ᠵᠠᠯᠠᠶᠢᠳ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ
ᠨᠡᠶᠢᠲᠡᠯᠡᠭᠰᠡᠨ ᠴᠠᠭ᠄
2023/5/29
    ᠨᠢᠭᠡ᠂ ᠭᠤᠣᠯ ᠡᠭᠦᠷᠭᠡ ᠬᠠᠷᠢᠭᠤᠴᠠᠯᠭ᠎ᠠ     ︵ᠨᠢᠭᠡ︶ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠤᠭᠤᠷᠪᠢᠬᠤ ᠳᠤ ᠣᠷᠣᠯᠴᠠᠵᠤ᠂ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠰᠠᠭᠤᠳᠠᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠰ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠨ᠎ᠠ᠃     ︵ᠬᠤᠶᠠᠷ︶ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ᠂ ᠲᠠᠸᠠᠷ ᠤᠨ ᠭᠡᠷ ᠪᠠᠶᠢᠰᠢᠩ ᠢ ᠤᠷᠢᠳᠴᠢᠯᠠᠨ ᠬᠤᠳᠠᠯᠳᠤᠬᠤ ᠵᠥᠪᠰᠢᠶᠡᠷᠡᠯ᠂ ᠤᠰᠤ ᠵᠠᠯᠠᠬᠤ ᠵᠥᠪᠰᠢᠶᠡᠷᠡᠯ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠡᠵᠡᠩᠨᠡᠬᠦ ᠵᠥᠪᠰᠢᠶᠡᠷᠡᠯ᠂ ᠠᠷᠠᠳ   ᠤᠨ  ᠠᠭᠠᠷ   ᠤᠨ ᠰᠡᠷᠭᠡᠶᠢᠯᠡᠯᠲᠡ ᠶᠢᠨ ᠪᠠᠷᠢᠯᠭ᠎ᠠ ᠬᠢᠭᠡᠳ ᠬᠠᠮᠢᠶ᠎ᠠ ᠪᠦᠬᠦᠢ ᠤᠴᠢᠷ ᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠬᠤᠳᠠᠨ ᠳᠠᠬᠢ ᠡᠯ᠎ᠡ ᠵᠦᠢᠯ ᠤᠨ ᠬᠤᠭᠤᠯᠠᠢ ᠤᠭᠰᠠᠷᠠᠵᠤ᠂ ᠪᠠᠭᠠᠨ᠎ᠠ ᠪᠤᠰᠬᠠᠵᠤ ᠤᠳᠠᠰᠤ ᠳᠠᠳᠠᠬᠤ ᠵᠡᠷᠭᠡ ᠪᠡᠯᠡᠳᠬᠡᠮᠵᠢ ᠲᠦᠬᠦᠭᠡᠷᠦᠮᠵᠢ ᠪᠠᠶᠢᠭᠤᠯᠬᠤ ᠪᠠ ᠬᠤᠳᠠ ᠶᠢᠨ ᠵᠠᠮ ᠤᠨ ᠭᠡᠷᠡᠯᠲᠦᠭᠦᠯᠭᠡ ᠶᠢᠨ ᠲᠦᠭᠦᠭᠡᠷᠤᠮᠵᠢ ᠶᠢ ᠥᠭᠡᠷᠡᠴᠢᠯᠡᠬᠦ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ ᠤᠷᠳᠤ ᠨᠠᠰᠤᠳᠤ ᠪᠠ ᠬᠤᠪᠤᠷ ᠴᠤᠬᠠᠭ ᠮᠣᠳᠣ ᠶᠢ ᠣᠭᠲᠣᠯᠵᠤ ᠨᠡᠭᠦᠯᠭᠡᠬᠦ᠂ ᠬᠤᠲᠠ ᠶᠢᠨ ᠨᠣᠭᠤᠭᠠᠷᠠᠭᠤᠯᠤᠯᠳᠠ ᠳᠤ ᠡᠵᠡᠯᠡᠨ ᠬᠡᠷᠡᠭᠯᠡᠬᠦ ᠶᠠᠪᠤᠳᠠᠯ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠬᠠᠷᠢᠭᠤᠴᠠᠨ᠎ᠠ᠃ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠠᠷᠢᠯᠭ᠎ᠠ ᠶᠢᠨ ᠲᠦᠷᠦᠯ ᠵᠦᠢᠯ ᠬᠢᠭᠡᠳ ᠬᠤᠳᠠ ᠶᠢᠨ ᠶᠠᠪᠤᠳᠠᠯ ᠤᠨ ᠰᠠᠭᠤᠷᠢ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃    ︵ᠭᠤᠷᠪᠠ︶ ᠣᠷᠣᠨ ᠰᠠᠭᠤᠴᠠ ᠶᠢᠨ ᠳᠦᠷᠢᠮ ᠤᠨ ᠥᠭᠡᠷᠡᠴᠢᠯᠡᠯᠲᠡ ᠶᠢ ᠲᠤᠭᠤᠰᠢᠯᠠᠭᠤᠯᠤᠨ ᠠᠬᠢᠭᠤᠯᠵᠤ᠂ ᠣᠯᠠᠨ ᠭᠤᠣᠯ ᠴᠣᠭᠴᠠ ᠠᠴᠠ ᠬᠠᠩᠭᠠᠬᠤ᠂ ᠣᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡᠪᠡᠷ ᠴᠢᠬᠤᠯᠠᠴᠢᠯᠠᠬᠤ ᠣᠷᠣᠨ ᠰᠠᠭᠤᠴᠠ ᠶᠢᠨ ᠳᠦᠷᠢᠮ ᠢ ᠪᠠᠶᠢᠭᠤᠯᠤᠨ᠎ᠠ᠃ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠢ ᠵᠢᠯᠤᠭᠤᠳᠴᠤ᠂ ᠬᠤᠲᠠ ᠪᠠᠯᠭᠠᠰᠤᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠳᠣ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃     ︵ᠳᠥᠷᠪᠡ︶ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠬᠥᠭᠵᠢᠯᠲᠡ ᠶᠢᠨ ᠠᠵᠢᠯ ᠢ ᠡᠭᠦᠷᠭᠡᠯᠡᠨ᠎ᠡ  ᠃ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠲᠣᠬᠢᠷᠠᠭᠤᠯᠭ᠎ᠠ ᠡᠵᠡᠮᠳᠡᠯ ᠤᠨ ᠲᠥᠷᠥ ᠶᠢᠨ ᠪᠣᠳᠣᠯᠭ᠎ᠠ᠂ ᠳᠦᠷᠢᠮ ᠲᠣᠭᠲᠠᠭᠠᠯ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠲᠥᠷᠥ ᠶᠢᠨ ᠪᠣᠳᠣᠯᠭ᠎ᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ᠂ ᠭᠡᠷ ᠪᠠᠶᠢᠰᠢᠩ ᠤᠨ ᠡᠷᠬᠡ ᠶᠢᠨ ᠬᠠᠷᠢᠶᠠᠯᠠᠯ ᠤᠨ ᠬᠠᠮᠢᠶᠠᠷᠤᠯᠲᠠ᠂ ᠭᠡᠷ ᠪᠠᠶᠢᠰᠢᠩ ᠲᠦᠷᠢᠶᠡᠰᠦᠯᠡᠬᠦ᠂ ᠭᠡᠷ ᠪᠠᠶᠢᠰᠢᠩ ᠤᠨ ᠲᠠᠯᠠᠪᠠᠶ ᠶᠢᠨ ᠬᠠᠮᠢᠶᠠᠷᠤᠯᠲᠠ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠨ᠎ᠡ ᠶᠢ ᠵᠢᠱᠢᠬᠦ ᠪᠠ ᠵᠠᠭᠤᠴᠢᠯᠠᠬᠤ ᠬᠠᠮᠢᠶᠠᠷᠤᠯᠲᠠ᠂ ᠠᠳᠠᠯ ᠠᠬᠤᠢ ᠶᠢᠨ ᠬᠠᠮᠢᠶᠠᠷᠤᠯᠲᠠ᠂ ᠭᠡᠷ ᠪᠠᠶᠢᠰᠢᠩ ᠲᠠᠲᠠᠪᠤᠷᠢᠯᠠᠬᠤ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠭᠡᠷ ᠪᠠᠶᠢᠰᠢᠩ ᠤᠨ ᠳᠡᠩᠰᠡᠯᠡᠨ ᠲᠡᠮᠳᠡᠭᠯᠡᠬᠦ ᠠᠵᠢᠯ ᠢ ᠬᠠᠮᠵᠢᠯᠴᠠᠨ ᠵᠢᠯᠣᠭᠤᠳᠤᠨ᠎ᠠ᠃     ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠤᠯᠪᠣᠭᠳᠠᠯ ᠪᠦᠬᠦᠢ ᠠᠵᠢᠯ ᠲᠥᠷᠥᠯ ᠤᠨ ᠪᠠᠷᠢᠮᠵᠢᠶ᠎ᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ᠂ ᠪᠥᠬᠦ ᠠᠶᠢᠮᠠᠭ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠨ᠎ᠡ ᠪᠤᠳᠤᠬᠤ ᠦᠨᠳᠦᠰᠦ ᠪᠠᠷᠢᠮᠲᠠ ᠶᠢ ᠨᠠᠶᠢᠳᠠᠪᠤᠷᠢᠵᠢᠭᠤᠯᠬᠤ ᠵᠢᠴᠢ ᠣᠷᠣᠨ ᠨᠤᠲᠤᠭ ᠤᠨ ᠮᠠᠲ᠋ᠧᠷᠢᠶᠠᠯ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠬᠠᠷᠢᠭᠤᠴᠠᠨ᠎ᠠ᠃ ᠪᠠᠷᠢᠯᠭ᠎ᠠ ᠶᠢᠨ ᠵᠠᠬ᠎ᠠ ᠳᠡᠯᠭᠡᠭᠦᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠵᠢᠷᠤᠮᠵᠢᠭᠤᠯᠬᠤ ᠳᠦᠷᠢᠮ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠤᠨ᠎ᠡ᠃ ᠪᠠᠷᠢᠯᠭ᠎ᠠ ᠶᠢᠨ ᠦᠢᠯᠡᠰ᠂ ᠬᠠᠶᠢᠨ ᠪᠠᠶᠢᠴᠠᠭᠠᠵᠤ ᠵᠢᠷᠤᠭ ᠲᠦᠯᠦᠪᠯᠡᠭᠡ ᠶᠢᠨ ᠦᠢᠯᠡᠰ᠂ ᠪᠠᠷᠢᠯᠭ᠎ᠠ ᠶᠢᠨ ᠬᠢᠨᠠᠨ ᠬᠠᠮᠢᠶᠠᠷᠴᠤ ᠯᠠᠪᠯᠠᠭ᠎ᠠ ᠥᠭᠬᠦ ᠦᠢᠯᠡᠰ ᠤᠨ ᠠᠵᠢᠯ ᠲᠥᠷᠥᠯ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠮᠳᠠ ᠤᠷᠳᠤ ᠬᠤᠭᠤᠴᠠᠭ᠎ᠠ ᠪᠠᠷ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠠᠮᠢᠶ᠎ᠠ ᠪᠦᠬᠦᠢ ᠠᠵᠤ ᠠᠬᠤᠶᠢᠯᠠᠯ᠂ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠭᠡᠷ ᠳᠣᠲᠣᠷᠠᠬᠢ ᠵᠠᠰᠠᠯ ᠴᠢᠮᠡᠭᠯᠡᠯ ᠤᠨ ᠦᠢᠯᠡᠰ ᠢ ᠬᠠᠮᠢᠶᠠᠷᠬᠤ ᠪᠠ ᠵᠢᠯᠣᠭᠤᠳᠤᠨ᠎ᠠ᠃ ᠪᠠᠷᠢᠯᠭ᠎ᠠ ᠶᠢᠨ ᠠᠵᠤ ᠠᠬᠤᠶᠢᠯᠠᠯ ᠢ ᠭᠠᠳᠠᠭᠰᠢ ᠳᠠᠭᠠᠭᠠᠴᠢᠯᠠᠭᠤᠯᠬᠤ᠂ ᠪᠠᠷᠢᠯᠭ᠎ᠠ ᠶᠢᠨ ᠬᠥᠳᠡᠯᠮᠦᠷᠢ ᠦᠢᠯᠡᠴᠢᠯᠡᠭᠡᠨ ᠤ  ᠬᠠᠮᠳᠤᠷᠠᠯᠴᠠᠭ᠎ᠠ   ᠳᠤ ᠣᠷᠣᠯᠴᠠᠭᠤᠯᠬᠤ ᠶᠢ ᠬᠦᠳᠣᠯᠣᠨ ᠵᠢᠯᠤᠭᠤᠳᠣᠨ᠎ᠠ᠃      ︵ᠵᠢᠷᠭᠤᠭ᠎ᠠ︶ ᠬᠢᠨᠠᠨ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠢᠭᠡᠨᠲᠡ ᠪᠠᠷᠢᠯᠭ᠎ᠠ ᠪᠠᠷᠢᠬᠤ ᠵᠥᠪᠰᠢᠶᠡᠷᠡᠯ ᠣᠯᠣᠭᠰᠠᠨ ᠭᠡᠷ ᠪᠠᠶᠢᠰᠢᠩ ᠤᠨ ᠪᠠᠷᠢᠯᠭ᠎ᠠ ᠵᠢᠴᠢ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠤᠮᠵᠢ ᠶᠢᠨ ᠪᠠᠷᠢᠯᠭ᠎ᠠ ᠶᠢᠨ ᠶᠠᠰᠤ ᠴᠢᠨᠠᠷ᠂ ᠠᠶᠤᠯᠭᠦᠢ ᠦᠢᠯᠡᠳᠪᠦᠷᠢᠯᠡᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ᠃ ᠪᠠᠷᠢᠯᠭ᠎ᠠ ᠶᠢᠨ ᠠᠵᠢᠯ ᠤᠨ ᠶᠠᠰᠤ ᠴᠢᠨᠠᠷ᠂ ᠪᠠᠷᠢᠯᠭ᠎ᠠ ᠶᠢᠨ ᠠᠶᠤᠯᠭᠦᠢ ᠦᠢᠯᠡᠳᠪᠦᠷᠢᠯᠡᠯ᠂ ᠪᠠᠷᠢᠯᠭ᠎ᠠ ᠪᠠᠷᠢᠬᠤ ᠵᠥᠪᠰᠢᠶᠡᠷᠡᠯ ᠪᠠ ᠪᠠᠷᠢᠯᠭ᠎ᠠ ᠶᠢᠨ ᠠᠵᠢᠯ ᠳᠠᠭᠤᠰᠤᠭᠰᠠᠨ ᠤ ᠲᠠᠷᠠᠭᠠᠬᠢ ᠰᠢᠯᠭᠠᠨ ᠠᠪᠴᠤ ᠲᠠᠩᠰᠠᠯᠠᠬᠤ ᠠᠷᠭ᠎ᠠ ᠪᠣᠳᠣᠯᠭ᠎ᠠ᠂ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠬᠠᠮᠢᠶ᠎ᠠ ᠪᠦᠬᠦᠢ ᠮᠡᠷᠭᠡᠵᠢᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠤᠨ᠎ᠡ᠃ ᠪᠠᠷᠢᠯᠭ᠎ᠠ ᠶᠢᠨ ᠬᠦᠨᠳᠦ ᠶᠡᠭᠡ ᠶᠠᠰᠤ ᠴᠢᠨᠠᠷ᠂ ᠠᠮᠤᠷ ᠲᠦᠪᠰᠢᠨ ᠤ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠳᠤ ᠣᠷᠣᠯᠴᠠᠨ᠎ᠠ᠃ ᠭᠡᠷ ᠪᠠᠶᠢᠰᠢᠩ ᠤᠨ ᠪᠠᠷᠢᠯᠭ᠎ᠠ ᠪᠣᠯᠣᠨ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠤᠮᠵᠢ ᠶᠢᠨ ᠪᠠᠷᠢᠯᠭ᠎ᠠ ᠶᠢᠨ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭ᠎ᠠ ᠰᠢᠯᠭᠠᠨ ᠠᠪᠬᠤ ᠵᠢᠴᠢ ᠳᠠᠩᠰᠠᠯᠠᠭᠤᠯᠬᠤ ᠪᠠ ᠪᠠᠷᠢᠯᠭ᠎ᠠ ᠶᠢᠨ ᠶᠠᠰᠤ ᠴᠢᠨᠠᠷ ᠢ ᠪᠠᠶᠢᠴᠠᠭᠠᠨ ᠬᠡᠮᠵᠢᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃     ︵ᠲᠤᠯᠤᠭ᠎ᠠ︶ ᠪᠠᠷᠢᠯᠭ᠎ᠠ ᠶᠢᠨ ᠡᠨᠧᠷᠬᠢ ᠠᠷᠪᠢᠯᠠᠬᠤ᠂ ᠬᠤᠲᠠ ᠪᠠᠯᠭᠠᠰᠤ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠣᠬᠢᠷᠲᠤᠯ ᠦᠭᠡᠢ ᠪᠠᠷᠢᠯᠭ᠎ᠠ᠂ ᠪᠠᠷᠢᠯᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠬᠠᠨ᠎ᠠ ᠬᠡᠷᠡᠮ ᠤᠨ ᠮᠠᠲ᠋ᠧᠷᠢᠶᠠᠯ ᠤᠨ ᠬᠥᠭᠵᠢᠯᠲᠡ ᠶᠢᠨ ᠠᠵᠢᠯ ᠢ ᠵᠢᠯᠣᠭᠤᠳᠤᠨ᠎ᠠ᠃ ᠪᠠᠷᠢᠯᠭ᠎ᠠ ᠶᠢᠨ ᠡᠨᠧᠷᠭᠢ ᠠᠷᠪᠢᠯᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠪᠣᠬᠢᠷᠲᠤᠯ ᠦᠭᠡᠢ ᠪᠠᠷᠢᠯᠭ᠎ᠠ ᠶᠢ ᠬᠥᠭᠵᠢᠭᠦᠯᠬᠦ ᠶᠢ ᠵᠢᠯᠤᠭᠤᠳᠬᠤ ᠶᠢᠨ ᠬᠠᠮᠲᠤ ᠦᠨᠡᠯᠡᠭᠰᠡᠨ ᠲᠡᠮᠳᠡᠭ ᠲᠤ ᠬᠢᠨᠠᠯᠲᠠ ᠬᠠᠮᠢᠶᠠᠷᠤᠯᠲᠠ ᠬᠢᠨ᠎ᠡ᠃ ᠡᠨᠧᠷᠭᠢ ᠠᠷᠪᠢᠯᠠᠬᠤ ᠲᠤᠰᠬᠠᠢ ᠵᠦᠢᠯ ᠤᠨ ᠪᠡᠯᠡ ᠮᠥᠩᠭᠦ ᠶᠢ ᠬᠠᠮᠵᠢᠯᠴᠠᠨ ᠲᠣᠬᠢᠷᠠᠭᠤᠯᠤᠨ᠎ᠠ ᠃ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠬᠢᠭᠡᠳ ᠦᠷ᠎ᠡ ᠪᠦᠲᠦᠭᠡᠯ ᠢ ᠬᠤᠪᠢᠷᠠᠭᠤᠯᠬᠤ ᠪᠠ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ᠎ᠠ᠃     ︵ᠨᠠᠢᠮᠠ︶ ᠬᠤᠳᠠ ᠶᠢᠨ ᠬᠠᠶᠢᠨ ᠪᠠᠶᠢᠴᠠᠭᠠᠬᠤ᠂ ᠬᠤᠳᠠ ᠶᠢᠨ ᠶᠠᠪᠤᠳᠠᠯ   ᠤᠨ ᠪᠠᠷᠢᠯᠭ᠎ᠠ ᠶᠢ ᠬᠡᠮᠵᠢᠬᠦ᠂ ᠬᠤᠳᠠ ᠶᠢᠨ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠬᠤ ᠪᠠ ᠬᠤᠳᠠ ᠶᠢᠨ ᠱᠤᠭᠤᠮᠠᠯ ᠰᠡᠶᠢᠯᠤᠮᠡᠯ ᠤᠨ ᠠᠵᠢᠯ ᠢ ᠵᠢᠯᠣᠭᠤᠳᠤᠨ᠎ᠠ᠃ ᠬᠤᠳᠠ ᠶᠢ ᠰᠡᠯᠪᠢᠨ ᠵᠠᠰᠠᠬᠤ ᠪᠠ ᠠᠮᠢ ᠠᠬᠤᠢ ᠶᠢ ᠰᠡᠷᠭᠦᠭᠡᠬᠦ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠲᠡᠦᠬᠡ ᠰᠣᠶᠣᠯ ᠤᠨ ᠦᠯᠡᠳᠡᠭᠳᠡᠯ ︵ᠰᠣᠮᠣ ᠪᠠᠯᠭᠠᠰᠤ᠂  ᠭᠠᠴᠠᠭ᠎ᠠ ᠲᠣᠰᠬᠤᠨ︶ ᠢ ᠬᠠᠮᠠᠭᠠᠯᠠᠬᠤ ᠪᠠ ᠬᠢᠨᠠᠵᠤ ᠬᠠᠮᠢᠶᠠᠷᠬᠤ ᠠᠵᠢᠯ ᠢ ᠬᠠᠷᠢᠭᠤᠴᠠᠨ᠎ᠠ᠃     ︵ᠶᠢᠰᠦ︶ ᠬᠤᠳᠠ ᠶᠢᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ︵ᠬᠠᠤᠯᠢ ᠬᠡᠷᠡᠭᠵᠢᠭᠦᠯᠬᠦ︶ ᠶᠢᠨ ᠠᠵᠢᠯ ᠢ ᠵᠢᠯᠣᠭᠤᠳᠤᠨ᠎ᠠ᠃ ᠬᠤᠳᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠪᠠ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠬᠤᠳᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠠᠵᠢᠯᠯᠠᠭᠠᠨ ᠤ ᠠᠶᠤᠯᠭᠦᠢ ᠶᠢᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ᠎ᠠ᠃ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ  ᠬᠠᠷᠢᠭᠤᠴᠠᠨ᠎ᠠ᠃    ︵ᠠᠷᠪᠠ︶ ᠪᠥᠬᠦ ᠬᠤᠰᠢᠭᠤᠨ ᠤ ᠭᠠᠴᠠᠭ᠎ᠠ ᠲᠣᠰᠬᠤᠨ ᠰᠤᠮᠤ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠵᠢᠵᠢᠭ ᠬᠤᠲᠠ ᠪᠠᠯᠭᠠᠰᠤ ᠪᠠ ᠭᠠᠴᠠᠭ᠎ᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠣᠳᠣᠯᠭ᠎ᠠ᠂ ᠬᠥᠭᠵᠢᠯᠲᠡ ᠶᠢᠨ ᠲᠥᠯᠦᠪᠵᠢᠭᠦᠯᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠠᠵᠢᠯ ᠢ ᠵᠢᠯᠣᠭᠤᠳᠤᠨ᠎ᠠ᠃ ᠪᠦᠭᠦ ᠬᠤᠰᠢᠭᠤᠨ ᠤ ᠭᠤᠣᠯᠳᠠᠯᠭ᠎ᠠ ᠲᠠᠢ ᠰᠤᠮᠤ ᠪᠠᠯᠭᠠᠰᠤᠨ ᠤ ᠪᠦᠳᠤᠭᠡᠨ ᠪᠠᠶᠢᠭᠤᠯᠤᠯᠲᠠ ᠪᠠ ᠤᠯᠠᠮᠵᠢᠯᠠᠯᠲᠤ ᠭᠠᠴᠠᠭ᠎ᠠ ᠠᠶᠢᠯ ᠲᠣᠰᠬᠤᠨ᠂ ᠤᠯᠠᠮᠵᠢᠯᠠᠯᠲᠤ ᠪᠠᠷᠢᠯᠭ᠎ᠠ ᠶᠢ ᠬᠠᠮᠠᠭᠠᠯᠠᠨ ᠬᠦᠭᠵᠢᠭᠦᠯᠬᠦ ᠠᠵᠢᠯ ᠢ ᠵᠢᠯᠣᠭᠤᠳᠤᠨ᠎ᠠ᠃     ︵ᠠᠷᠪᠠᠨ ᠨᠢᠭᠡ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠤᠳᠠ ᠶᠢᠨ ᠶᠡᠷᠦᠩᠬᠡᠢ ᠲᠥᠯᠦᠪᠵᠢᠭᠦᠯᠭᠡ ᠳᠤ ᠣᠷᠣᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠪᠣᠯᠣᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ᠂ ᠬᠢᠷᠢ  ᠭᠡᠮ ᠵᠡᠷᠭᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠠᠤᠯᠢ ᠲᠣᠭᠲᠠᠭᠠᠯ ᠶᠣᠰᠣᠭᠠᠷ ᠬᠠᠷᠢᠭᠤᠴᠠᠨ᠎ᠠ᠃      ︵ᠠᠷᠪᠠᠨ ᠬᠤᠶᠠᠷ︶ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠶᠠᠰᠤ ᠴᠢᠨᠠᠷ ᠤᠨ ᠮᠡᠷᠭᠡᠵᠢᠯ ᠤᠨ ᠵᠢᠯᠣᠭᠤᠳᠤᠯᠭ᠎ᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠪᠣᠯᠣᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ ᠨᠡᠭᠡᠭᠡᠨ ᠠᠰᠢᠭᠯᠠᠵᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠤᠨ᠎ᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢ ᠬᠠᠮᠠᠭᠠᠯᠠᠨ ᠬᠠᠮᠢᠶᠠᠷᠬᠤ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠬᠠᠷᠢᠭᠤᠴᠠᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠣᠳᠣᠯᠣᠯᠳᠠ ᠶᠢ ᠵᠤᠬᠢᠶᠠᠨ ᠪᠠᠶᠢᠭᠤᠯᠤᠨ᠎ᠠ᠃ ᠬᠤᠲᠠ ᠶᠢᠨ ᠣᠯᠠᠨ ᠲᠦᠮᠡᠨ ᠤ ᠠᠭᠠᠷ ᠤᠨ ᠰᠡᠷᠭᠡᠶᠢᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ ᠰᠣᠷᠢᠯᠳᠠ ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ᠎ᠠ᠃       ︵ᠠᠷᠪᠠᠨ ᠭᠤᠷᠪᠠ︶ ᠲᠥᠯᠦᠪᠵᠢᠭᠦᠯᠭᠡ ᠲᠣᠭᠲᠠᠭᠠᠬᠤ ᠶᠢᠨ ᠬᠠᠮᠲᠤ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠪᠠ ᠴᠢᠮᠡᠭᠡ ᠬᠤᠯᠪᠣᠭᠠᠨ ᠤ ᠰᠡᠷᠡᠮᠵᠢ ᠶᠢᠨ ᠳᠣᠬᠢᠶᠠᠨ ᠤ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠤᠨ ᠡᠷᠬᠡ ᠮᠡᠳᠡᠯ ᠤᠨ ᠬᠡᠪᠴᠢᠶᠡᠨ ᠳᠣᠲᠣᠷ᠎ᠠ ᠪᠠᠨ ᠪᠥᠬᠦ ᠬᠤᠰᠢᠭᠤᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠲᠥᠷᠥᠯ ᠵᠦᠢᠯ ᠢ ᠬᠢᠨᠠᠨ ᠵᠦᠪᠰᠢᠶᠡᠷᠡᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠵᠣᠬᠢᠴᠠᠭᠤᠯᠵᠤ ᠪᠠᠶᠢᠭᠠᠳ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠥᠯᠦᠪᠵᠢᠭᠦᠯᠭᠡ ᠪᠣᠯᠣᠨ ᠬᠡᠷᠡᠭᠵᠢᠭᠦᠯᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠨ᠎ᠠ᠃ ᠴᠢᠬᠤᠯᠠ ᠬᠠᠷᠠᠯᠲᠠ ᠶᠢᠨ ᠰᠡᠷᠭᠡᠶᠢᠯᠡᠨ ᠬᠠᠮᠠᠭᠠᠯᠠᠬᠤ ᠬᠠᠮᠢᠶᠠᠷᠤᠯᠲᠠ ᠶᠢᠨ ᠠᠵᠢᠯ ᠢ ᠬᠢᠨᠠᠨ ᠪᠠᠶᠢᠴᠠᠭᠠᠨ ᠵᠢᠯᠣᠭᠤᠳᠤᠨ ᠵᠣᠬᠢᠴᠠᠭᠤᠯᠤᠨ᠎ᠠ᠃ ᠴᠢᠬᠤᠯᠠ ᠬᠠᠷᠠᠯᠲᠠᠲᠤ ᠪᠠᠶᠢᠭᠤᠯᠭ᠎ᠠ ᠨᠢᠭᠡᠴᠢ ᠶᠢ ᠵᠢᠯᠤᠭᠤᠳᠴᠤ ᠪᠠᠶᠢᠭᠠᠳ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ ᠮᠦᠩᠭᠦ ᠶᠢ ᠴᠤᠭᠯᠠᠭᠤᠯᠬᠤ ᠪᠠ ᠬᠠᠮᠢᠶᠠᠷᠬᠤ ᠶᠢ ᠬᠠᠷᠢᠭᠤᠴᠠᠵᠤ᠂ ᠠᠷᠠᠳ  ᠤᠨ ᠠᠭᠠᠷ ᠤᠨ ᠰᠡᠷᠭᠡᠶᠢᠯᠡᠯᠲᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠳᠠ ᠳᠤ ᠬᠢᠨᠠᠯᠳᠠ ᠲᠠᠯᠪᠢᠨ᠎ᠠ᠃ ᠲᠠᠶᠢᠨ ᠤ ᠦᠶ᠎ᠡ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠡᠯ᠎ᠡ ᠵᠦᠢᠯ ᠤᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃     ︵ᠠᠷᠪᠠᠨ ᠳᠥᠷᠪᠡ︶ ᠪᠦᠲᠦᠭᠡᠨ ᠪᠠᠶᠢᠭᠤᠯᠬᠤ᠂  ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ  ᠪᠠᠶᠢᠭᠤᠯᠭ᠎ᠠ ᠨᠢᠭᠡᠴᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡᠨ ᠤ ᠭᠠᠯ ᠰᠡᠷᠭᠡᠶᠢᠯᠡᠵᠤ ᠤᠨᠲᠠᠷᠠᠭᠠᠬᠤ ᠬᠤᠯᠪᠣᠭᠳᠠᠯ ᠪᠦᠬᠦᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠪᠠᠷᠢᠯᠭ᠎ᠠ ᠶᠢᠨ ᠠᠵᠢᠯ ᠤᠨ ᠭᠠᠯ ᠰᠡᠷᠭᠡᠶᠢᠯᠡᠵᠤ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠨ᠎ᠠ᠃ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠵᠢᠯ ᠳᠠᠭᠤᠰᠤᠭᠰᠠᠨ ᠤ ᠳᠠᠷᠠᠭᠠᠬᠢ ᠭᠠᠯ ᠰᠡᠷᠭᠡᠶᠢᠯᠡᠵᠤ ᠤᠨᠲᠠᠷᠠᠭᠠᠬᠤ ᠲᠠᠯ᠎ᠠ  ᠪᠠᠷ ᠬᠢ ᠰᠢᠯᠭᠠᠨ ᠠᠪᠬᠤ᠂ ᠳᠠᠩᠰᠠᠯᠠᠭᠤᠯᠬᠤ ᠪᠠ ᠰᠤᠭᠤᠴᠢᠨ ᠪᠠᠶᠢᠴᠠᠭᠠᠬᠤ ᠠᠵᠢᠯ   ᠢ ᠬᠠᠷᠢᠭᠤᠴᠠᠨ᠎ᠠ᠃     ︵ᠠᠷᠪᠠᠨ ᠲᠠᠪᠤ︶ ᠣᠷᠣᠨ ᠰᠠᠭᠤᠴᠠ ᠪᠠ ᠬᠤᠳᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ ᠬᠠᠮᠢᠶᠠᠷᠴᠤ᠂ ᠭᠠᠳᠠᠨ᠎ᠠ ᠳᠤᠳᠤᠨᠠᠬᠢ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃     ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号