶᠢᠰᠦ︶ ᠵᠠᠬᠢᠳᠠᠯ ᠰᠣᠷᠪᠤᠯᠵᠢᠯᠠᠯ ᠤᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ  ᠭᠠᠳᠠᠨᠠᠬᠢ ᠲᠠᠢ ᠬᠠᠷᠢᠯᠴᠠᠬᠤ ᠶᠢ ᠵᠣᠬᠢᠴᠠᠭᠤᠯᠤᠨ᠎ᠠ᠃     ︵ᠠᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号