ᠵᠠᠯᠠᠶᠢᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ
ᠨᠡᠶᠢᠲᠡᠯᠡᠭᠰᠡᠨ ᠴᠠᠭ᠄
2023/5/23
        ᠭᠤᠣᠯ ᠡᠭᠦᠷᠭᠡ ᠬᠠᠷᠢᠭᠤᠴᠠᠯᠭ᠎ᠠ      1. ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠤᠬᠠᠢ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃      2.  ᠪᠦᠬᠦ ᠠᠷᠠᠳ ᠤᠨ ᠨᠡᠶᠢᠲᠡ ᠶᠢᠨ ᠥᠮᠴᠢᠯᠡᠯ ᠤᠨ ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠪᠠ ᠪᠣᠶ ᠪᠦᠬᠦᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠡᠮᠵᠢᠨ ᠵᠢᠷᠤᠬᠤ ᠵᠡᠷᠭᠡ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠶᠢ ᠬᠠᠷᠢᠭᠤᠴᠠᠨ᠎ᠠ᠃     3. ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮ ᠪᠣᠯᠣᠨ ᠪᠦᠷᠢᠳᠬᠡᠬᠦ ᠪᠠᠷᠢᠮᠵᠢᠶ᠎ᠠ ᠶᠣᠰᠣᠭᠠᠷ᠂ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠵᠤ ᠬᠢᠨᠠᠨ ᠬᠡᠮᠵᠢᠵᠦ ᠦᠨᠡᠯᠡᠬᠦ ᠨᠢᠭᠡᠳᠦᠯᠲᠡᠢ ᠵᠢᠷᠤᠮᠵᠢᠭᠰᠠᠨ ᠳᠦᠷᠢᠮ ᠢ ᠪᠠᠶᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠭᠤᠷᠢ ᠪᠠᠶᠢᠴᠠᠭᠠᠯᠲᠠ᠂ ᠲᠤᠰᠬᠠᠢ ᠲᠥᠷᠥᠯ ᠤᠨ ᠪᠠᠶᠢᠴᠠᠭᠠᠯᠲᠠ ᠪᠠ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠪᠠᠶᠢᠴᠠᠭᠠᠨ ᠰᠢᠨᠵᠢᠵᠦ ᠦᠨᠡᠯᠡᠭᠰᠡᠨ ᠦᠷ᠎ᠡ ᠪᠦᠲᠦᠭᠡᠯ ᠢ ᠬᠢᠨᠠᠨ ᠬᠠᠮᠢᠶᠠᠷᠬᠤ ᠪᠠ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ᠎ᠠ᠃     4. ᠭᠠᠵᠠᠷ ᠰᠢᠷᠣᠢ᠂ ᠠᠭᠤᠷᠬᠠᠢ ᠶᠢᠨ ᠭᠠᠷᠤᠯᠲᠠ᠂ ᠣᠶ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠤᠰᠤ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠳᠡᠩᠰᠡᠯᠡᠵᠦ ᠲᠡᠮᠳᠡᠭᠯᠡᠬᠦ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠡᠯ᠎ᠡ ᠲᠥᠷᠥᠯ ᠤᠨ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠢᠭᠡᠳᠦᠯᠲᠡᠢ ᠨᠤᠲᠠᠯᠠᠨ ᠳᠡᠩᠰᠡᠯᠡᠵᠦ ᠲᠡᠮᠳᠡᠭᠯᠡᠬᠦ᠂ ᠡᠷᠬᠡ ᠶᠢᠨ ᠬᠠᠷᠢᠶ᠎ᠠ ᠶᠢ ᠪᠠᠶᠢᠴᠠᠭᠠᠬᠤ᠂ ᠥᠯᠥ ᠬᠥᠳᠡᠯᠬᠦ ᠬᠥᠷᠥᠩᠭᠡ᠂ ᠬᠡᠮᠵᠢᠨ ᠵᠢᠷᠤᠬᠤ᠂ ᠮᠠᠷᠭᠤᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ᠂ ᠦᠷ᠎ᠡ ᠪᠦᠲᠦᠭᠡᠯ ᠢ ᠬᠡᠷᠡᠭᠯᠡᠬᠦ ᠳᠦᠷᠢᠮ᠂ ᠪᠠᠷᠢᠮᠵᠢᠶ᠎ᠠ᠂ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠠᠭᠤᠷᠢ ᠲᠠᠪᠴᠠᠩ ᠢ ᠪᠠᠶᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠳᠬᠡᠬᠦ᠂ ᠬᠠᠮᠲᠤ ᠪᠠᠷ ᠡᠳ᠋ᠯᠡᠬᠦ᠂ ᠬᠤᠷᠢᠶᠠᠩᠭᠤᠶᠢᠯᠠᠨ ᠲᠤᠰᠢᠶᠠᠵᠤ ᠬᠠᠮᠢᠶᠠᠷᠬᠤ ᠵᠡᠷᠭᠡ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠥᠯᠥ ᠬᠥᠳᠡᠯᠬᠦ ᠬᠥᠷᠥᠩᠭᠡ ᠶᠢᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃    5. ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠲᠥᠯᠥᠪᠦᠷᠢ ᠲᠠᠢ ᠬᠡᠷᠡᠭᠯᠡᠬᠦ ᠠᠵᠢᠯ ᠢ ᠬᠠᠷᠢᠭᠤᠴᠠᠨ᠎ᠠ ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠲᠣᠭᠲᠠᠭᠠᠭᠰᠠᠨ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠪᠦᠷᠢᠳᠬᠡᠯ ᠤᠨ ᠳᠦᠷᠢᠮ ᠶᠣᠰᠣᠭᠠᠷ᠂ ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠢ ᠥᠭᠴᠡᠭᠡ ᠶᠢᠨ ᠬᠦᠰᠦᠨᠦᠭᠲᠦ ᠶᠢ ᠨᠠᠶᠢᠷᠠᠭᠤᠯᠤᠨ ᠵᠤᠬᠢᠶᠠᠨ᠎ᠠ᠃ ᠪᠥᠬᠦ ᠬᠤᠰᠢᠭᠤᠨ ᠤ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠬᠤᠪᠢᠶᠠᠷᠢᠯᠠᠨ ᠰᠠᠯᠭᠠᠬᠤ᠂ ᠰᠢᠯᠵᠢᠭᠦᠯᠦᠨ ᠬᠤᠳᠠᠯᠳᠤᠬᠤ᠂ ᠲᠦᠷᠢᠶᠡᠰᠦᠯᠡᠬᠦ᠂ ᠦᠨ᠎ᠡ ᠲᠣᠭᠲᠠᠭᠠᠨ ᠪᠡᠯᠡ ᠭᠠᠷᠭᠠᠬᠤ ᠪᠠ ᠭᠠᠵᠠᠷ ᠰᠢᠷᠣᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢ ᠵᠦᠢ ᠵᠣᠬᠢᠰᠲᠠᠢ ᠲᠣᠬᠢᠷᠠᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠷᠲᠡᠭ ᠢ ᠦᠨᠡᠯᠡᠨ ᠵᠢᠱᠢᠬᠦ ᠬᠠᠮᠢᠶᠠᠷᠤᠯᠲᠠ ᠶᠢ ᠬᠠᠷᠢᠭᠤᠴᠠᠵᠤ᠂ ᠬᠠᠮᠢᠶ᠎ᠠ ᠪᠦᠬᠦᠢ ᠡᠳ᠋ ᠬᠥᠷᠥᠩᠭᠡ ᠶᠢᠨ ᠠᠰᠢᠭ ᠣᠷᠣᠯᠭ᠎ᠠ ᠶᠢ ᠬᠠᠤᠯᠢ ᠶᠣᠰᠣᠭᠠᠷ ᠬᠤᠷᠢᠶᠠᠨ᠎ᠠ᠃      6. ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠵᠠᠰᠠᠭ ᠤᠨ ᠣᠷᠳᠣᠨ ᠤ ᠢᠯᠡ ᠨᠡᠶᠢᠳᠡᠯᠡᠬᠦ ᠪᠠᠶᠢᠭᠠᠯᠢ ᠶᠢᠨ ᠡᠬᠢ ᠪᠠᠶᠠᠯᠢᠭ ᠤᠨ ᠦᠨ᠎ᠡ ᠬᠠᠩᠰᠢ ᠶᠢᠨ ᠰᠢᠰᠲ᠋ᠧᠮ ᠢ ᠪᠠᠶᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠲᠠᠰ ᠬᠤᠪᠢᠶᠠᠨ ᠲᠠᠰ ᠲᠣᠭᠲᠠᠭᠠᠬᠤ ᠦᠨ᠎ᠡ ᠬᠠᠩᠰᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠨᠡᠯᠡᠯᠲᠡ ᠬᠢᠨᠠᠨ ᠰᠢᠯᠭᠠᠯᠲᠠ ᠶᠢ ᠥᠷᠨᠢᠭᠦᠯᠦᠨ᠂ ᠠᠷᠪᠢᠲᠠᠢ ᠡᠷᠴᠢᠮᠯᠢᠭ ᠠᠰᠢᠭᠯᠠᠯᠳᠠ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠢᠨᠠᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠷᠸ᠎ᠠ ᠲᠣᠬᠢᠷᠠᠭᠤᠯᠤᠯ ᠡᠵᠡᠮᠳᠡᠯ᠂ ᠣᠷᠣᠨ ᠪᠦᠰᠡ ᠶᠢᠨ ᠵᠣᠬᠢᠴᠠᠭᠤᠯᠭ᠎ᠠ ᠪᠠ ᠬᠤᠲᠠ ᠬᠥᠳᠡᠭᠡ ᠶᠢᠨ ᠨᠢᠭᠡᠳᠦᠯᠲᠡᠢ ᠲᠥᠯᠦᠪᠵᠢᠭᠦᠯᠭᠡ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠵᠣᠬᠢᠶᠠᠨ ᠪᠠᠶᠢᠭᠤᠯᠤᠨ ᠰᠤᠳᠣᠯᠣᠨ᠎ᠠ᠃      7. ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠪᠠᠶᠢᠭᠤᠯᠬᠤ ᠶᠢ ᠬᠠᠷᠢᠭᠤᠴᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠪᠣᠯᠣᠨ ᠳᠦᠷᠢᠮ ᠢ ᠠᠬᠢᠭᠤᠯᠵᠤ᠂ ᠪᠦᠭᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯᠣᠨ ᠬᠤᠯᠪᠣᠭᠳᠠᠯ ᠪᠦᠬᠦᠢ ᠲᠤᠰᠬᠠᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠡᠭᠡᠭᠡᠨ ᠬᠥᠭᠵᠢᠭᠦᠯᠦᠯᠲᠡ ᠶᠢᠨ ᠵᠣᠬᠢᠴᠠᠬᠤ ᠴᠢᠨᠠᠷ ᠤᠨ ᠦᠨᠡᠯᠡᠯᠲᠡ ᠶᠢ ᠥᠷᠨᠢᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠬᠢᠨᠠᠨ ᠬᠡᠮᠵᠢᠬᠦ᠂ ᠦᠨᠡᠯᠡᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠤᠨ᠎ᠠ᠃ ᠪᠥᠬᠦ ᠬᠤᠰᠢᠭᠤ ᠶᠢ ᠵᠣᠬᠢᠶᠠᠨ ᠪᠠᠶᠢᠭᠤᠯᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠵᠡᠷᠭᠡ ᠡᠵᠡᠮᠳᠡᠯ ᠤᠨ ᠱᠤᠭᠤᠮ ᠢ ᠲᠣᠭᠲᠠᠭᠠᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ᠂ ᠠᠮᠢᠳᠤᠷᠠᠯ ᠂ ᠠᠮᠢ ᠠᠬᠤᠢ ᠶᠢᠨ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠠᠶᠢᠭᠤᠯᠤᠨ᠎ᠠ᠃ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠰᠤᠳᠤᠯᠤᠨ ᠲᠣᠭᠲᠠᠭᠠᠬᠤ ᠶᠢᠨ ᠲᠠᠭᠠᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠡᠯ᠎ᠡ ᠲᠥᠷᠥᠯ ᠤᠨ ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠬᠠᠤᠯᠢ ᠶᠣᠰᠣᠭᠠᠷ ᠬᠢᠨᠠᠨ ᠬᠠᠷᠭᠤᠭᠤᠯᠵᠤ᠂ ᠮᠡᠳᠡᠭᠦᠯᠦᠨ ᠵᠥᠪᠰᠢᠶᠡᠷᠡᠭᠦᠯᠵᠦ᠂ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠰᠣᠯᠢᠯᠴᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠴᠠᠭ᠎ᠠ ᠲᠤᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠠᠶᠢᠯ ᠲᠣᠰᠬᠤᠨ ᠪᠣᠯᠣᠨ ᠵᠢᠵᠢᠭ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠰᠢᠷᠣᠢ ᠵᠡᠷᠭᠡ ᠪᠠᠶᠢᠭᠠᠯᠢ ᠶᠢᠨ ᠡᠬᠢ ᠪᠠᠶᠠᠯᠢᠭ ᠤᠨ ᠣᠨ ᠤ ᠠᠰᠢᠭᠯᠠᠯᠲᠠ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠤᠨ᠎ᠡ ᠃ ᠪᠥᠬᠦ ᠬᠤᠰᠢᠭᠤᠨ ᠤ ᠭᠠᠵᠠᠷ ᠰᠢᠷᠣᠢ ᠵᠡᠷᠭᠡ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢ ᠰᠢᠯᠵᠢᠭᠦᠯᠦᠨ ᠬᠡᠷᠡᠭᠯᠡᠬᠦ᠂ ᠬᠢᠨᠠᠨ ᠵᠥᠪᠰᠢᠶᠡᠷᠡᠬᠦ᠂ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠪᠥᠬᠦ ᠬᠤᠰᠢᠭᠤᠨ ᠤ ᠭᠠᠵᠠᠷ ᠰᠢᠷᠣᠢ ᠶᠢ ᠲᠠᠲᠠᠪᠤᠷᠢᠯᠠᠨ ᠬᠡᠷᠡᠭᠯᠡᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃      8. ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠨᠢᠭᠡᠳᠦᠯᠲᠡᠢ ᠲᠦᠯᠦᠪᠯᠡᠬᠦ ᠶᠢ ᠬᠠᠷᠢᠭᠤᠴᠠᠨ᠎ᠠ᠃  ᠪᠥᠬᠦ ᠬᠤᠰᠢᠭᠤᠨ ᠤ ᠬᠥᠷᠥᠰᠥ ᠰᠢᠷᠣᠢ ᠶᠢᠨ ᠣᠷᠣᠨ ᠵᠠᠢ ᠶᠢᠨ ᠠᠮᠢ ᠠᠬᠤᠢ ᠶᠢ ᠰᠡᠷᠭᠦᠭᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠮᠢ ᠠᠬᠤᠢ ᠶᠢ ᠰᠡᠷᠭᠦᠭᠡᠬᠦ ᠬᠠᠮᠢᠶ᠎ᠠ ᠪᠦᠬᠦᠢ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠠᠴᠠ ᠪᠡᠯᠡ ᠣᠷᠣᠭᠤᠯᠤᠭᠰᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ᠂ ᠭᠠᠵᠠᠷ ᠰᠢᠷᠣᠢ ᠶᠢ ᠡᠮᠬᠢᠯᠡᠨ ᠲᠠᠬᠢᠨ ᠬᠠᠭᠠᠯᠪᠤᠷᠢᠯᠠᠬᠤ᠂ ᠠᠭᠤᠷᠬᠠᠢ ᠶᠢᠨ ᠭᠠᠵᠠᠷ ᠤᠨ ᠣᠷᠴᠢᠨ ᠲᠤᠭᠤᠷᠢᠨ ᠢ ᠰᠡᠷᠭᠦᠭᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠳᠦᠷᠢᠮ ᠢ ᠬᠡᠷᠡᠭᠵᠢᠭᠦᠯᠵᠦ᠂ ᠨᠡᠶᠢᠭᠡᠮ ᠤᠨ ᠪᠡᠯᠡ ᠮᠥᠩᠭᠦ ᠶᠢ ᠵᠦᠢ ᠵᠣᠬᠢᠰᠲᠠᠢ ᠠᠰᠢᠭᠯᠠᠨ ᠠᠮᠢ ᠠᠬᠤᠢ ᠶᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠰᠣᠩᠭᠤᠭᠤᠯᠢ ᠳᠤ ᠪᠡᠯᠡᠳᠬᠡᠬᠦ ᠲᠥᠷᠥᠯ ᠵᠦᠢᠯ ᠢ ᠳᠤᠷᠠᠳᠤᠨ ᠭᠠᠷᠭᠠᠨ᠎ᠠ᠃      9. ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠲᠠᠷᠢᠶᠠᠨ ᠭᠠᠵᠠᠷ ᠢ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠬᠡᠷᠡᠭᠵᠢᠭᠦᠯᠵᠦ᠂ ᠪᠥᠬᠦ ᠬᠤᠰᠢᠭᠤᠨ ᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ᠂ ᠠᠮᠢ ᠠᠬᠤᠢ ᠶᠢᠨ ᠬᠠᠮᠠᠭᠠᠯᠠᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠬᠠᠷᠠᠯᠲᠠ ᠶᠢᠨ ᠬᠢᠨᠠᠨ ᠰᠢᠯᠭᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠶ ᠬᠠᠮᠠᠭᠠᠯᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠳᠤ ᠨᠥᠬᠦᠪᠦᠷᠢ ᠥᠭᠬᠦ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ᠃     10. ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠠᠵᠢᠯ ᠲᠦᠷᠦᠯ ᠪᠠ ᠭᠠᠵᠠᠷ ᠰᠢᠨᠵᠢᠯᠡᠭᠡᠨ ᠤ ᠠᠵᠢᠯ ᠢ ᠬᠠᠷᠢᠭᠤᠴᠠᠨ ᠬᠠᠮᠢᠶᠠᠷᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠲᠥᠷᠥᠯ ᠵᠦᠢᠯ ᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠰᠠᠭᠤᠷᠢ ᠴᠢᠨᠠᠷᠲᠠᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠭᠠᠵᠠᠷ ᠰᠢᠨᠵᠢᠯᠡᠭᠡᠨ ᠤ ᠪᠠᠶᠢᠴᠠᠭᠠᠯᠲᠠ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠭᠠᠵᠠᠷ ᠰᠢᠨᠵᠢᠯᠡᠭᠡ ᠠᠭᠤᠷᠬᠠᠢ ᠶᠢᠨ ᠭᠠᠷᠤᠯᠲᠠ ᠶᠢ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠬᠦ ᠪᠠ ᠵᠠᠰᠠᠬᠤ ᠶᠢ ᠬᠠᠷᠢᠭᠤᠴᠠᠵᠤ᠂ ᠭᠠᠵᠠᠷ ᠳᠣᠣᠷᠠᠬᠢ ᠤᠰᠤ ᠶᠢ ᠬᠡᠲᠦ ᠶᠡᠭᠡ ᠨᠡᠭᠡᠭᠡᠨ ᠠᠰᠢᠭᠯᠠᠭᠰᠠᠨ ᠵᠢᠴᠢ ᠭᠠᠵᠠᠷ ᠤᠨ ᠭᠠᠳᠠᠷᠭᠤ ᠶᠢᠨ ᠰᠠᠭᠤᠭᠳᠠᠯ ᠢ ᠪᠣᠶ ᠪᠣᠯᠭᠠᠭᠰᠠᠨ ᠵᠡᠷᠭᠡ ᠭᠠᠵᠠᠷ ᠰᠢᠨᠵᠢᠯᠡᠭᠡᠨ ᠤ ᠠᠰᠠᠭᠤᠳᠠᠯ ᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠡᠷᠲᠡᠨ ᠤ ᠠᠮᠢᠳᠤ ᠪᠣᠳᠠᠰ ᠤᠨ ᠴᠢᠯᠠᠭᠤᠵᠢᠮᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      11. ᠶᠡᠷᠦᠩᠬᠡᠶᠢᠯᠡᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠢ ᠭᠠᠮᠰᠢᠭ ᠢ ᠪᠠᠶᠢᠴᠠᠭᠠᠨ ᠦᠨᠡᠯᠡᠬᠦ ᠵᠢᠴᠢ ᠬᠡᠮ ᠰᠣᠭᠤᠭ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠥᠬᠦ ᠬᠤᠰᠢᠭᠤᠨ ᠤ ᠣᠯᠠᠨ ᠢᠶᠠᠷ ᠢᠶᠠᠨ ᠬᠡᠮᠵᠢᠵᠦ ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠯᠲᠡ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠵᠢᠴᠢ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠢᠨᠵᠧᠨᠧᠷᠢᠩ ᠤᠨ ᠵᠠᠰᠠᠯᠲᠠ ᠶᠢᠨ ᠠᠵᠢᠯ ᠢ ᠥᠷᠨᠢᠭᠦᠯᠬᠦ ᠶᠢ ᠵᠢᠯᠣᠭᠤᠳᠤᠨ᠎ᠠ᠃ ᠪᠥᠬᠦ ᠬᠤᠰᠢᠭᠤᠨ ᠤ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃      12. ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠳᠠᠭᠠᠯᠠᠭᠳᠠᠴᠠ ᠶᠢᠨ ᠬᠠᠮᠢᠶᠠᠷᠤᠯᠲᠠ ᠵᠢᠴᠢ ᠳᠠᠷᠤᠵᠤ ᠲᠠᠯᠪᠢᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠨ ᠯᠠᠪᠯᠠᠬᠤ ᠪᠠ ᠮᠡᠳᠡᠭᠦᠯᠦᠨ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠬᠢᠨᠠᠯᠲᠠ ᠬᠠᠮᠢᠶᠠᠷᠤᠯᠲᠠ ᠶᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠬᠠᠮᠠᠭᠠᠯᠠᠯᠲᠠ ᠶᠢᠨ ᠴᠢᠨᠠᠷᠲᠠᠢ ᠨᠡᠭᠡᠭᠡᠨ ᠮᠠᠯᠲᠠᠬᠤ ᠣᠨᠴᠠ ᠲᠣᠭᠲᠠᠭᠰᠠᠨ ᠠᠭᠤᠷᠬᠠᠢ ᠶᠢᠨ ᠳᠦᠷᠦᠯ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢ ᠲᠣᠬᠢᠷᠠᠭᠤᠯᠤᠨ ᠡᠵᠡᠮᠳᠡᠬᠦ ᠵᠢᠴᠢ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠵᠣᠬᠢᠰᠲᠠᠢ ᠠᠰᠢᠭᠯᠠᠬᠤ ᠪᠠ ᠬᠠᠮᠠᠭᠠᠯᠠᠬᠤ ᠶᠢ ᠬᠢᠨᠠᠨ ᠵᠢᠯᠣᠭᠤᠳᠤᠨ᠎ᠠ      13. ᠬᠡᠮᠵᠢᠨ ᠵᠢᠷᠤᠬᠤ ᠭᠠᠵᠠᠷ ᠵᠦᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ ᠃ ᠪᠥᠬᠦ ᠬᠤᠰᠢᠭᠤᠨ ᠤ ᠰᠠᠭᠤᠷᠢ ᠬᠡᠮᠵᠢᠨ ᠵᠢᠷᠤᠭᠯᠠᠯᠲᠠ ᠪᠠ ᠬᠡᠮᠵᠢᠨ ᠵᠢᠷᠤᠭᠯᠠᠯᠲᠠ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠬᠡᠮᠵᠢᠨ ᠵᠢᠷᠤᠬᠤ ᠬᠢᠷᠢ ᠬᠡᠮ ᠬᠢᠭᠡᠳ ᠢᠲᠡᠭᠡᠮᠵᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠤᠨ᠎ᠠ᠃ ᠪᠥᠬᠦ ᠬᠤᠰᠢᠭᠤᠨ ᠤ ᠭᠠᠵᠠᠷ ᠵᠦᠢ ᠶᠢᠨ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠥᠬᠦ ᠬᠤᠰᠢᠭᠤᠨ ᠤ ᠬᠠᠷᠢᠶ᠎ᠠ ᠣᠷᠣᠨ ᠤ ᠬᠡᠮᠵᠢᠯᠲᠡ ᠶᠢᠨ ᠲᠡᠮᠳᠡᠭ ᠤᠨ ᠬᠠᠮᠠᠭᠠᠯᠠᠯᠲᠠ ᠶᠢ ᠬᠠᠷᠢᠭᠤᠴᠠᠨ᠎ᠠ᠃      14. ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠠᠷᠢᠶ᠎ᠠ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠭᠦᠯᠬᠦ ᠪᠠ ᠴᠢᠳᠠᠪᠤᠷᠢᠲᠠᠨ ᠢ ᠬᠥᠮᠥᠵᠢᠭᠦᠯᠬᠦ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠪᠠ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠢᠨᠵᠧᠨᠧᠷᠢᠩ ᠵᠢᠴᠢ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠮᠡᠳᠡᠭᠡ ᠵᠠᠩᠭᠢ ᠶᠢᠨ ᠮᠠᠲ᠋ᠧᠷᠢᠶᠠᠯ ᠤᠨ ᠣᠯᠠᠨ ᠨᠡᠶᠢᠲᠡ ᠶᠢᠨ ᠦᠢᠯᠡᠴᠢᠯᠡᠭᠡ ᠶᠢ ᠠᠬᠢᠭᠤᠯᠤᠨ᠎ᠠ᠃      15. ᠤᠯᠤᠰ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠴᠢᠬᠤᠯᠠ ᠶᠡᠭᠡ ᠴᠢᠭᠯᠡᠯᠲᠡ ᠲᠥᠷᠥ ᠶᠢᠨ ᠪᠣᠳᠣᠯᠭ᠎ᠠ᠂ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠰᠠᠨᠠᠯ ᠢ ᠨᠠᠶᠢᠳᠠᠪᠤᠷᠢᠵᠢᠭᠤᠯᠤᠨ᠎ᠠ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠢᠴᠢ ᠬᠡᠮᠵᠢᠨ ᠵᠢᠷᠤᠭᠯᠠᠯᠲᠠ ᠶᠢᠨ ᠬᠦᠨᠳᠦ ᠶᠡᠭᠡ ᠬᠠᠤᠯᠢ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠵᠢᠯᠣᠭᠤᠳᠤᠨ ᠬᠠᠮᠵᠢᠯᠴᠠᠨ᠎ᠠ᠃ ᠰᠤᠮᠤ ᠰᠢᠶᠠᠩ ᠪᠠᠯᠭᠠᠰᠣᠨ ᠤ ᠱᠠᠲᠤᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠤᠯᠭᠤᠭᠰᠠᠨ ᠨᠠᠶᠢᠳᠠᠯᠭ᠎ᠠ ᠶᠢ ᠦᠨᠳᠦᠰᠦᠯᠡᠨ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠪᠠᠶᠢᠭᠠᠯᠢ ᠶᠢᠨ ᠡᠬᠢ ᠪᠠᠶᠠᠯᠢᠭ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠨ᠎ᠡ᠃      16. ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠳᠤ ᠠᠶᠤᠯᠭᠦᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠠᠵᠢᠯ ᠲᠥᠷᠥᠯ ᠤᠨ ᠬᠠᠮᠢᠶ᠎ᠠ ᠪᠦᠬᠦᠢ ᠠᠶᠤᠯᠭᠦᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃      17. ᠵᠠᠯᠠᠶᠢᠳ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢ ᠨᠢᠭᠡᠳᠦᠯᠲᠡᠢ ᠬᠠᠮᠢᠶᠠᠷᠬᠤ ᠪᠠ ᠵᠣᠬᠢᠴᠠᠭᠤᠯᠤᠨ᠎ᠠ᠃      18. ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      19. ᠡᠭᠦᠷᠭᠡ ᠴᠢᠳᠠᠪᠬᠢ ᠶᠢᠨ ᠬᠤᠪᠢᠷᠠᠯᠳᠠ᠃ ᠵᠠᠯᠠᠶᠢᠳ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨ ᠲᠥᠪ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠦᠬᠦ ᠠᠷᠠᠳ ᠤᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠢ ᠬᠡᠷᠡᠭᠵᠢᠭᠦᠯᠬᠦ ᠶᠢ ᠨᠠᠶᠢᠳᠠᠪᠤᠷᠢᠵᠢᠭᠤᠯᠵᠤ᠂ ᠪᠤᠢ ᠪᠦᠬᠦᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠪᠠ ᠠᠮᠢ ᠠᠬᠤᠢ ᠶᠢ ᠬᠠᠮᠠᠭᠠᠯᠠᠨ ᠰᠡᠷᠭᠦᠭᠡᠬᠦ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠨᠢᠭᠡᠳᠦᠯᠲᠡᠢ ᠬᠡᠷᠡᠭᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠬᠠᠮᠢᠶᠠᠷᠤᠨ ᠡᠵᠡᠮᠳᠡᠬᠦ ᠦᠢᠯᠡᠳᠦᠯ ᠢ ᠪᠠᠳᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠳᠤ ᠰᠢᠨᠵᠢᠯᠡᠬᠦ ᠤᠬᠠᠭᠠᠨᠴᠢ ᠵᠢᠯᠣᠭᠤᠳᠤᠮᠵᠢ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠪᠠ ᠵᠦᠢ ᠵᠣᠬᠢᠰᠲᠠᠢ ᠪᠠᠷ ᠨᠡᠭᠡᠭᠡᠨ ᠠᠰᠢᠭᠯᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠡᠬᠢ ᠰᠤᠷᠪᠤᠯᠵᠢ ᠠᠴᠠ ᠨᠢ ᠬᠠᠮᠠᠭᠠᠯᠠᠬᠤ ᠪᠠ ᠪᠦᠬᠦ ᠶᠠᠪᠤᠴᠠ ᠶᠢ ᠰᠡᠷᠭᠦᠭᠡᠨ ᠵᠠᠰᠠᠬᠤ ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠦᠬᠦᠯᠢ ᠴᠣᠭᠴᠠ ᠪᠠᠷ ᠨᠢ ᠬᠠᠮᠠᠭᠠᠯᠠᠬᠤ᠂ ᠰᠢᠰᠲ᠋ᠧᠮ ᠲᠠᠢ ᠪᠠᠷ ᠰᠡᠷᠭᠦᠭᠡᠨ ᠵᠠᠰᠠᠬᠤ᠂ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠤᠷᠮᠠᠰᠢᠭᠤᠯᠬᠤ ᠪᠠ ᠬᠢᠵᠠᠭᠠᠷᠯᠠᠬᠤ ᠶᠢ ᠵᠡᠷᠭᠡ ᠪᠠᠷ ᠴᠢᠬᠤᠯᠠᠴᠢᠯᠠᠬᠤ ᠳᠦᠷᠢᠮ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠪᠠᠶᠢᠭᠠᠯᠢ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠴᠣᠮᠬᠠᠳᠬᠠᠨ ᠳᠣᠷᠣᠭᠰᠢ ᠪᠠᠭᠤᠯᠭᠠᠵᠤ᠂ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ᠂ ᠪᠠᠷᠢᠮᠵᠢᠶ᠎ᠠ᠂ ᠳᠦᠷᠢᠮ ᠤᠨ ᠬᠢᠵᠠᠭᠠᠷᠯᠠᠬᠤ ᠴᠢᠨᠠᠷᠲᠠᠢ ᠦᠢᠯᠡᠳᠦᠯ ᠢ ᠴᠢᠩᠭᠠᠷᠠᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ ᠪᠠ ᠦᠨᠡᠯᠡᠨ ᠵᠢᠱᠢᠬᠦ ᠶᠢᠨ ᠠᠷᠠᠳ ᠲᠤ ᠲᠥᠬᠦᠮ ᠦᠵᠡᠭᠦᠯᠵᠦ ᠥᠨᠳᠥᠷ ᠪᠦᠲᠦᠮᠵᠢᠲᠡᠢ ᠪᠠᠶᠢᠬᠤ ᠶᠢ ᠠᠬᠢᠭᠤᠯᠤᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号