ᠵᠠᠯᠠᠶᠢᠳ ᠬᠤᠰᠢᠭᠤᠨ ᠤ ᠨᠤᠨᠮᠦ᠋ᠷᠡᠨ ᠰᠢᠶᠠᠩ ᠤᠨ ᠠᠷᠠᠳ ᠤᠨ ᠵᠠᠰᠠᠭ ᠤᠨ ᠤᠷᠳᠣᠨ
ᠨᠡᠶᠢᠲᠡᠯᠡᠭᠰᠡᠨ ᠴᠠᠭ᠄
2023/5/22
    ᠭᠤᠣᠯ ᠡᠭᠦᠷᠭᠡ ᠬᠠᠷᠢᠭᠤᠴᠠᠯᠭ᠎ᠠ     ︵ᠨᠢᠭᠡ︶ ᠮᠠᠯᠵᠢᠬᠤ ᠲᠠᠷᠢᠶᠠᠯᠠᠬᠤ ᠣᠷᠣᠨ ᠳᠠᠬᠢ ᠨᠠᠮ ᠤᠨ ᠡᠯ᠎ᠡ ᠵᠦᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠎ᠠ᠃     ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠵᠤ᠂ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠤᠶᠤᠨ ᠤ ᠪᠣᠯᠪᠠᠰᠤᠨ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠰᠠᠶᠢᠲᠤᠷ ᠬᠢᠵᠦ᠂ ᠨᠢᠭᠡᠳᠦᠮᠡᠯ ᠹᠷᠣᠨᠲ᠂ ᠦᠨᠳᠦᠰᠦᠲᠡᠨ ᠤ ᠪᠦᠯᠬᠦᠮᠳᠡᠯ᠂ ᠱᠠᠰᠢᠨ ᠰᠤᠷᠲᠠᠬᠤᠨ ᠵᠡᠷᠭᠡ ᠠᠵᠢᠯ ᠢ ᠰᠠᠶᠢᠲᠤᠷ ᠬᠢᠵᠦ᠂ ︽ᠭᠤᠷᠪᠠᠨ ᠶᠠᠪᠤᠳᠠᠯ ᠢ ᠢᠯᠡ ᠪᠣᠯᠭᠠᠬᠤ︾᠂ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃      ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ᠂ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃      ︵ᠳᠥᠷᠪᠡ︶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠢᠴᠢ ᠠᠮᠢ ᠠᠬᠤᠢ ᠣᠷᠴᠢᠨ ᠲᠣᠭᠤᠷᠢᠨ ᠤ ᠠᠵᠢᠯ ᠢ ᠰᠠᠶᠢᠲᠤᠷ ᠬᠢᠨ᠎ᠡ᠃      ︵ᠲᠠᠪᠤ︶ ᠡᠷᠡᠭᠦᠯ ᠬᠠᠮᠠᠭᠠᠯᠠᠯ ᠡᠷᠡᠭᠦᠯ ᠮᠡᠨᠳᠤ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂  ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠦᠯᠬᠦᠮ ᠵᠡᠷᠭᠡ ᠠᠵᠢᠯ ᠢ ᠰᠠᠶᠢᠲᠤᠷ ᠬᠢᠵᠦ᠂ ᠮᠠᠯᠴᠢᠨ ᠲᠠᠷᠢᠶᠠᠴᠢᠨ ᠤ ᠨᠠᠰᠤᠵᠢᠯ ᠤᠨ ᠳᠠᠭᠠᠳᠬᠠᠯ ᠪᠣᠯᠣᠨ ᠬᠤᠷᠰᠢᠭᠰᠠᠨ ᠡᠮ ᠡᠮᠨᠡᠯᠭᠡ ᠵᠡᠷᠭᠡ ᠨᠡᠶᠢᠭᠡᠮ ᠤᠨ ᠨᠡᠶᠢᠳᠡ ᠶᠢᠨ ᠠᠰᠠᠷᠠᠮᠵᠢ ᠶᠢᠨ ᠦᠢᠯᠡᠰ ᠢ ᠠᠬᠢᠭᠤᠯᠵᠤ᠂ ᠲᠤᠤᠷ᠎ᠠ ᠪᠠᠲᠤᠯᠠᠭᠠᠳᠣ᠂ ᠭᠠᠮᠰᠢᠭ ᠠᠴᠠ ᠠᠪᠤᠷᠠᠬᠤ᠂ ᠨᠡᠶᠢᠭᠡᠮ ᠤᠨ ᠠᠪᠤᠷᠠᠨ ᠲᠤᠰᠠᠯᠠᠬᠤ᠂ ᠬᠠᠷᠠᠭᠠᠯᠵᠠᠬᠤ᠂ ᠵᠡᠮᠳᠡᠭᠴᠦᠳ ᠵᠡᠷᠭᠡ ᠣᠷᠣᠯᠭ᠎ᠠ ᠪᠠᠭᠠᠲᠠᠢ ᠬᠦᠮᠦᠰ ᠤᠨ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃      ︵ᠵᠢᠷᠭᠤᠭ᠎ᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠣᠨ ᠤᠬᠠᠭᠤᠯᠭ᠎ᠠ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠨᠢᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠠᠷᠢᠯᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠣᠷᠪᠤᠯᠵᠢᠯᠠᠯ ᠤᠨ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠢ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠡᠮᠬᠢ ᠵᠢᠷᠤᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠂ ᠲᠣᠣᠷᠵᠢᠭᠤᠯᠤᠭᠰᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠤᠨ᠎ᠠ᠃      ︵ᠲᠤᠯᠤᠭ᠎ᠠ︶ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠠᠮᠢᠳᠡᠠ ᠤ ᠬᠢᠵᠢᠭ ᠢ ᠰᠡᠷᠭᠡᠶᠢᠯᠡᠬᠦ᠂ ᠤᠯᠡᠠ ᠨᠡᠶᠢᠲᠡ ᠶᠢᠨ ᠡᠷᠡᠭᠦᠯ ᠬᠠᠮᠠᠭᠠᠯᠠᠯ᠂ ᠬᠤᠳᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠨ᠎ᠡ᠃      ︵ᠨᠠᠢᠮᠠ︶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ᠂ ᠶᠡᠷᠦᠩᠬᠡᠶᠢᠯᠡᠨ ᠪᠠᠲᠤᠯᠠᠬᠤ ᠪᠠ ᠮᠡᠷᠭᠡᠵᠢᠯ ᠳᠡᠯᠭᠡᠷᠡᠭᠦᠯᠬᠦ ᠵᠡᠷᠭᠡ ᠠᠵᠢᠯ ᠢ ᠰᠠᠶᠢᠲᠤᠷ ᠠᠳᠬᠤᠨ᠎ᠠ᠃       ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号