ᠵᠠᠯᠠᠶᠢᠳ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ
ᠨᠡᠶᠢᠲᠡᠯᠡᠭᠰᠡᠨ ᠴᠠᠭ᠄
2023/5/31
   ᠭᠤᠣᠯ ᠡᠭᠦᠷᠭᠡ ᠬᠠᠷᠢᠭᠤᠴᠠᠯᠭ᠎ᠠ    ︵ᠨᠢᠭᠡ︶ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠥᠷᠥ ᠶᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠣᠨᠣᠯ ᠪᠠ ᠦᠨᠳᠦᠰᠦᠲᠡᠨ ᠤ ᠠᠵᠢᠯ ᠤᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠪᠥᠬᠦ ᠬᠤᠰᠢᠭᠤᠨ ᠤ ᠬᠠᠮᠢᠶ᠎ᠠ ᠪᠦᠬᠦᠢ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ ᠪᠦᠬᠦ ᠬᠤᠰᠢᠭᠤᠨ ᠤ ᠦᠨᠳᠦᠰᠦᠲᠡᠨ ᠤ ᠠᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠤᠨ ᠠᠵᠢᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠬᠠᠪᠰᠤᠷᠤᠨ ᠲᠣᠭᠲᠠᠭᠠᠨ᠎ᠠ᠃ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠣᠳᠣᠯᠭ᠎ᠠ᠂  ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠎ᠡ  ᠃     ︵ᠬᠤᠶᠠᠷ︶ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠵᠢᠯᠣᠭᠤᠳᠤᠨ᠎ᠠ᠃ ᠦᠨᠳᠦᠰᠦᠲᠡᠨ ᠤ ᠬᠠᠷᠢᠴᠠᠭ᠎ᠠ ᠶᠢ ᠵᠣᠬᠢᠴᠠᠭᠤᠯᠬᠤ ᠠᠵᠢᠯ ᠤᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠶᠡᠭᠡ ᠬᠡᠷᠡᠭ ᠶᠠᠪᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃     ᠴᠥᠭᠡᠨ ᠲᠣᠭᠠᠲᠤ ᠦᠨᠳᠦᠰᠦᠲᠡᠨ ᠤ ᠡᠷᠬᠡ ᠠᠰᠢᠭ ᠲᠤ ᠬᠤᠯᠪᠣᠭᠳᠠᠭᠰᠠᠨ ᠬᠡᠷᠡᠭ ᠶᠠᠪᠤᠳᠠᠯ ᠢ ᠬᠢᠨᠠᠨ ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠪᠦᠭᠦ ᠬᠤᠰᠢᠭᠤᠨ ᠤ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠵᠣᠬᠢᠴᠠᠭᠤᠯᠬᠤ ᠳᠤ ᠣᠷᠣᠯᠴᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠵᠤ ᠂ ᠤᠯᠤᠰ ᠤᠨ ᠨᠢᠭᠡᠳᠦᠯ ᠢ ᠬᠠᠮᠠᠭᠠᠯᠠᠨ᠎ᠠ᠃    ︵ᠭᠤᠷᠪᠠ︶ ᠴᠥᠭᠡᠨ ᠲᠣᠭᠠᠲᠤ ᠦᠨᠳᠦᠰᠦᠲᠡᠨ ᠪᠠ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠭ᠎ᠠ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠠᠰᠠᠭᠤᠳᠠᠯ ᠢ ᠰᠤᠳᠤᠯᠤᠨ ᠵᠠᠳᠠᠯᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ  ᠱᠠᠯᠠᠪᠳᠠᠵᠤ ᠪᠠᠶᠢᠭᠠᠳ ᠦᠨᠳᠦᠰᠦᠲᠡᠨ ᠤ ᠠᠵᠢᠯ ᠤᠨ ᠬᠤᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠶᠢ ᠨᠢ ᠭᠦᠢᠴᠡᠳᠬᠡᠭᠦᠯᠵᠦ᠂ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠦᠢᠯᠡᠰ ᠤᠨ ᠬᠤᠯᠪᠣᠭᠳᠠᠯ ᠪᠦᠬᠦᠢ ᠬᠦᠷᠢᠶᠡᠨ ᠳᠠᠬᠢ ᠬᠡᠷᠡᠭᠵᠢᠭᠦᠯᠦᠯᠲᠡ ᠵᠣᠯᠭᠠᠯᠳᠤᠯ ᠢ ᠠᠬᠢᠭᠤᠯᠤᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠠᠵᠢᠯ ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠬᠤ ᠪᠠ ᠠᠵᠤ ᠠᠬᠤᠢ ᠲᠧᠭᠨᠢᠭ ᠮᠡᠷᠭᠡᠵᠢᠯ ᠤᠨ ᠲᠠᠯ᠎ᠠ ᠪᠠᠷ ᠬᠠᠮᠲᠤᠷᠠᠨ ᠠᠵᠢᠯᠯᠠᠬᠤ᠂ ᠦᠨᠳᠦᠰᠦᠲᠡᠨ ᠤ ᠠᠷᠠᠯᠵᠢᠶ᠎ᠠ᠂ ᠦᠨᠳᠦᠰᠦᠲᠡᠨ ᠤ ᠣᠨᠴᠠ ᠬᠡᠷᠡᠭᠴᠡᠭᠡᠨ ᠤ ᠡᠳ᠋ᠯᠡᠯ ᠤᠨ ᠦᠢᠯᠡᠳᠪᠦᠷᠢᠯᠡᠯ ᠢ ᠵᠣᠬᠢᠴᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠳᠤ ᠣᠷᠣᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠯᠠᠯᠤ ᠶᠢᠨ ᠢᠳᠡᠭᠡᠨ ᠤ  ᠵᠦᠢᠯᠡᠰ   ᠤᠨ  ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃     ︵ᠳᠥᠷᠪᠡ︶ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠵᠡᠷᠭᠡ ᠲᠤᠰᠬᠠᠢ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠠᠮᠢᠶ᠎ᠠ ᠪᠦᠬᠦᠢ ᠬᠦᠷᠢᠶ᠎ᠡ ᠴᠠᠷᠠᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠶᠢ ᠬᠠᠮᠵᠢᠨ ᠲᠣᠭᠲᠠᠭᠠᠵᠤ᠂ ᠴᠥᠭᠡᠨ ᠲᠣᠭᠠᠲᠤ ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠦᠨᠡᠯᠡᠵᠦ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠂ ᠦᠨᠳᠦᠰᠦᠲᠡᠨ ᠤ ᠬᠡᠷᠡᠭ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠪᠠ ᠦᠨᠳᠦᠰᠦᠲᠡᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠠᠬᠢᠭᠤᠯᠤᠨ᠎ᠠ᠃     ︵ᠲᠠᠪᠤ︶ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠬᠥᠬᠢᠭᠦᠯᠦᠨ ᠰᠠᠶᠢᠰᠢᠶᠠᠬᠤ ᠠᠵᠢᠯᠯᠠᠭ᠎ᠠ ᠶᠢ ᠳᠠᠭᠠᠭᠠᠴᠢᠯᠠᠨ ᠡᠷᠭᠢᠯᠡᠵᠦ᠂ ᠦᠨᠳᠦᠰᠦᠲᠡᠨ ᠤ ᠰᠣᠮᠣ ᠰᠢᠶᠠᠩ ᠲᠠᠢ ᠬᠠᠷᠢᠯᠴᠠᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠯᠴᠠᠬᠤ᠂ ᠲᠣᠭᠤᠷᠢᠨ ᠦᠵᠡᠬᠦ᠂ ᠰᠢᠨᠵᠢᠯᠡᠨ ᠪᠠᠶᠢᠴᠠᠭᠠᠬᠤ ᠵᠡᠷᠭᠡ ᠶᠠᠪᠤᠳᠠᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃    ︵ᠵᠢᠷᠭᠤᠭ᠎ᠠ︶ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠥᠰᠥᠭ ᠪᠢᠴᠢᠭ ᠢ ᠰᠤᠷᠤᠯᠴᠠᠬᠤ᠂ ᠬᠡᠷᠡᠭᠯᠡᠬᠦ᠂ ᠰᠤᠳᠤᠯᠬᠤ᠂ ᠬᠥᠭᠵᠢᠭᠦᠯᠬᠦ᠂ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ ᠠᠵᠢᠯ ᠢ ᠬᠠᠷᠢᠭᠤᠴᠠᠨ᠎ᠠ᠃ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠮᠢᠶᠠᠷᠤᠯᠲᠠ ᠪᠠ ᠦᠨᠳᠦᠰᠦᠲᠡᠨ ᠤ ᠲᠤᠯᠭᠤᠷ ᠪᠢᠴᠢᠭ ᠢ ᠴᠤᠭᠯᠠᠭᠤᠯᠬᠤ᠂ ᠡᠮᠬᠢᠳᠬᠡᠬᠦ᠂ ᠬᠡᠪᠯᠡᠭᠦᠯᠬᠦ ᠠᠵᠢᠯ ᠢ ᠬᠠᠷᠢᠭᠤᠴᠠᠨ᠎ᠠ᠃    ︵ᠲᠤᠯᠤᠭ᠎ᠠ︶ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠭᠠᠳᠠᠨᠠᠬᠢ ᠲᠠᠢ ᠬᠠᠷᠢᠯᠴᠠᠬᠤ ᠪᠠ ᠰᠢᠶᠠᠩᠭᠠᠩ ᠣᠣᠮᠧᠨ ᠲᠠᠶᠢᠸᠠᠨ ᠲᠠᠢ ᠰᠣᠯᠢᠯᠴᠠᠭ᠎ᠠ ᠬᠢᠬᠦ ᠪᠠ ᠬᠠᠮᠲᠤᠷᠠᠨ ᠠᠵᠢᠯᠯᠠᠬᠤ ᠶᠠᠪᠤᠳᠠᠯ ᠢ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠬᠠᠷᠢᠭᠤᠴᠠᠨ᠎ᠠ᠃ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ  ᠭᠠᠳᠠᠨᠠᠬᠢ ᠤᠬᠠᠭᠤᠯᠭ᠎ᠠ ᠶᠢᠨ ᠠᠵᠢᠯ ᠳᠤ ᠣᠷᠣᠯᠴᠠᠨ᠎ᠠ᠃    ︵ᠨᠠᠢᠮᠠ︶ ᠴᠥᠭᠡᠨ ᠲᠣᠭᠠᠲᠤ ᠦᠨᠳᠦᠰᠦᠲᠡᠨ ᠤ ᠴᠢᠳᠠᠪᠤᠷᠢᠲᠠᠨ ᠤ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠴᠥᠭᠡᠨ ᠲᠣᠭᠠᠲᠤ ᠦᠨᠳᠦᠰᠦᠲᠡᠨ ᠤ ᠺᠠᠳ᠋ᠷ ᠲᠠᠢ ᠬᠠᠷᠢᠯᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠴᠥᠭᠡᠨ ᠲᠣᠭᠠᠲᠤ ᠦᠨᠳᠦᠰᠦᠲᠡᠨ ᠤ ᠺᠠᠳ᠋ᠷ ᠢ ᠬᠥᠮᠥᠵᠢᠭᠦᠯᠬᠦ ᠪᠠ ᠬᠡᠷᠡᠭᠯᠡᠬᠦ ᠠᠵᠢᠯ ᠢ ᠰᠠᠶᠢᠲᠤᠷ ᠬᠢᠨ᠎ᠡ᠃  ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ︵ᠠᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ ᠬᠤᠰᠢᠭᠤᠨ  ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠯᠠᠯᠤ ᠶᠢᠨ ᠢᠳᠡᠭᠡᠨ ᠤ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号