ᠵᠠᠯᠠᠶᠢᠳ ᠬᠤᠰᠢᠭᠤᠨ ᠤ ᠤᠰᠤᠨ ᠠᠰᠢᠭᠯᠠᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/5/25
    ᠭᠤᠣᠯ ᠡᠭᠦᠷᠭᠡ ᠬᠠᠷᠢᠭᠤᠴᠠᠯᠭ᠎ᠠ     1. ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠬᠤ ᠶᠢ  ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠵᠤ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠤᠨ ᠲᠥᠯᠦᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠲᠥᠯᠦᠪᠵᠢᠭᠦᠯᠭᠡ᠂ ᠦᠶᠡᠷ ᠢ ᠰᠡᠷᠭᠡᠶᠢᠯᠡᠬᠦ ᠲᠥᠯᠦᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃     2. ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠠ ᠠᠮᠢ ᠠᠬᠤᠢ ᠣᠷᠴᠢᠨ ᠲᠣᠭᠤᠷᠢᠨ ᠤ ᠬᠡᠷᠡᠭᠯᠡᠬᠦ ᠤᠰᠤ ᠶᠢ ᠨᠢᠭᠡᠳᠦᠯᠲᠡᠢ ᠲᠥᠯᠥᠪᠯᠡᠬᠦ ᠪᠠ ᠪᠠᠲᠤᠯᠠᠬᠤ ᠶᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ᠪᠥᠬᠦ ᠬᠤᠰᠢᠭᠤ ᠪᠣᠯᠣᠨ ᠰᠤᠮᠤ ᠰᠢᠶᠠᠩ ᠪᠠᠯᠭᠠᠰᠤ ︵ᠲᠠᠯᠠᠪᠠᠶ︶ ᠤᠰᠤᠨ ᠤ  ᠲᠤᠮᠳᠠ ᠣᠷᠳᠣ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠦᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠴᠢᠬᠤᠯᠠ ᠰᠠᠪᠠ ᠭᠠᠵᠠᠷ᠂ ᠣᠷᠣᠨ ᠪᠦᠰᠡ ᠵᠢᠴᠢ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠤᠨ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠬᠠᠷᠢᠭᠤᠴᠠᠨ᠎ᠠ᠃ ᠤᠰᠤ ᠠᠪᠬᠤ ︵ᠬᠡᠷᠡᠭᠯᠡᠬᠦ︶ ᠶᠢ ᠵᠥᠪᠰᠢᠶᠡᠷᠡᠬᠦ᠂ ᠤᠰᠤᠨ ᠤ ᠡᠬᠢ ᠪᠠᠶᠠᠯᠢᠭ ᠢ ᠨᠤᠲᠠᠯᠠᠬᠤ ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠤᠨ ᠠᠵᠢᠯ ᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠪᠠᠷ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠤᠰᠤ ᠬᠠᠩᠭᠠᠬᠤ ᠪᠠ ᠰᠤᠮᠤ ᠰᠢᠶᠠᠩ ᠪᠠᠯᠭᠠᠰᠤ ᠲᠠᠯᠠᠪᠠᠶ ᠳᠤ ᠤᠰᠤ ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     3 . ᠲᠣᠭᠲᠠᠭᠠᠯ ᠶᠣᠰᠣᠭᠠᠷ ᠪᠦᠬᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ᠂ ᠴᠢᠭᠯᠡᠯ ᠢ ᠳᠤᠷᠠᠳᠴᠤ᠂ ᠪᠣᠳᠠᠲᠠᠢ ᠲᠣᠬᠢᠷᠠᠭᠤᠯᠤᠨ ᠪᠦᠲᠦᠭᠡᠨ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠵᠢᠯᠣᠭᠤᠳᠤᠨ ᠬᠡᠷᠡᠭᠵᠢᠭᠦᠯᠵᠦ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠤᠯᠤᠰ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠲᠥᠯᠦᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠤᠰᠤᠨ ᠠᠰᠢᠭᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠨᠠᠨ ᠬᠠᠷᠭᠤᠭᠤᠯᠤᠨ᠂ ᠳᠠᠬᠢᠨ ᠬᠢᠨᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃    4.  ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠣᠬᠢᠶᠠᠨ ᠪᠠᠶᠢᠭᠤᠯᠤᠨ ᠵᠢᠯᠤᠭᠤᠳᠴᠤ ᠬᠡᠷᠡᠭᠵᠢᠭᠦᠯᠦᠨ᠎ᠡ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃    5. ᠤᠰᠤ ᠶᠢ ᠠᠷᠪᠢᠯᠠᠵᠤ ᠬᠡᠷᠡᠭᠯᠡᠬᠦ ᠠᠵᠢᠯ ᠢ ᠬᠠᠷᠢᠭᠤᠴᠠᠨ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠰᠤ ᠶᠢ ᠠᠷᠪᠢᠯᠠᠵᠤ ᠬᠡᠷᠡᠭᠯᠡᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠤᠰᠤ ᠶᠢ ᠠᠷᠪᠢᠯᠠᠵᠤ ᠬᠡᠷᠡᠭᠯᠡᠬᠦ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠵᠡᠷᠭᠡ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ᢭ ᠢ ᠵᠣᠬᠢᠶᠠᠨ ᠪᠠᠶᠢᠭᠤᠯᠬᠤ ᠪᠠ ᠲᠦᠯᠬᠢᠨ ᠠᠬᠢᠭᠤᠯᠤᠨ᠎ᠠ᠃     6. ᠤᠰᠤᠨ ᠠᠰᠢᠭᠯᠠᠯᠲᠠ ᠶᠢᠨ ᠲᠦᠭᠦᠭᠡᠷᠤᠮᠵᠢ᠂ ᠤᠷᠤᠰᠬᠠᠯ ᠤᠨ ᠣᠷᠣᠨ ᠬᠢᠭᠡᠳ ᠡᠷᠭᠢ ᠶᠢᠨ ᠬᠦᠪᠡᠭᠡ ᠶᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠰᠠᠭᠤᠷᠢ ᠲᠦᠭᠦᠭᠡᠷᠤᠮᠵᠢ ᠶᠢᠨ ᠲᠣᠣᠷ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠪᠦᠭᠦ ᠬᠤᠰᠢᠭᠤᠨ ᠤ ᠴᠢᠬᠤᠯᠠ ᠭᠤᠣᠯ ᠮᠥᠷᠡᠨ᠂ ᠨᠠᠭᠤᠷ ᠴᠥᠭᠦᠷᠥᠮ ᠢ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠶᠢ ᠬᠠᠷᠢᠭᠤᠴᠠᠨ᠎ᠠ᠃ ᠪᠥᠬᠦ ᠬᠤᠰᠢᠭᠤᠨ ᠤ ᠭᠤᠣᠯ ᠮᠥᠷᠡᠨ ᠨᠠᠭᠤᠷ ᠴᠥᠭᠦᠷᠥᠮ‌‍ᠤᠨ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠤᠰᠤᠨ ᠤ ᠬᠡᠮᠵᠢᠶ᠎ᠡ ᠶᠢᠨ ᠬᠠᠮᠢᠶᠠᠷᠤᠯᠲᠠ ᠵᠢᠴᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ ᠢ ᠬᠤᠯᠪᠣᠬᠤ ᠠᠵᠢᠯ ᠢ ᠬᠠᠷᠢᠭᠤᠴᠠᠨ᠎ᠠ᠃     7. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠢᠨᠠᠯᠲᠠ ᠲᠠᠯᠪᠢᠬᠤ ᠪᠠ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠡᠵᠡᠮᠳᠡᠯ ᠤᠨ ᠴᠢᠨᠠᠷᠲᠠᠢ ᠪᠠ ᠰᠤᠮᠤ ᠰᠢᠶᠠᠩ ᠪᠠᠯᠭᠠᠰᠤ ︵ᠲᠠᠯᠠᠪᠠᠶ︶ ᠠᠯᠤᠰᠯᠠᠭᠰᠠᠨ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ᠃      8. ᠬᠥᠷᠥᠰᠥ ᠰᠢᠷᠣᠢ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠲᠥᠯᠦᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠨᠡᠶᠢᠲᠡᠯᠡᠨ᠎ᠡ᠃ ᠪᠥᠬᠦ ᠬᠤᠰᠢᠭᠤᠨ ᠤ ᠲᠥᠷᠥᠯ ᠵᠦᠢᠯ ᠲᠣᠭᠲᠠᠭᠠᠭᠰᠠᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠥᠷᠥᠰᠥ ᠰᠢᠷᠣᠢ ᠶᠢ ᠬᠠᠮᠠᠭᠠᠯᠠᠬᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯᠡᠰ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃       9. ᠮᠠᠯᠵᠢᠬᠤ ᠲᠠᠷᠢᠶᠠᠯᠠᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠪᠥᠬᠦ ᠬᠤᠰᠢᠭᠤᠨ ᠤ ᠤᠰᠤᠯᠠᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠥᠷᠨᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠶᠤᠯ ᠦᠭᠡᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠮᠠᠯᠵᠢᠬᠤ ᠲᠠᠷᠢᠶᠠᠯᠠᠬᠤ  ᠣᠷᠣᠨ   ᠤ ᠤᠰᠤᠨ   ᠤ  ᠡᠬᠢ ᠪᠠᠶᠠᠯᠢᠭ   ᠢ ᠨᠡᠭᠡᠭᠡᠬᠦ᠂ ᠵᠢᠵᠢᠭ ᠤᠰᠤᠨ ᠴᠠᠬᠢᠯᠭᠠᠨ ᠤ ᠥᠭᠡᠷᠡᠴᠢᠯᠡᠯᠲᠡ ᠪᠣᠯᠣᠨ ᠤᠰᠤᠨ ᠴᠠᠬᠢᠯᠭᠠᠨ ᠤ ᠬᠥᠳᠡᠭᠡ ᠲᠣᠰᠬᠤᠨ ᠤ ᠴᠠᠬᠢᠯᠭᠠᠨᠵᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      10. ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠷᠤᠨ ᠤ ᠠᠷᠠᠳ ᠢ ᠨᠡᠭᠦᠯᠭᠡᠬᠦ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ᠎ᠠ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠨ ᠲᠥᠪᠬᠢᠨᠡᠭᠦᠯᠬᠦ ᠶᠢ ᠰᠢᠯᠭᠠᠨ ᠠᠪᠬᠤ᠂ ᠬᠢᠨᠠᠯᠲᠠ ᠲᠠᠯᠪᠢᠨ ᠦᠨᠡᠯᠡᠬᠦ ᠵᠡᠷᠭᠡ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠴᠥᠭᠦᠷᠥᠮ ᠤᠨ ᠠᠷᠠᠳ ᠢ ᠨᠡᠭᠦᠯᠭᠡᠬᠦ ᠰᠡᠭᠦᠯᠴᠢ ᠶᠢᠨ ᠬᠤᠭᠤᠴᠠᠭᠠᠨ ᠤ ᠲᠡᠳᠬᠦᠬᠦ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠳᠡ ᠳᠤ ᠬᠢᠨᠠᠯᠳᠠ ᠲᠠᠯᠪᠢᠨ᠎ᠠ᠃    11. ᠤᠰᠤᠨ ᠤ ᠶᠠᠪᠤᠳᠠᠯ ᠤᠨ ᠵᠢᠭᠤᠷᠠᠯᠳᠤᠭᠠᠨ ᠢ ᠵᠣᠬᠢᠴᠠᠭᠤᠯᠬᠤ ᠪᠠ ᠬᠥᠨᠳᠡᠯᠡᠨ ᠠᠴᠠ ᠲᠠᠰᠤᠯᠬᠤ ᠶᠢ ᠬᠠᠷᠢᠭᠤᠴᠠᠵᠤ᠂ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ  ᠠᠵᠢᠯ ᠢ ᠵᠣᠬᠢᠶᠠᠨ ᠪᠠᠶᠢᠭᠤᠯᠤᠨ ᠵᠢᠯᠤᠭᠤᠳᠴᠤ᠂ ᠤᠰᠤᠨ ᠤ ᠬᠢᠨᠠᠨ ᠪᠠᠶᠢᠴᠠᠭᠠᠬᠤ ᠪᠠ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠵᠤ᠂ ᠴᠥᠭᠦᠷᠥᠮ᠂ ᠤᠰᠤᠨ ᠴᠠᠬᠢᠯᠭᠠᠨ ᠦᠷᠳᠡᠭᠡ ᠶᠢᠨ ᠬᠠᠰᠢᠯᠭ᠎ᠠ᠂ ᠬᠥᠳᠡᠭᠡ ᠲᠣᠰᠬᠤᠨ ᠤ ᠤᠰᠤᠨ ᠴᠠᠬᠢᠯᠭᠠᠨ ᠦᠷᠳᠡᠭᠡ ᠶᠢᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃      12. ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠬᠢᠯᠢ ᠠᠯᠤᠰᠯᠠᠭᠰᠠᠨ ᠭᠤᠣᠯ ᠮᠥᠷᠡᠨ ᠤ ᠠᠵᠢᠯ ᠢ ᠥᠷᠨᠢᠭᠦᠯᠦᠨ᠎ᠡ᠃ ᠪᠥᠬᠦ ᠬᠤᠰᠢᠭᠤᠨ ᠤ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ᠂ ᠳᠦᠷᠢᠮ ᠤᠨ ᠵᠢᠷᠤᠮᠵᠢᠯ ᠢ ᠬᠢᠨᠠᠮᠠᠭᠠᠢ  ᠲᠤᠭᠤᠰᠢᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ  ᠤᠨ ᠠᠵᠢᠯ ᠢ ᠡᠭᠦᠷᠭᠡᠯᠡᠨ᠎ᠡ᠃ ᠡᠷᠬᠡ ᠣᠯᠭᠤᠭᠰᠠᠨ ᠶᠣᠰᠣᠭᠠᠷ ᠬᠢᠯᠢ ᠠᠯᠤᠰᠯᠠᠭᠰᠠᠨ ᠭᠤᠣᠯ ᠮᠥᠷᠡᠨ ᠤ ᠬᠤᠯᠪᠣᠭᠳᠠᠯ ᠪᠦᠬᠦᠢ ᠬᠢᠯᠢ ᠠᠯᠤᠰᠯᠠᠭᠰᠠᠨ ᠬᠡᠷᠡᠭ ᠶᠠᠪᠤᠳᠠᠯ ᠢ ᠭᠦᠢᠴᠡᠳᠬᠡᠨ᠎ᠡ᠃      13. ᠭᠠᠮᠰᠢᠭ ᠢ ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠦᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠦᠶᠡᠷ ᠤᠰᠣᠳᠣᠯ ᠭᠠᠩ ᠬᠠᠭᠰᠠᠷᠠᠭᠠᠨ ᠤ ᠭᠠᠮᠰᠢᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠤᠰᠤᠨ ᠤ ᠪᠠᠶᠢᠳᠠᠯ᠂ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠴᠢᠬᠤᠯᠠ ᠭᠤᠣᠯ ᠮᠥᠷᠡᠨ ᠪᠣᠯᠣᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠤᠰᠤ ᠶᠢ ᠰᠡᠷᠭᠡᠶᠢᠯᠡᠨ ᠭᠠᠩ ᠤᠨ ᠭᠠᠮᠰᠢᠭ ᠲᠠᠢ ᠲᠡᠮᠡᠴᠡᠬᠦ ᠲᠣᠬᠢᠷᠠᠭᠤᠯᠤᠯᠲᠠ ᠵᠢᠴᠢ ᠪᠠᠴᠢᠮ ᠪᠠᠶᠢᠳᠠᠯ ᠢ ᠠᠷᠭᠠᠴᠠᠭᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠥᠯ   ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂  ᠲᠡᠰ ᠳᠠᠷᠠᠭᠠᠯᠠᠯ ᠤᠨ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠶᠡᠷ ᠤᠨ ᠤᠰᠤ ᠶᠢ ᠰᠡᠷᠭᠡᠶᠢᠯᠡᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃     14᠂ ᠪᠥᠬᠦ ᠬᠤᠰᠢᠭᠤᠨ ᠤ ᠭᠤᠣᠯ ᠮᠦᠷᠡᠨ ᠨᠠᠭᠤᠷ  ᠴᠦᠭᠦᠷᠤᠮ ᠤᠨ ᠳᠠᠷᠤᠭ᠎ᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠡᠭᠦᠷᠭᠡᠯᠡᠨ᠎ᠡ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠲᠣᠬᠢᠷᠠᠭᠤᠯᠤᠨ ᠬᠢᠨᠠᠨ ᠵᠢᠯᠤᠭᠤᠳᠬᠤ᠂ ᠪᠠᠶᠢᠴᠠᠭᠠᠵᠤ ᠰᠢᠯᠭᠠᠨ ᠬᠢᠨᠠᠬᠤ ᠶᠢ ᠬᠠᠷᠢᠭᠤᠴᠠᠵᠤ᠂ ᠬᠤᠰᠢᠭᠤᠨ ᠤ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ᠂ ᠳᠡᠳ᠋ ᠶᠡᠷᠦᠩᠬᠡᠢ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠢᠴᠢ ᠬᠤᠰᠢᠭᠤᠨ ᠲᠠᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠣᠭᠲᠠᠭᠠᠭᠰᠠᠨ ᠵᠦᠢᠯᠡᠰ ᠢ ᠨᠠᠶᠢᠳᠠᠪᠤᠷᠢᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃     15. ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ   ᠠᠴᠠ ᠣᠯᠭᠤᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠨᠤᠲᠠᠯᠠᠯᠲᠠ᠂ ᠵᠠᠰᠠᠭ ᠵᠠᠬᠢᠷᠭᠠᠨ ᠤ  ᠬᠦᠭᠢᠭᠦᠯᠤᠯ ᠱᠠᠩᠨᠠᠯ᠂ ᠵᠠᠰᠠᠭ ᠵᠠᠬᠢᠷᠭᠠᠨ ᠤ ᠭᠠᠶᠢᠯᠢ ᠲᠠᠳᠠᠪᠤᠷᠢ ᠵᠡᠷᠭᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠬᠠᠷᠢᠭᠤᠴᠠᠨ ᠬᠡᠷᠡᠭᠵᠢᠭᠦᠯᠦᠨ᠎ᠡ᠃     16᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号