ᠵᠠᠯᠠᠶᠢᠳ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ
ᠨᠡᠶᠢᠲᠡᠯᠡᠭᠰᠡᠨ ᠴᠠᠭ᠄
2023/5/30
     ᠭᠤᠣᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠳ᠋ ᠤᠨ ᠵᠠᠰᠠᠭ᠂ ᠭᠠᠶᠢᠯᠢ ᠲᠠᠲᠠᠪᠤᠷᠢ ᠶᠢᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠡᠳ᠋ ᠤᠨ ᠵᠠᠰᠠᠭ ᠭᠠᠶᠢᠯᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠪᠠ ᠥᠭᠡᠷᠡᠴᠢᠯᠡᠯᠲᠡ ᠶᠢᠨ ᠲᠥᠰᠥᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠷᠸ᠎ᠠ ᠠᠵᠤ ᠠᠬᠤᠢ ᠶᠢᠨ ᠪᠠᠶᠢᠳᠠᠯ ᠢ ᠵᠠᠳᠠᠯᠤᠨ ᠵᠢᠱᠢᠵᠦ᠂  ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠣᠳᠣᠯᠭ᠎ᠠ ᠶᠢ ᠬᠡᠷᠡᠭᠯᠡᠨ ᠬᠤᠷᠸ᠎ᠠ ᠲᠣᠬᠢᠷᠠᠭᠤᠯᠤᠯ ᠡᠵᠡᠮᠳᠡᠯ ᠢ ᠬᠡᠷᠡᠭᠵᠢᠭᠦᠯᠬᠦ ᠪᠠ ᠨᠡᠶᠢᠭᠡᠮ ᠤᠨ ᠡᠳ᠋ ᠤᠨ ᠶᠠᠪᠤᠳᠠᠯ ᠢ ᠶᠡᠷᠦᠩᠬᠡᠶᠢᠯᠡᠨ ᠲᠡᠩᠴᠡᠭᠦᠯᠬᠦ ᠰᠠᠨᠠᠭᠤᠯᠭ᠎ᠠ ᠳᠤᠷᠠᠳᠣᠨ᠎ᠠ᠃  ᠬᠤᠰᠢᠭᠤᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ᠂ ᠠᠷᠭ᠎ᠠ ᠶᠢ ᠲᠣᠭᠲᠠᠭᠠᠵᠤ᠂ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠬᠥᠭᠵᠢᠯᠲᠡ ᠶᠢ ᠵᠣᠷᠢᠭᠵᠢᠭᠤᠯᠬᠤ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠪᠦᠭᠦ ᠬᠤᠰᠢᠭᠤᠨ ᠤ ᠡᠳ᠋ ᠤᠨ ᠵᠠᠰᠠᠭ ᠤᠨ ᠬᠠᠮᠢᠶᠠᠷᠤᠯᠲᠠ ᠶᠢᠨ ᠪᠠᠶᠢᠭᠤᠯᠤᠯ ᠤᠨ ᠦᠭᠡᠷᠡᠴᠢᠯᠡᠯᠳᠡ ᠶᠢ ᠠᠬᠢᠭᠤᠯᠤᠨ᠎ᠠ᠃     ︵ᠬᠤᠶᠠᠷ︶ ᠬᠤᠰᠢᠭᠤᠨ ᠤ ᠲᠣᠰ ᠱᠠᠲᠤᠨ ᠤ ᠡᠯ᠎ᠡ ᠵᠦᠢᠯ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠠᠷᠢᠭᠤᠴᠠᠨ ᠬᠠᠮᠢᠶᠠᠷᠤᠨ᠎ᠠ᠃ ᠣᠨ ᠤ ᠬᠤᠰᠢᠭᠤᠨ ᠤ ᠲᠣᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ᠂ ᠲᠤᠭ᠎ᠠ ᠨᠣᠷᠮ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠰᠠᠯᠠᠭ᠎ᠠ ᠮᠥᠴᠢᠷ ︵ᠪᠠᠶᠢᠭᠤᠯᠭ᠎ᠠ ᠨᠢᠭᠡᠴᠢ︶ ᠤᠨ ᠣᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠬᠢᠨᠠᠨ ᠬᠠᠷᠭᠤᠭᠤᠯᠵᠤ ᠴᠣᠬᠤᠯᠠᠪᠤᠷᠢᠯᠠᠬᠤ ᠶᠢ ᠬᠠᠷᠢᠭᠤᠴᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠡᠳ᠋ ᠤᠨ ᠵᠠᠰᠠᠭ ᠤᠨ ᠲᠥᠰᠥᠪ᠂ ᠭᠦᠢᠴᠡᠳᠭᠡᠯᠲᠡ ᠪᠠ ᠲᠥᠰᠥᠪ ᠤᠨ ᠭᠦᠢᠴᠡᠳᠬᠡᠯ ᠵᠡᠷᠭᠡ ᠪᠠᠶᠢᠳᠠᠯ ᠢᠶᠠᠨ ᠮᠡᠳᠡᠭᠦᠯᠦᠨ᠎ᠡ᠃ ᠬᠤᠰᠢᠭᠤᠨ ᠤ ᠲᠣᠰ ᠱᠠᠲᠤᠨ ᠤ ᠲᠥᠰᠥᠪ ᠪᠠ ᠲᠥᠰᠥᠪ ᠤᠨ ᠭᠦᠢᠴᠡᠳᠬᠡᠯ ᠢ ᠢᠯᠡ ᠪᠣᠯᠭᠠᠬᠤ ᠶᠢ ᠬᠠᠷᠢᠭᠤᠴᠠᠨ᠎ᠠ᠃ ᠬᠤᠰᠢᠭᠤᠨ ᠤ ᠡᠳ᠋ ᠤᠨ ᠵᠠᠰᠠᠭ ᠬᠢᠭᠡᠳ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠡᠳ᠋ ᠤᠨ ᠵᠠᠰᠠᠭ ᠤᠨ ᠵᠢᠯ ᠤᠨ ᠡᠴᠦᠰ ᠤᠨ ᠳ᠋ᠦᠩᠨᠡᠨ ᠪᠤᠳᠤᠬᠤ ᠶᠠᠪᠤᠳᠠᠯ ᠢ ᠭᠦᠢᠴᠡᠳᠬᠡᠨ᠎ᠡ᠃     ︵ᠭᠤᠷᠪᠠ︶ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ ᠣᠷᠳᠣᠨ ᠤ ᠭᠠᠶᠢᠯᠢ ᠶᠢᠨ ᠪᠤᠰᠤ ᠣᠷᠣᠯᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠬᠠᠮᠢᠶᠠᠷᠤᠯᠲᠠ ᠶᠢ ᠬᠠᠷᠢᠭᠤᠴᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠯᠲᠠ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃ ᠡᠳ᠋ ᠤᠨ ᠵᠠᠰᠠᠭ ᠤᠨ ᠪᠠᠷᠢᠮᠲᠠ ᠶᠢ ᠬᠠᠮᠢᠶᠠᠷᠤᠨ᠎ᠠ᠃ ᠰᠤᠭᠤᠯᠤᠭ᠎ᠠ ᠶᠢᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠭᠤᠯᠤᠭ᠎ᠠ ᠶᠢᠨ ᠵᠠᠬ᠎ᠠ ᠳᠡᠯᠭᠡᠭᠦᠷ ᠢ ᠬᠢᠨᠠᠨ ᠬᠠᠮᠢᠶᠠᠷᠴᠤ᠂ ᠰᠤᠭᠤᠯᠤᠭ᠎ᠠ ᠶᠢᠨ ᠪᠡᠯᠡ ᠮᠥᠩᠭᠦ ᠶᠢ ᠲᠣᠭᠲᠠᠭᠠᠯ ᠶᠣᠰᠣᠭᠠᠷ ᠬᠠᠮᠢᠶᠠᠷᠤᠨ᠎ᠠ᠃     ︵ᠳᠥᠷᠪᠡ︶ ᠬᠤᠰᠢᠭᠤᠨ ᠤ ᠡᠳ᠋ ᠤᠨ ᠵᠠᠰᠠᠭ ᠤᠨ ᠤᠯᠤᠰ ᠤᠨ ᠬᠥᠮᠥᠷᠭᠡ ᠶᠢᠨ ᠬᠠᠮᠢᠶᠠᠷᠤᠯᠲᠠ ᠶᠢᠨ ᠳᠦᠷᠢᠮ ᠂ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠬᠤᠷᠢᠶᠠᠬᠤ ᠪᠠ ᠣᠯᠭᠤᠬᠤ ᠳᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠬᠤᠰᠢᠭᠤᠨ ᠤ ᠤᠯᠤᠰ ᠤᠨ ᠬᠥᠮᠥᠷᠭᠡ ᠶᠢᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠤᠯᠤᠰ ᠤᠨ ᠬᠥᠮᠥᠷᠭᠡ ᠶᠢᠨ ᠪᠡᠯᠡᠨ ᠵᠣᠭᠤᠰ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠵᠠᠰᠠᠭ ᠤᠨ ᠣᠷᠳᠣᠨ ᠤ ᠡᠳ᠋ ᠤᠨ ᠶᠠᠪᠤᠳᠠᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠠᠷᠭ᠎ᠠ ᠶᠢ ᠲᠤᠭᠤᠷᠪᠢᠨ ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠠᠮᠢᠶᠠᠷᠤᠨ᠎ᠠ᠃      ︵ᠲᠠᠪᠤ︶ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠥᠷᠢ ᠥᠭᠴᠡᠭᠡ ᠶᠢᠨ ᠬᠠᠮᠢᠶᠠᠷᠤᠯᠲᠠ ᠶᠢᠨ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠳᠦᠷᠢᠮ ᠪᠣᠯᠣᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠬᠠᠤᠯᠢ ᠶᠣᠰᠣᠭᠠᠷ ᠲᠣᠭᠲᠠᠭᠠᠨ᠎ᠠ᠃ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠬᠢᠵᠠᠭᠠᠷᠯᠠᠭᠰᠠᠨ ᠲᠤᠭ᠎ᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠵᠠᠰᠠᠭ ᠤᠨ ᠣᠷᠳᠣᠨ ᠤ ᠭᠠᠳᠠᠭᠠᠳᠤ ᠵᠢᠭᠡᠯᠡᠯᠭᠡ ᠶᠢ ᠨᠢᠭᠡᠳᠦᠯᠲᠡᠢ ᠬᠠᠮᠢᠶᠠᠷᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃     ︵ᠵᠢᠷᠭᠤᠭ᠎ᠠ︶ ᠤᠯᠤᠰ ᠤᠨ ᠥᠮᠴᠢᠯᠡᠯᠲᠦ  ᠡᠳ᠋  ᠬᠥᠷᠥᠩᠭᠡ   ᠶᠢᠨ  ᠬᠠᠮᠢᠶᠠᠷᠤᠯᠲᠠ ᠶᠢᠨ ᠪᠠᠶᠢᠳᠠᠯ   ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠣᠯᠭᠤᠭᠰᠠᠨ ᠡᠷᠬᠡ ᠶᠢ ᠦᠨᠳᠦᠰᠦᠯᠡᠨ᠂ ᠬᠤᠰᠢᠭᠤᠨ ᠤ ᠲᠣᠰ ᠱᠠᠲᠤᠨ ᠤ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠨᠢᠭᠡᠳᠦᠯᠲᠡᠢ ᠭᠦᠢᠴᠡᠳᠬᠡᠵᠦ᠂ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠮᠡᠳᠡᠭᠦᠯᠦᠯᠲᠡ ᠶᠢᠨ ᠳᠦᠷᠢᠮ ᠢ ᠪᠠᠶᠢᠭᠤᠯᠤᠨ᠎ᠠ᠃ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠪᠠ ᠡᠳ᠋ ᠤᠨ ᠵᠠᠰᠠᠭ ᠬᠢᠭᠡᠳ ᠮᠥᠩᠭᠦᠨ ᠭᠦᠢᠯᠭᠡᠭᠡᠨ ᠤ ᠵᠣᠬᠢᠴᠠᠭᠤᠯᠤᠨ ᠬᠠᠮᠵᠢᠯᠴᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠶᠢᠨ ᠬᠤᠷᠰᠢᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯᠲᠦ  ᠡᠳ᠋  ᠬᠥᠷᠥᠩᠭᠡ ᠶᠢ ᠲᠤᠭᠲᠠᠭᠠᠯ ᠶᠤᠰᠤᠭᠠᠷ ᠬᠠᠮᠢᠶᠠᠷᠤᠨ᠎ᠠ᠃      ︵ᠳᠣᠯᠤᠭ᠎ᠠ︶ ᠪᠥᠬᠦ ᠬᠤᠰᠢᠭᠤᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠪᠠ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠰᠢᠭᠤᠨ   ᠤ ᠲᠣᠰ ᠱᠠᠲᠤᠨ ᠤ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢ ᠬᠤᠷᠢᠶᠠᠨ ᠠᠪᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠨᠠᠢᠮᠠ︶ ᠪᠥᠬᠦ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠲᠥᠰᠥᠪ ᠪᠠ ᠲᠥᠰᠥᠪ ᠤᠨ ᠭᠦᠢᠴᠡᠳᠬᠡᠯ ᠤᠨ ᠲᠥᠰᠥᠯ ᠢ ᠬᠢᠨᠠᠨ ᠬᠠᠷᠭᠤᠭᠤᠯᠬᠤ ᠶᠢᠨ ᠬᠠᠮᠲᠤ ᠬᠤᠷᠢᠶᠠᠩᠭᠤᠶᠢᠯᠠᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠪᠡᠯᠡ ᠮᠥᠩᠭᠦ ︵ᠰᠠᠭᠤᠷᠢ ᠮᠥᠩᠭᠦ︶ ᠶᠢᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠢ ᠲᠤᠭᠤᠷᠪᠢᠨ ᠲᠣᠭᠲᠠᠭᠠᠵᠤ᠂ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦᠨ ᠤ ᠡᠳ᠋ ᠤᠨ ᠵᠠᠰᠠᠭ ᠤᠨ ᠬᠢᠨᠠᠨ ᠬᠠᠮᠢᠶᠠᠷᠬᠤ ᠠᠵᠢᠯ ᠢ ᠡᠭᠦᠷᠭᠡᠯᠡᠨ᠎ᠡ᠃     ︵ᠶᠢᠰᠦ︶ ᠬᠤᠰᠢᠭᠤᠨ ᠤ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠬᠤᠰᠢᠭᠤᠨ ᠤ ᠲᠣᠰ ᠱᠠᠲᠤᠨ ᠤ ᠠᠵᠤ ᠠᠬᠤᠶᠢᠯᠠᠯ ︵ᠮᠥᠩᠭᠦᠨ ᠭᠦᠢᠯᠭᠡᠭᠡᠨ ᠤ ᠲᠥᠷᠥᠯ ᠤᠨ ᠠᠵᠤ ᠠᠬᠤᠶᠢᠯᠠᠯ ᠪᠠᠭᠲᠠᠬᠤ ᠦᠭᠡᠢ︶ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠪᠠ ᠲᠠᠬᠢᠨ ᠵᠣᠬᠢᠶᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠪᠠᠶᠢᠷᠢᠰᠢᠯ ᠪᠠ ᠪᠦᠲᠦᠴᠡ ᠶᠢᠨ ᠲᠣᠬᠢᠷᠠᠭᠤᠯᠤᠯᠲᠠ ᠶᠢ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠠᠵᠢᠯ ᠢ ᠵᠣᠬᠢᠶᠠᠨ ᠪᠠᠶᠢᠭᠤᠯᠬᠤ ᠠᠵᠢᠯ  ᠢ ᠬᠠᠷᠢᠭᠤᠴᠠᠨ᠎ᠠ᠃    ︵ᠠᠷᠪᠠ︶ ᠬᠤᠰᠢᠭᠤᠨ ᠤ ᠡᠳ᠋ ᠤᠨ ᠵᠠᠰᠠᠭ ᠤᠨ ᠠᠵᠤ ᠠᠬᠤᠢ ᠶᠢᠨ ᠬᠥᠭᠵᠢᠯᠲᠡ ᠶᠢᠨ ᠵᠠᠷᠤᠯᠭ᠎ᠠ᠂ ᠡᠯ᠎ᠡ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠳ᠋ ᠤᠨ ᠵᠠᠰᠠᠭ   ᠤᠨ ᠨᠦᠭᠦᠪᠤᠷᠢ ᠶᠢ ᠬᠠᠷᠢᠭᠤᠴᠠᠨ ᠭᠦᠢᠴᠡᠳᠬᠡᠵᠦ᠂ ᠪᠥᠬᠦ ᠬᠤᠰᠢᠭᠤᠨ ᠤ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠳᠦᠷᠢᠮ ᠢ ᠲᠤᠭᠤᠰᠢᠯᠠᠭᠤᠯᠤᠨ᠎ᠠ᠃     ︵ᠠᠷᠪᠠᠨ ᠨᠢᠭᠡ︶ ᠪᠥᠬᠦ ᠬᠤᠰᠢᠭᠤᠨ ᠤ ᠨᠢᠭᠲᠠᠯᠠᠨ ᠪᠤᠳᠤᠭᠴᠢ ᠶᠢᠨ ᠠᠵᠢᠯ ᠢ ᠬᠠᠷᠢᠭᠤᠴᠠᠨ ᠬᠠᠮᠢᠶᠠᠷᠬᠤ ᠪᠠ ᠵᠢᠯᠤᠭᠤᠳᠴᠤ᠂ ᠨᠢᠭᠲᠠᠯᠠᠨ ᠪᠤᠳᠤᠭᠴᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠪᠠ ᠵᠢᠷᠤᠮᠵᠢᠭᠤᠯᠤᠨ᠎ᠠ᠃ ᠪᠥᠬᠦ ᠬᠤᠰᠢᠭᠤᠨ ᠤ ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠪᠠ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ ᠤᠨ ᠲᠤᠬᠠᠶᠢᠯᠠᠭᠰᠠᠨ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠵᠤ᠂ ᠨᠡᠶᠢᠭᠡᠮ ᠤᠨ ᠬᠢᠨᠠᠨ ᠪᠣᠳᠣᠯᠲᠠ ᠶᠢ ᠵᠢᠯᠤᠭᠤᠳᠬᠤ ᠪᠠ ᠬᠠᠮᠢᠶᠠᠷᠤᠨ᠎ᠠ᠃ ᠡᠳ᠋ ᠬᠥᠷᠥᠩᠭᠡ ᠶᠢ ᠦᠨᠡᠯᠡᠨ ᠵᠢᠱᠢᠬᠦ ᠬᠤᠯᠪᠣᠭᠳᠠᠯ ᠪᠦᠬᠦᠢ ᠠᠵᠢᠯ ᠢ ᠬᠠᠤᠯᠢ ᠶᠣᠰᠣᠭᠠᠷ ᠬᠠᠮᠢᠶᠠᠷᠤᠨ᠎ᠠ᠃︵ᠠᠷᠪᠠᠨ ᠬᠤᠶᠠᠷ︶ ᠡᠳ᠋ ᠤᠨ ᠵᠠᠰᠠᠭ ᠭᠠᠶᠢᠯᠢ ᠶᠢᠨ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠲᠤᠰᠬᠠᠨ᠎ᠠ᠃ ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳᠣᠲᠣᠭᠠᠳᠤ ᠶᠢᠨ ᠬᠢᠵᠠᠭᠠᠷᠯᠠᠯ ᠢ ᠬᠢᠨᠠᠨ ᠵᠢᠯᠤᠭᠤᠳᠬᠤ ᠪᠠ ᠵᠢᠷᠤᠮᠵᠢᠭᠤᠯᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢ ᠴᠢᠩᠭᠠᠳᠬᠠᠬᠤ ᠲᠦᠷᠦ ᠶᠢᠨ ᠪᠣᠳᠣᠯᠭ᠎ᠠ ᠪᠠ ᠰᠠᠨᠠᠭᠤᠯᠭ᠎ᠠ ᠶᠢ ᠳᠤᠷᠠᠳᠤᠨ ᠭᠠᠷᠭᠠᠨ᠎ᠠ᠃      ︵ᠠᠷᠪᠠᠨ ᠭᠤᠷᠪᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号