ᠵᠠᠯᠠᠶᠢᠳ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ
ᠨᠡᠶᠢᠲᠡᠯᠡᠭᠰᠡᠨ ᠴᠠᠭ᠄
2023/5/25
   ᠭᠤᠣᠯ ᠡᠭᠦᠷᠭᠡ ᠬᠠᠷᠢᠭᠤᠴᠠᠯᠭ᠎ᠠ   ︵ᠨᠢᠭᠡ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠪᠦᠭᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤ ᠬᠤᠭᠤᠴᠠᠭᠠᠨ ᠤ ᠲᠥᠯᠦᠪᠵᠢᠭᠦᠯᠭᠡ ᠪᠠ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠯᠦᠪᠵᠢᠭᠦᠯᠭᠡ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠬᠤᠰᠢᠭᠤᠨ ᠲᠠᠰ ᠤᠨ ᠲᠤᠰᠬᠠᠢ ᠵᠦᠢᠯ ᠤᠨ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ᠂ ᠣᠷᠣᠨ ᠵᠠᠢ ᠶᠢᠨ ᠲᠥᠯᠦᠪᠵᠢᠭᠦᠯᠭᠡ ᠶᠢ ᠪᠥᠬᠦ ᠬᠤᠰᠢᠭᠤᠨ ᠤ ᠬᠥᠭᠵᠢᠯᠲᠡ ᠶᠢᠨ ᠲᠥᠯᠦᠪᠵᠢᠭᠦᠯᠭᠡ ᠯᠦᠭᠡ ᠨᠢᠭᠡᠳᠦᠯᠲᠡᠢ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ᠃ ᠪᠦᠭᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ᠂ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠣᠨ ᠭᠠᠳᠠᠭᠰᠢ ᠨᠡᠭᠡᠭᠡᠯᠲᠡ ᠶᠢᠨ ᠳᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠨ᠎ᠠ᠃   (ᠬᠤᠶᠠᠷ︶ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠬᠢᠨᠠᠨ ᠬᠡᠮᠵᠢᠵᠦ ᠲᠥᠰᠥᠭᠡᠯᠡᠵᠦ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠷᠸ᠎ᠠ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠵᠣᠬᠢᠴᠠᠭᠤᠯᠵᠤ᠂ ᠬᠤᠷᠸ᠎ᠠ ᠠᠵᠤ ᠠᠬᠤᠢ ᠶᠢᠨ ᠠᠷᠭᠠᠴᠠᠭᠠᠬᠤ ᠠᠷᠭ᠎ᠠ ᠶᠢ ᠲᠦᠷᠦᠭᠦᠯᠡᠨ ᠰᠣᠳᠣᠯᠣᠨ᠎ᠠ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠢ ᠶᠢᠨ ᠠᠵᠢᠯᠯᠠᠭᠠᠨ ᠢ ᠲᠣᠬᠢᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠠ ᠴᠢᠬᠤᠯᠠ ᠰᠦᠢᠳᠬᠡᠯ ᠬᠤᠷᠢᠶᠠᠬᠤ ᠵᠢᠷᠤᠮᠵᠢᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠤᠯᠤᠰ ᠣᠷᠣᠨ ᠤ ᠠᠰᠢᠭ ᠲᠤᠰᠠ ᠳᠤ ᠬᠤᠯᠪᠣᠭᠳᠠᠭᠰᠠᠨ ᠬᠡᠷᠡᠭ ᠲᠤ ᠬᠤᠯᠪᠣᠭᠳᠠᠭᠰᠠᠨ ᠡᠳ᠋ ᠬᠥᠷᠥᠩᠭᠡ ᠶᠢᠨ ᠦᠨ᠎ᠡ ᠬᠠᠩᠰᠢ ᠶᠢ ᠬᠢᠨᠠᠨ ᠲᠣᠭᠲᠠᠭᠠᠬᠤ ᠠᠵᠢᠯ ᠢ ᠡᠭᠦᠷᠭᠡᠯᠡᠵᠦ᠂ ᠲᠤᠬᠠᠢ ᠶᠢᠨ ᠬᠥᠮᠥᠨ ᠤ ᠨᠠᠶᠢᠳᠠᠯᠭ᠎ᠠ ᠶᠢ ᠬᠦᠯᠢᠶᠡᠵᠤ᠂ ᠵᠠᠷᠭᠤᠯᠳᠤᠭᠠᠨ ᠤ ᠬᠡᠷᠡᠭ ᠲᠤ ᠬᠤᠯᠪᠣᠭᠳᠠᠭᠰᠠᠨ ᠡᠯ᠎ᠡ ᠲᠦᠷᠦᠯ ᠤᠨ ᠬᠠᠷᠠᠯᠲᠠ ᠳᠤ ᠦᠨ᠎ᠡ ᠬᠠᠩᠰᠢ ᠶᠢᠨ ᠭᠡᠷᠡᠴᠢᠯᠡᠯ ᠬᠢᠨ᠎ᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠤᠷᠠᠳᠤᠭᠰᠠᠨ ᠡᠯ᠎ᠡ ᠲᠥᠷᠥᠯ ᠤᠨ ᠢᠯᠡ ᠪᠤᠰᠤ ᠡᠳ᠋ ᠬᠥᠷᠥᠩᠭᠡ ᠶᠢ ᠭᠥᠯᠢᠶᠡᠨ ᠠᠪᠴᠤ᠂ ᠬᠤᠯᠪᠣᠭᠳᠠᠬᠤ ᠡᠯ᠎ᠡ ᠵᠦᠢᠯ ᠤᠨ ᠲᠠᠸᠠᠷ ᠪᠠ ᠦᠢᠯᠡᠴᠢᠯᠡᠭᠡᠨ ᠳᠤ ᠦᠨ᠎ᠡ ᠬᠠᠩᠰᠢ ᠶᠢᠨ ᠭᠡᠷᠡᠴᠢᠯᠡᠯ ᠬᠢᠨ᠎ᠡ᠃     ︵ᠭᠤᠷᠪᠠ︶ ᠠᠵᠤ ᠠᠬᠤᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠠᠬᠢᠭᠤᠯᠬᠤ ᠪᠠ ᠶᠡᠷᠦᠩᠬᠡᠶᠢᠯᠡᠨ ᠵᠣᠬᠢᠴᠠᠭᠤᠯᠵᠤ᠂ ᠬᠤᠯᠪᠣᠭᠳᠠᠯ ᠪᠦᠬᠦᠢ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠲᠦᠷᠦᠭᠦᠯᠡᠨ ᠠᠬᠢᠭᠤᠯᠤᠨ᠎ᠠ᠃ ᠥᠮᠴᠢᠯᠡᠯ ᠤᠨ ᠡᠷᠬᠡ ᠶᠢᠨ ᠳᠦᠷᠢᠮ ᠪᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠵᠣᠬᠢᠴᠠᠭᠤᠯᠤᠨ ᠠᠬᠢᠭᠤᠯᠤᠨ᠎ᠠ᠃ ᠪᠥᠬᠦ ᠬᠤᠰᠢᠭᠤᠨ ᠤ ᠠᠯᠪᠠᠨ ᠤ ᠲᠡᠷᠭᠡ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠥᠯ ᠢ ᠰᠤᠳᠤᠯᠤᠨ ᠲᠣᠭᠲᠠᠭᠠᠵᠤ᠂ ᠠᠯᠪᠠᠨ ᠤ ᠲᠡᠷᠭᠡ ᠶᠢᠨ ᠣᠷᠣᠨ ᠲᠤᠭ᠎ᠠ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠤᠨ᠂ ᠪᠥᠬᠦ ᠬᠤᠰᠢᠭᠤᠨ ᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃      ︵ᠳᠥᠷᠪᠡ︶ ᠭᠠᠳᠠᠭᠠᠳᠤ ᠶᠢᠨ ᠪᠡᠯᠡ ᠮᠥᠩᠭᠦ ᠶᠢ ᠠᠰᠢᠭᠯᠠᠬᠤ ᠪᠠ ᠬᠢᠯᠢ ᠶᠢᠨ ᠭᠠᠳᠠᠨᠠᠬᠢ ᠪᠡᠯᠡ ᠣᠷᠤᠭᠤᠯᠤᠯᠲᠠ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠪᠦᠲᠦᠴᠡ ᠶᠢ ᠰᠢᠯᠢᠳᠡᠭᠵᠢᠭᠦᠯᠬᠦ ᠲᠦᠷᠦ ᠶᠢᠨ ᠪᠣᠳᠣᠯᠭ᠎ᠠ ᠶᠢ ᠳᠤᠷᠠᠳᠤᠨ ᠭᠠᠷᠭᠠᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠲᠦᠷᠦᠭᠦᠯᠡᠨ ᠠᠬᠢᠭᠤᠯᠤᠨ᠎ᠠ᠃ ᠭᠠᠳᠠᠭᠰᠢ ᠭᠠᠷᠬᠤ ᠶᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠬᠤᠯᠪᠣᠭᠳᠠᠯ ᠪᠦᠬᠦᠢ ᠠᠵᠢᠯ ᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠠᠷᠠᠯᠵᠢᠶᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠶᠢ ᠬᠠᠮᠢᠶᠠᠷᠤᠨ᠎ᠠ᠃ ᠪᠥᠬᠦ ᠬᠤᠰᠢᠭᠤᠨ ᠤ ᠪᠥᠬᠦ ᠰᠢᠰᠲ᠋ᠧᠮ ᠤᠨ ᠭᠠᠳᠠᠭᠠᠳᠤ ᠵᠢᠭᠡᠯᠡᠯᠭᠡ ᠶᠢᠨ ᠶᠡᠷᠦᠩᠬᠡᠢ ᠬᠡᠮᠵᠢᠶ᠎ᠡ ᠶᠢ ᠡᠵᠡᠮᠳᠡᠬᠦ᠂ ᠪᠦᠲᠦᠴᠡ ᠶᠢ ᠰᠢᠯᠢᠳᠡᠭᠵᠢᠭᠦᠯᠬᠦ ᠪᠠ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃          ︵ᠲᠠᠪᠤ︶ ᠪᠡᠯᠡ ᠣᠷᠤᠭᠤᠯᠤᠯᠲᠠ ᠶᠢᠨ ᠶᠡᠷᠦᠩᠬᠡᠢ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠨᠡᠶᠢᠭᠡᠮ   ᠤᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠶᠡᠷᠦᠩᠬᠡᠢ ᠬᠡᠪᠴᠢᠶ᠎ᠡ᠂ ᠪᠦᠲᠦᠴᠡ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠪᠣᠯᠣᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠥᠷᠥ ᠶᠢᠨ ᠪᠣᠳᠣᠯᠭ᠎ᠠ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠣᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠶᠢᠨ ᠲᠥᠷᠥᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢ ᠴᠢᠷᠮᠠᠶᠢᠨ ᠣᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠵᠤ ᠬᠢᠨᠠᠨ ᠬᠠᠷᠭᠤᠭᠤᠯᠤᠨ᠎ᠠ᠃    ᠴᠢᠬᠤᠯᠠ ᠶᠡᠭᠡ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠳᠠ ᠶᠢ ᠲᠥᠯᠥᠪᠵᠢᠭᠦᠯᠦᠨ᠎ᠡ᠃ ᠠᠷᠠᠳ ᠤᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃    ︵ᠵᠢᠷᠭᠤᠭ᠎ᠠ︶ ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠳᠤᠷᠠᠳᠣᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠶᠢᠨ ᠦᠨᠡᠯᠡᠨ ᠵᠢᠱᠢᠵᠦ ᠬᠢᠨᠠᠨ ᠵᠢᠯᠤᠭᠤᠳᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ᠂ ᠴᠢᠬᠤᠯᠠ ᠶᠡᠭᠡ ᠢᠨᠵᠧᠨᠧᠷᠢᠩ ᠤᠨ ᠬᠢᠨᠠᠨ ᠵᠢᠯᠤᠭᠤᠳᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠦᠬᠦᠢ ᠲᠣᠬᠢᠷᠠᠭᠤᠯᠤᠯᠲᠠ ᠬᠢᠬᠦ ᠰᠠᠨᠠᠭᠤᠯᠭ᠎ᠠ ᠶᠢ ᠳᠤᠷᠠᠳᠣᠨ᠎ᠠ᠃    ︵ᠳᠣᠯᠤᠭ᠎ᠠ︶ ᠣᠷᠣᠨ ᠪᠦᠰᠡ ᠶᠢᠨ ᠵᠣᠬᠢᠴᠠᠩᠭᠤᠢ  ᠬᠦᠭᠵᠢᠯᠳᠠ ᠶᠢᠨ  ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠢᠶ᠎ᠠ ᠪᠦᠬᠦᠢ ᠣᠷᠣᠨ ᠪᠦᠰᠡ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ᠂  ᠴᠥᠭᠡᠨ ᠲᠣᠭᠠᠲᠤ ᠦᠨᠳᠦᠰᠦᠲᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠵᠢᠴᠢ ᠪᠤᠰᠤᠳ ᠣᠨᠴᠠᠭᠠᠶ ᠬᠦᠴᠢᠷᠳᠡᠯ ᠲᠠᠢ ᠭᠠᠵᠠᠷ ᠣᠷᠣᠨ ᠤ ᠬᠥᠭᠵᠢᠯᠲᠡ ᠶᠢᠨ ᠲᠥᠯᠦᠪᠵᠢᠭᠦᠯᠭᠡ ᠪᠠ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠪᠠ ᠬᠡᠷᠡᠭᠵᠢᠭᠦᠯᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠲᠥᠯᠥᠪᠯᠡᠭᠡ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ᠎ᠠ᠃    ︵ᠨᠠᠢᠮᠠ︶ ᠶᠡᠷᠦᠩᠬᠡᠶᠢᠯᠡᠭᠰᠡᠨ ᠴᠢᠨᠠᠷᠲᠠᠢ ᠠᠵᠤ ᠦᠢᠯᠡᠰ ᠤᠨ ᠲᠦᠷᠤ ᠶᠢᠨ ᠪᠣᠳᠣᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠨ᠎ᠠ᠃ ᠨᠢᠭᠡᠳᠦᠭᠡᠷ᠂  ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠶᠢᠨ ᠬᠠᠮᠲᠤ ᠬᠠᠮᠢᠶ᠎ᠠ ᠪᠦᠬᠦᠢ ᠬᠥᠭᠵᠢᠯᠲᠡ ᠶᠢᠨ ᠲᠥᠯᠦᠪᠵᠢᠭᠦᠯᠭᠡ ᠪᠣᠯᠣᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠠᠵᠢᠯ ᠢ ᠵᠣᠯᠭᠠᠭᠤᠯᠵᠤ᠂ ᠴᠢᠬᠤᠯᠠ ᠶᠡᠭᠡ ᠰᠠᠭᠤᠷᠢ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢ ᠵᠣᠬᠢᠴᠠᠩᠭᠤᠢ ᠪᠠᠷ ᠠᠬᠢᠭᠤᠯᠵᠤ᠂ ᠦᠢᠯᠡᠴᠢᠯᠡᠭᠡᠨ ᠤ ᠦᠢᠯᠡᠰ ᠬᠢᠭᠡᠳ ᠤᠳᠤ ᠦᠶ᠎ᠡ ᠶᠢᠨ ᠪᠠᠷᠠᠭᠠᠨ᢭ ᠤ ᠭᠦᠢᠯᠭᠡᠭᠡᠨ   ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠠᠬᠢᠭᠤᠯᠤᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠤ ᠬᠡᠷᠡᠭᠵᠢᠭᠦᠯᠦᠨ᠎ᠡ᠃  ︵ᠶᠢᠰᠦ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠬᠡᠷᠡᠭᠵᠢᠭᠦᠯᠬᠦ ᠶᠢ  ᠠᠬᠢᠭᠤᠯᠤᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠬᠤᠰᠢᠭᠤᠨ ᠤ ᠰᠢᠨ᠎ᠡ ᠶᠢ ᠡᠭᠦᠳᠦᠨ ᠦᠢᠯᠡᠰ  ᠪᠤᠰᠬᠠᠬᠤ ᠶᠢ ᠠᠬᠢᠭᠤᠯᠬᠤ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠰᠢᠨ᠎ᠡ ᠶᠢ ᠡᠭᠦᠳᠦᠨ ᠬᠥᠭᠵᠢᠭᠦᠯᠬᠦ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ  ᠬᠦᠳᠡᠯᠭᠡᠬᠦ  ᠬᠦᠴᠦᠨ ᠢ ᠪᠣᠶᠢᠵᠢᠭᠤᠯᠬᠤ ᠲᠥᠷᠥ ᠶᠢᠨ ᠪᠣᠳᠣᠯᠭ᠎ᠠ ᠶᠢ ᠳᠤᠷᠠᠳᠤᠨ  ᠭᠠᠷᠭᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠲᠥᠬᠦᠭᠡᠷᠦᠮᠵᠢ ᠶᠢ ᠲᠥᠯᠥᠪᠵᠢᠭᠦᠯᠦᠨ ᠪᠠᠶᠢᠷᠢᠯᠠᠭᠤᠯᠤᠨ᠎ᠠ᠃ ᠳᠡᠭᠡᠳᠦ ᠮᠡᠷᠭᠡᠵᠢᠯ ᠤᠨ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠬᠥᠭᠵᠢᠭᠦᠯᠬᠦ ᠲᠥᠯᠦᠪᠵᠢᠭᠦᠯᠭᠡ ᠶᠢᠨ ᠲᠦᠷᠦ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠲᠡᠰ ᠳᠡᠪᠰᠢᠬᠦ ᠶᠢ ᠵᠣᠬᠢᠴᠠᠭᠤᠯᠤᠨ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠨ᠎ᠡ᠃   ︵ᠠᠷᠪᠠ︶ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠵᠤ ᠮᠠᠭᠠᠳᠯᠠᠬᠤ ᠪᠠ ᠬᠠᠮᠢᠶ᠎ᠠ ᠪᠦᠬᠦᠢ ᠠᠵᠢᠯ ᠤᠨ ᠰᠠᠨᠠᠭᠤᠯᠭ᠎ᠠ ᠳᠤᠷᠠᠳᠤᠨ᠎ᠠ᠃ ᠴᠢᠬᠤᠯᠠ ᠲᠠᠸᠠᠷ ᠤᠨ ᠶᠡᠷᠦᠩᠬᠡᠢ ᠬᠡᠮᠵᠢᠶ᠎ᠡ ᠶᠢ ᠲᠡᠩᠴᠡᠭᠦᠷᠢᠲᠡᠢ ᠪᠠᠶᠢᠯᠭᠠᠬᠤ ᠪᠠ ᠬᠤᠷᠸ᠎ᠠ ᠲᠣᠬᠢᠷᠠᠭᠤᠯᠭ᠎ᠠ ᠶᠢᠨ ᠡᠵᠡᠮᠳᠡᠯ ᠢ ᠬᠠᠷᠢᠭᠤᠴᠠᠵᠤ᠂ ᠴᠢᠬᠤᠯᠠ ᠠᠵᠤ ᠦᠢᠯᠡᠳᠪᠦᠷᠢ ᠶᠢᠨ ᠦᠢᠯᠡᠳᠬᠦᠨ᠂ ᠲᠦᠭᠦᠬᠡᠢ ᠮᠠᠲ᠋ᠧᠷᠢᠶᠠᠯ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠣᠬᠢᠷᠠᠭᠤᠯᠭ᠎ᠠ ᠶᠢᠨ ᠡᠵᠡᠮᠳᠡᠯ ᠤᠨ ᠰᠠᠨᠠᠯ ᠢ ᠳᠤᠷᠠᠳᠬᠤ ᠶᠢᠨ ᠬᠠᠮᠳᠣ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃  ︵ᠠᠷᠪᠠᠨ ᠨᠢᠭᠡ︶ ᠨᠡᠶᠢᠭᠡᠮ ᠤᠨ ᠬᠥᠭᠵᠢᠯᠲᠡ ᠪᠣᠯᠣᠨ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ  ᠢ ᠵᠣᠬᠢᠴᠠᠭᠤᠯᠤᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ᠂ ᠶᠡᠷᠦᠩᠬᠡᠢ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠬᠢᠭᠡᠳ ᠠᠵᠤ ᠠᠬᠤᠢ ᠶᠢᠨ ᠵᠣᠬᠢᠴᠠᠩᠭᠤᠢ ᠬᠥᠭᠵᠢᠯᠲᠡ ᠶᠢ ᠲᠡᠭᠦᠯᠳᠡᠷᠵᠢᠭᠦᠯᠬᠦ ᠲᠦᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠦᠭᠦᠯᠡᠨ ᠥᠷᠨᠢᠭᠦᠯᠦᠨ᠎ᠡ᠃   ︵ᠠᠷᠪᠠᠨ ᠬᠤᠶᠠᠷ︶ ᠦᠷᠭᠦᠯᠵᠢᠯᠡᠭᠦᠶᠢᠴᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠢ ᠣᠷᠴᠢᠨ ᠨᠥᠬᠦᠴᠡᠯ ᠢ ᠬᠠᠮᠠᠭᠠᠯᠠᠬᠤ ᠪᠠ ᠵᠠᠰᠠᠨ ᠰᠡᠷᠭᠦᠭᠡᠬᠦ᠂ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠪᠦᠷᠢᠨᠰᠢᠭᠦᠯᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠢ ᠶᠡᠷᠦᠩᠬᠡᠶᠢᠯᠡᠨ ᠵᠣᠬᠢᠴᠠᠭᠤᠯᠬᠤ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠳᠤᠷᠠᠳᠤᠨ ᠭᠠᠷᠭᠠᠨ᠎ᠠ  ᠃   ︵ᠠᠷᠪᠠᠨ ᠭᠤᠷᠪᠠ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠠᠷᠠᠳ ᠤᠨ ᠠᠵᠤ ᠠᠬᠤᠢ ᠶᠢᠨ ᠳᠠᠶᠢᠴᠢᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃    ︵ᠠᠷᠪᠠᠨ ᠳᠥᠷᠪᠡ︶ ᠪᠥᠬᠦ ᠬᠤᠰᠢᠭᠤᠨ ᠤ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃   ᠪᠥᠬᠦ ᠬᠤᠰᠢᠭᠤᠨ ᠤ ᠨᠡᠭᠦᠷᠡᠰᠦᠨ ᠠᠭᠤᠷᠬᠠᠢ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢ ᠣᠷᠳᠣ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠲᠤᠰᠬᠠᠢ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠡᠨᠧᠷᠭᠢ ᠶᠢᠨ ᠦᠢᠯᠡᠳᠪᠦᠷᠢᠯᠡᠯ᠂ ᠠᠵᠢᠯᠯᠠᠭᠠᠨ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠪᠥᠬᠦ ᠬᠤᠰᠢᠭᠤᠨ ᠤ ᠨᠡᠭᠦᠷᠡᠰᠦᠨ ᠠᠭᠤᠷᠬᠠᠢ ᠶᠢᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ᠂  ᠭᠠᠵᠠᠷ ᠤᠨ ᠪᠠᠶᠢᠴᠠ  ︵ᠭᠠᠳᠠᠷᠭᠤ︶ ᠳᠣᠷᠣᠭᠰᠢ ᠰᠠᠭᠤᠭᠰᠠᠨ ᠣᠷᠣᠨ ᠵᠡᠷᠭᠡ ᠶᠢᠨ ᠭᠠᠢ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠢ ᠲᠥᠯᠥᠪᠯᠡᠨ᠎ᠡ᠃    ︵ᠠᠷᠪᠠᠨ ᠲᠠᠪᠤ︶ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠪᠢᠴᠢᠨ᠎ᠡ᠃ ᠴᠢᠬᠤᠯᠠ ᠡᠳ᠋ ᠪᠣᠳᠠᠰ ᠨᠥᠭᠡᠴᠡᠯᠡᠬᠦ ᠲᠥᠯᠦᠪᠵᠢᠭᠦᠯᠭᠡ᠂ ᠨᠥᠭᠡᠴᠡᠯᠡᠬᠦ ᠲᠦᠷᠦᠯ ᠵᠦᠢᠯ ᠤᠨ ᠭᠠᠷᠴᠠᠭ ᠤᠨ ᠲᠤᠬᠠᠢ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠥᠬᠦ ᠬᠤᠰᠢᠭᠤᠨ ᠤ ᠠᠮᠤ ᠪᠤᠳᠠᠭ᠎ᠠ᠂ ᠡᠮ ᠤᠨ ᠵᠦᠢᠯᠡᠰ ᠪᠠ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠰᠠᠭᠤᠷᠢ ᠲᠥᠬᠦᠭᠡᠷᠦᠮᠵᠢ᠂ ᠠᠮᠤ ᠪᠤᠳᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠨᠥᠭᠡᠴᠡ᠂ ᠠᠵᠤ ᠠᠬᠤᠶᠢᠯᠠᠯ ᠤᠨ ᠨᠥᠭᠡᠴᠡ ᠵᠢᠴᠢ ᠨᠥᠭᠡᠴᠡᠯᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠬᠠᠷᠢᠭᠤᠴᠠᠨ᠎ᠠ᠃     ︵ᠠᠷᠪᠠᠨ ᠵᠢᠷᠭᠤᠭ᠎ᠠ︶ ᠨᠠᠮ ᠤᠨ ᠲᠥᠪ ᠬᠤᠷᠢᠶ᠎ᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠤᠬᠠᠢ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠥᠯᠦᠪᠵᠢᠭᠦᠯᠭᠡ᠂ ᠣᠨ ᠤ ᠲᠥᠯᠥᠪᠯᠡᠭᠡ ᠪᠠ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠣᠷᠣᠯᠴᠠᠨ᠎ᠠ᠃ ᠬᠤᠰᠢᠭᠤᠨ ᠤ ᠳᠣᠲᠣᠨ᠎ᠠ ᠭᠠᠳᠠᠨᠠᠬᠢ ᠠᠵᠤ ᠠᠬᠤᠢ ᠶᠢᠨ ᠬᠠᠮᠲᠤᠷᠠᠯᠴᠠᠭᠠᠨ ᠤ ᠪᠠᠶᠢᠳᠠᠯ ᠢ ᠰᠤᠳᠤᠯᠤᠨ ᠵᠠᠳᠠᠯᠵᠤ᠂ ᠪᠥᠬᠦ ᠬᠤᠰᠢᠭᠤᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠰᠢᠭᠤᠨ ᠤ ᠳᠣᠲᠣᠨ᠎ᠠ ᠭᠠᠳᠠᠨᠠᠬᠢ ᠠᠵᠤ ᠠᠬᠤᠢ ᠶᠢᠨ ᠬᠠᠮᠲᠤᠷᠠᠯᠴᠠᠭ᠎ᠠ ᠶᠢ ᠵᠣᠬᠢᠴᠠᠭᠤᠯᠤᠨ ᠠᠬᠢᠭᠤᠯᠵᠤ᠂ ᠪᠥᠬᠦ ᠬᠤᠰᠢᠭᠤᠨ ᠤ ᠴᠢᠨᠠᠷᠲᠠᠢ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠯᠠᠨ ᠤᠯᠤᠰ ᠤᠨ ᠬᠤᠭᠤᠷᠣᠨᠳᠣᠬᠢ ᠠᠵᠤ ᠠᠬᠤᠢ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠣᠷᠣᠯᠴᠠᠨ᠎ᠠ᠃     ᠮᠠᠨ ᠤ ᠬᠤᠰᠢᠭᠤᠨ ᠤ ᠣᠷᠣᠨ ᠪᠦᠰᠡ ᠶᠢᠨ ᠳᠠᠪᠠᠭᠤᠯᠢᠭ᠂ ᠬᠠᠷᠠᠭᠠᠯᠵᠠᠯ ᠤᠨ ᠳᠦᠷᠦ ᠶᠢᠨ ᠪᠣᠳᠣᠯᠭ᠎ᠠ᠂ ᠬᠠᠮᠲᠤᠷᠠᠯᠴᠠᠭᠠᠨ ᠤ ᠠᠷᠭ᠎ᠠ ᠶᠢ ᠢᠳᠡᠪᠬᠢᠲᠡᠢ ᠪᠠᠷ ᠲᠠᠨᠢᠯᠴᠠᠭᠤᠯᠤᠨ ᠤᠬᠠᠭᠤᠯᠵᠤ᠂ ᠪᠡᠯᠡ ᠣᠷᠤᠭᠤᠯᠤᠯᠲᠠ ᠶᠢᠨ ᠲᠠᠨᠢᠯᠴᠠᠭᠤᠯᠭ᠎ᠠ᠂ ᠠᠷᠠᠯᠵᠢᠶᠠᠴᠢᠨ ᠤᠷᠢᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠵᠤ ᠠᠬᠤᠢ ᠶᠢᠨ ᠬᠠᠮᠲᠤᠷᠠᠯᠴᠠᠭᠠᠨ ᠤ ᠠᠷᠭ᠎ᠠ ᠵᠠᠮ ᠢ ᠥᠷᠭᠡᠳᠬᠡᠨ᠎ᠡ᠃     ᠮᠠᠨ ᠤ ᠬᠤᠰᠢᠭᠤᠨ ᠤ ᠪᠤᠰᠤᠳ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭᠠᠨ ᠤ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠨᠥᠬᠦᠷᠰᠡᠭ ᠬᠤᠲᠠ ᠪᠠᠶᠢᠭᠤᠯᠬᠤ ᠶᠢ ᠠᠬᠢᠭᠤᠯᠤᠨ᠂ ᠴᠢᠬᠤᠯᠠ ᠶᠡᠭᠡ ᠬᠠᠮᠲᠤᠷᠠᠯᠴᠠᠭᠠᠨ ᠤ ᠵᠥᠪᠯᠡᠯᠴᠡᠭᠡᠷ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠤᠯᠪᠣᠭ᠎ᠠ ᠠᠪᠴᠤ ᠵᠣᠬᠢᠴᠠᠭᠤᠯᠬᠤ᠂ ᠮᠡᠳᠡᠭᠡ ᠵᠠᠩᠭᠢ ᠨᠡᠪᠲᠡᠷᠡᠯᠴᠡᠬᠦ᠂ ᠠᠵᠢᠯ ᠤᠨ ᠰᠣᠯᠢᠯᠴᠠᠭ᠎ᠠ ᠬᠢᠬᠦ᠂ ᠰᠢᠨᠵᠢᠯᠡᠨ ᠪᠠᠶᠢᠴᠠᠭᠠᠵᠤ ᠬᠠᠷᠢᠯᠴᠠᠨ ᠠᠶᠢᠯᠴᠢᠯᠠᠬᠤ ᠵᠡᠷᠭᠡ ᠠᠵᠢᠯ ᠢ ᠥᠷᠨᠢᠭᠦᠯᠦᠨ᠎ᠡ᠃     ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠵᠡᠷᠭᠡ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠮᠠᠨ ᠤ ᠬᠤᠰᠢᠭᠤ ᠤᠯᠤᠰ ᠤᠨ ︽ᠨᠢᠭᠡ ᠪᠦᠰᠡ ᠨᠢᠭᠡ ᠵᠠᠮ︾ ᠲᠤ ᠠᠭᠤᠰᠤᠯᠴᠠᠬᠤ᠂ ︽ᠤᠮᠠᠷᠠᠰᠢ ᠨᠡᠭᠡᠭᠡᠯᠲᠡ ᠬᠢᠬᠦ︾ ᠵᠢᠴᠢ ︽ᠵᠡᠭᠦᠨ ᠬᠤᠶᠢᠳᠣ ᠶᠢᠨ ᠭᠤᠷᠪᠠᠨ ᠮᠤᠵᠢ︾᠂ ︽ᠪᠡᠭᠡᠵᠢᠩ ᠲᠢᠶᠠᠨᠵᠢᠨ ᠾᠧᠪᠧᠢ︾᠂ ︽ᠬᠥᠬᠡᠮᠥ᠋ᠷᠡᠨ ᠤ ᠭᠤᠷᠪᠠᠯᠵᠢᠨ ᠬᠤᠶᠢᠭ︾᠂ ︽ᠵᠦᠵᠢᠶᠠᠩ ᠮᠥᠷᠡᠨ ᠤ ᠭᠤᠷᠪᠠᠯᠵᠢᠨ ᠬᠤᠶᠢᠭ︾ ᠵᠡᠷᠭᠡ ᠭᠠᠵᠠᠷ ᠣᠷᠣᠨ ᠯᠤᠭ᠎ᠠ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠰᠠᠨᠠᠭᠤᠯᠭ᠎ᠠ  ᠲᠤᠷᠠᠳᠤᠨ᠎ᠠ᠃    ︵ᠠᠷᠪᠠᠨ ᠳᠣᠯᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃   ︵ᠠᠷᠪᠠᠨ ᠨᠠᠢᠮᠠ︶ ᠡᠭᠦᠷᠭᠡ  ᠴᠢᠳᠠᠪᠬᠢ ᠶᠢᠨ ᠬᠤᠪᠢᠷᠠᠯᠳᠠ᠃   ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ  ᠬᠦᠴᠤᠨ ᠢᠶᠠᠨ ᠬᠤᠷᠸ᠎ᠠ ᠲᠠᠯ᠎ᠠ ᠶᠢ ᠬᠠᠮᠢᠶᠠᠷᠬᠤ᠂ ᠪᠦᠬᠦ ᠲᠠᠯ᠎ᠠ ᠶᠢ ᠪᠣᠳᠣᠯᠬᠢᠯᠠᠬᠤ᠂  ᠶᠡᠭᠡ ᠶᠠᠪᠤᠳᠠᠯ ᠢ ᠠᠳᠬᠤᠬᠤ ᠳᠡᠭᠡᠷ᠎ᠡ ᠰᠢᠯᠵᠢᠭᠦᠯᠤᠨ ᠰᠠᠯᠠᠭ᠎ᠠ ᠮᠥᠴᠢᠷ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ᠂ ᠠᠵᠢᠯ ᠲᠦᠷᠦᠯ ᠠᠯᠤᠰᠯᠠᠭᠰᠠᠨ᠂ ᠬᠦᠷᠢᠶ᠎ᠡ ᠬᠡᠪᠴᠢᠶ᠎ᠡ ᠠᠯᠤᠰᠯᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠥᠭᠡᠷᠡᠴᠢᠯᠡᠯᠲᠡ᠂ ᠴᠢᠬᠤᠯᠠ ᠶᠡᠭᠡ ᠢᠨᠵᠧᠨᠧᠷᠢᠩ ᠤᠨ ᠶᠡᠷᠦᠩᠬᠡᠶᠢᠯᠡᠭᠰᠡᠨ ᠵᠣᠬᠢᠴᠠᠭᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠰᠢᠨ᠎ᠡ ᠶᠢ ᠡᠭᠦᠳᠬᠦ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠪᠢᠴᠢᠯ ᠬᠠᠮᠢᠶᠠᠷᠤᠯᠲᠠ ᠶᠢᠨ ᠬᠡᠷᠡᠭ ᠶᠠᠪᠤᠳᠠᠯ ᠪᠠ ᠪᠣᠳᠠᠲᠠᠢ ᠬᠢᠨᠠᠨ ᠵᠥᠪᠰᠢᠶᠡᠷᠡᠬᠦ ᠵᠦᠢᠯᠡᠰ ᠢ ᠤᠯᠠᠮ ᠨᠢᠭᠡ ᠠᠯᠬᠤᠮ ᠪᠠᠭᠠᠰᠬᠠᠵᠤ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠲᠤ ᠰᠢᠭᠤᠳ ᠡᠬᠢ ᠪᠠᠶᠠᠯᠢᠭ ᠲᠣᠬᠢᠷᠠᠭᠤᠯᠬᠤ ᠶᠠᠪᠤᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠠᠵᠢᠯᠯᠠᠭ᠎ᠠ ᠳᠤ ᠰᠢᠭᠤᠳ ᠭᠠᠷ ᠲᠦᠷᠦᠭᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠡᠬᠢ ᠪᠠᠶᠠᠯᠢᠭ ᠢ ᠲᠣᠬᠢᠷᠠᠭᠤᠯᠬᠤ ᠦᠷ᠎ᠡ ᠪᠦᠲᠦᠮᠵᠢ ᠪᠠ ᠭᠤᠣᠯᠴᠢ ᠴᠢᠨᠠᠷ ᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠳᠤᠯᠢᠭ ᠬᠦᠴᠦᠨ ᠢ ᠬᠥᠭᠵᠢᠭᠡᠨ᠎ᠡ᠃    1. ᠪᠥᠬᠦ ᠬᠤᠰᠢᠭᠤᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠣᠭᠲᠠᠭᠠᠵᠤ᠂ ᠨᠢᠭᠡᠳᠦᠯᠲᠡᠢ ᠲᠥᠯᠦᠪᠵᠢᠭᠦᠯᠭᠡ ᠶᠢᠨ ᠰᠢᠰᠲ᠋ᠧᠮ ᠤᠨ ᠡᠭᠦᠷᠭᠡ ᠴᠢᠳᠠᠪᠤᠷᠢ ᠶᠢ ᠴᠢᠩᠭᠠᠳᠬᠠᠨ᠂ ᠲᠥᠯᠦᠪᠵᠢᠭᠦᠯᠭᠡ ᠶᠢᠨ ᠳᠦᠷᠢᠮ ᠢ ᠲᠡᠭᠦᠯᠳᠡᠷᠵᠢᠭᠦᠯᠣᠨ ᠲᠥᠯᠦᠪᠵᠢᠭᠦᠯᠭᠡ ᠶᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠲᠥᠯᠦᠪᠵᠢᠭᠦᠯᠭᠡ ᠶᠢᠨ ᠲᠤᠭ᠎ᠠ ᠬᠡᠮᠵᠢᠶ᠎ᠡ ᠶᠢ ᠴᠣᠮᠬᠠᠳᠬᠠᠨ᠂ ᠲᠥᠯᠦᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠵᠢᠴᠢ ᠮᠠᠨ ᠤ ᠬᠤᠰᠢᠭᠤᠨ ᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ ᠶᠢᠨ ᠤᠳᠤᠷᠢᠳᠤᠮᠵᠢ ᠶᠢᠨ ᠦᠢᠯᠡᠳᠦᠯ ᠢ ᠨᠠᠩ ᠰᠠᠶᠢᠨ ᠪᠠᠳᠠᠷᠠᠭᠤᠯᠤᠨ᠎ᠠ᠃       2. ᠬᠤᠷᠸ᠎ᠠ ᠠᠵᠤ ᠠᠬᠤᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠲᠣᠬᠢᠷᠠᠭᠤᠯᠤᠨ ᠡᠵᠡᠮᠳᠡᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠬᠥᠭᠵᠢᠯᠲᠡ ᠶᠢᠨ ᠲᠥᠯᠦᠪᠵᠢᠭᠦᠯᠭᠡ᠂ ᠡᠳ᠋ ᠤᠨ ᠵᠠᠰᠠᠭ᠂ ᠮᠥᠩᠭᠦᠨ ᠭᠦᠢᠯᠭᠡᠭᠡ ᠵᠡᠷᠭᠡ ᠲᠠᠯ᠎ᠠ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠ ᠠᠵᠢᠯ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ ᠠᠵᠤ ᠠᠬᠤᠢ ᠶᠢᠨ ᠬᠢᠨᠠᠨ ᠬᠡᠮᠵᠢᠬᠦ ᠤᠷᠢᠳᠴᠢᠯᠠᠨ ᠵᠢᠱᠢᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠷᠠᠭᠤᠯᠤᠨ᠂ ᠴᠢᠬᠤᠯᠠ ᠶᠡᠭᠡ ᠠᠰᠠᠭᠤᠳᠠᠯ ᠤᠨ ᠰᠤᠳᠤᠯᠭᠠᠨ ᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠤ ᠬᠤᠷᠸ᠎ᠠ ᠲᠣᠬᠢᠷᠠᠭᠤᠯᠭ᠎ᠠ ᠡᠵᠡᠮᠳᠡᠯ ᠤᠨ ᠪᠠᠷᠠᠯᠠᠯᠳᠣ ᠴᠢᠨᠠᠷ᠂ ᠬᠠᠨᠳᠤᠯᠭᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠨ᠎ᠠ᠃       3. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂  ᠲᠦᠷᠦᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠵᠥᠪᠰᠢᠶᠡᠷᠡᠬᠦ ᠬᠡᠪᠴᠢᠶ᠎ᠡ ᠶᠢ ᠠᠯᠢ ᠴᠢᠳᠠᠬᠤ ᠪᠠᠷ ᠪᠠᠭᠠᠰᠬᠠᠨ᠎ᠠ᠃ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠣᠨ᠂ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠤᠰᠬᠠᠭᠰᠠᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠪᠠ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ  ᠡᠳ᠋ᠯᠡᠬᠦ   ᠶᠢ ᠲᠦᠷᠭᠡᠪᠴᠢᠯᠡᠨ ᠠᠬᠢᠭᠤᠯᠤᠨ᠎ᠠ᠃  
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号