ᠵᠠᠯᠠᠶᠢᠳ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/6/1
    ᠭᠤᠣᠯ ᠡᠭᠦᠷᠭᠡ ᠬᠠᠷᠢᠭᠤᠴᠠᠯᠭ᠎ᠠ     ᠨᠢᠭᠡ ᠳᠤ᠂ ᠤᠯᠤᠰ ᠤᠨ ᠬᠤᠯᠪᠣᠭᠳᠠᠯ ᠪᠦᠬᠦᠢ ᠠᠷᠠᠳ ᠤᠨ ᠶᠠᠪᠤᠳᠠᠯ ᠤᠨ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ᠂ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠠᠷᠠᠳ ᠤᠨ ᠶᠠᠪᠤᠳᠠᠯ ᠤᠨ ᠠᠵᠢᠯ ᠤᠨ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠬᠤᠶᠠᠷ ᠲᠤ᠂ ᠪᠦᠭᠦ ᠬᠤᠰᠢᠭᠤᠨ ᠤ ᠠᠷᠠᠳ ᠤᠨ ᠶᠠᠪᠤᠳᠠᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠣᠨ ᠤ ᠠᠵᠢᠯ ᠤᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠠᠷᠠᠳ ᠤᠨ ᠶᠠᠪᠤᠳᠠᠯ ᠤᠨ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠯᠳᠠ ᠲᠠᠯᠪᠢᠵᠤ ᠬᠡᠷᠡᠭᠵᠢᠭᠦᠯᠦᠨ᠎ᠡ᠃     ᠭᠤᠷᠪᠠ ᠳᠤ᠂ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠠᠪᠤᠷᠠᠨ ᠲᠤᠰᠠᠯᠠᠬᠤ ᠰᠠᠨᠠᠯ ᠢ ᠳᠤᠷᠠᠳᠤᠨ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠠᠪᠤᠷᠠᠨ ᠲᠤᠰᠠᠯᠠᠬᠤ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠤᠰᠠᠯᠠᠬᠤ ᠠᠵᠢᠯ ᠢ ᠬᠠᠷᠢᠭᠤᠴᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠤᠤᠷ᠎ᠠ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠵᠢᠯ ᠢ ᠬᠠᠷᠢᠭᠤᠴᠠᠨ ᠵᠢᠯᠣᠭᠤᠳᠤᠨ᠎ᠠ  ᠃     ᠳᠥᠷᠪᠡ ᠳᠤ᠂ ᠪᠥᠬᠦ ᠬᠤᠰᠢᠭᠤᠨ ᠤ ᠨᠡᠶᠢᠭᠡᠮ ᠤᠨ ᠪᠦᠯᠬᠦᠮ᠂ ᠰᠠᠭᠤᠷᠢ ᠮᠥᠩᠭᠦᠨ ᠤ ᠨᠡᠶᠢᠭᠡᠮᠯᠢᠭ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠯᠡᠭᠡ ᠶᠢ ᠲᠣᠭᠲᠠᠭᠠᠵᠤ᠂ ᠬᠠᠤᠯᠢ ᠶᠣᠰᠣᠭᠠᠷ ᠪᠥᠬᠦ ᠬᠤᠰᠢᠭᠤᠨ ᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠬᠠᠮᠢᠶᠠᠷᠬᠤ ᠪᠠ ᠬᠢᠨᠠᠨ ᠵᠢᠯᠣᠭᠤᠳᠤᠨ᠎ᠠ᠃     ᠲᠠᠪᠤ ᠳᠤ᠂ ᠪᠦᠬᠦ ᠬᠤᠰᠢᠭᠤᠨ ᠤ ᠬᠤᠲᠠ ᠬᠥᠳᠡᠭᠡ ᠶᠢᠨ ᠦᠨᠳᠦᠰᠦᠨ ᠱᠠᠲᠤᠨ ᠤ ᠣᠯᠠᠨ ᠲᠦᠮᠡᠨ ᠤ ᠥᠪᠡᠷᠲᠡᠭᠡᠨ ᠵᠠᠰᠠᠬᠤ ᠪᠦᠲᠦᠭᠡᠨ ᠪᠠᠶᠢᠭᠤᠯᠤᠯᠲᠠ ᠪᠣᠯᠣᠨ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠠᠷᠭ᠎ᠠ᠂ ᠠᠷᠭ᠎ᠠ ᠬᠡᠮᠵᠢᠶ᠎ᠡ ᠶᠢ ᠲᠣᠭᠲᠠᠭᠠᠵᠤ᠂ ᠬᠤᠳᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠬᠤ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠤᠭᠤᠳᠴᠤ᠂ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠦᠨᠳᠦᠰᠦᠨ ᠱᠠᠲᠤᠨ ᠤ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢᠨ ᠨᠢᠭᠦᠯᠡᠰᠦᠩᠭᠦᠢ ᠶᠢᠨ ᠦᠢᠯᠡᠰ᠂ ᠨᠡᠶᠢᠭᠡᠮ ᠤᠨ ᠠᠵᠢᠯ᠂ ᠰᠠᠶᠢᠨ ᠲᠤᠷᠠᠴᠤᠤᠯ ᠤᠨ ᠦᠢᠯᠡᠴᠢᠯᠡᠭᠡᠨ ᠤ ᠲᠦᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠬᠦ ᠶᠢ ᠠᠬᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠ ᠰᠠᠶᠢᠨ ᠲᠤᠷᠠᠴᠤᠤᠯ ᠤᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠬᠠᠨᠳᠢᠪᠯᠡᠨ ᠲᠤᠰᠠᠯᠠᠬᠤ ᠠᠵᠢᠯ ᠢ ᠵᠢᠯᠣᠭᠤᠳᠤᠨ᠎ᠠ᠃     ᠵᠢᠷᠭᠤᠭ᠎ᠠ ᠳᠤ᠂ ᠪᠦᠭᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠪᠠ ᠭᠠᠵᠠᠷ ᠤᠰᠤᠨ ᠤ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠪᠦᠭᠦ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠬᠤᠪᠢᠷᠠᠭᠤᠯᠤᠯᠲᠠ ᠶᠢ ᠬᠢᠨᠠᠨ ᠬᠠᠷᠭᠤᠭᠤᠯᠬᠤ ᠪᠠ ᠮᠡᠳᠡᠭᠦᠯᠬᠦ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠱᠤᠭᠤᠮ ᠢ ᠬᠠᠶᠢᠨ ᠲᠣᠭᠲᠠᠭᠠᠬᠤ ᠪᠠ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠯᠢ ᠶᠢᠨ ᠵᠠᠭᠠᠭ ᠤᠨ ᠭᠠᠵᠠᠷ ᠣᠷᠣᠨ ᠤ ᠵᠠᠭᠠᠭ ᠱᠤᠭᠤᠮ ᠤᠨ ᠮᠠᠷᠭᠤᠯᠳᠤᠭᠠᠨ ᠪᠠ ᠡᠶᠡᠳᠡᠭᠦᠯᠦᠨ ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠭᠠᠵᠠᠷ ᠤᠰᠤᠨ ᠤ ᠨᠡᠷ᠎ᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃     ᠲᠤᠯᠤᠭ᠎ᠠ ᠳᠤ᠂ ᠵᠡᠮᠳᠡᠭᠴᠦᠳ ᠤᠨ ᠡᠷᠬᠡ ᠠᠰᠢᠭ ᠢ ᠬᠠᠮᠠᠭᠠᠯᠠᠬᠤ ᠲᠦᠷᠦ ᠶᠢᠨ ᠪᠣᠳᠣᠯᠭ᠎ᠠ ᠶᠢ  ᠲᠤᠭᠤᠰᠢᠯᠠᠭᠤᠯᠤᠨ ᠬᠡᠷᠡᠭᠵᠢᠭᠦᠯᠵᠦ᠂ ᠵᠡᠮᠳᠡᠭᠴᠦᠳ ᠤᠨ ᠠᠰᠠᠷᠠᠮᠵᠢ ᠶᠢᠨ ᠳᠦᠷᠢᠮ ᠪᠣᠯᠣᠨ ᠡᠷᠡᠭᠦᠯᠵᠢᠯ ᠤᠨ ᠲᠤᠰᠠᠯᠠᠬᠤ ᠪᠠᠭᠠᠵᠢ ᠬᠡᠷᠡᠭᠰᠡᠯ ᠤᠨ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠤᠷᠤᠭ ᠤᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠤᠷᠤᠭ ᠤᠨ ᠵᠠᠩᠰᠢᠯ ᠤᠨ ᠦᠭᠡᠷᠡᠴᠢᠯᠡᠯᠳᠠ ᠶᠢ ᠠᠬᠢᠭᠤᠯᠤᠨ᠎ᠠ᠃     ᠨᠠᠢᠮᠠ ᠳᠤ᠂ ᠤᠷᠤᠭ ᠤᠨ ᠪᠦᠷᠢᠳᠬᠡᠯ ᠤᠨ ᠬᠠᠮᠢᠶᠠᠷᠤᠯᠲᠠ ᠪᠠ ᠣᠷᠣᠰᠢᠭᠤᠯᠭ᠎ᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠵᠢᠯᠤᠭᠤᠳᠴᠤ᠂ ᠦᠢᠯᠡᠴᠢᠯᠡᠭᠡ ᠶᠢ ᠵᠢᠷᠤᠮᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠭ ᠤᠨ ᠵᠠᠩᠰᠢᠯ ᠪᠠ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠠᠬᠢᠭᠤᠯᠤᠨ᠎ᠠ᠃     ᠶᠢᠰᠦ ᠳᠤ᠂ ᠪᠥᠬᠦ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠢ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      ᠠᠷᠪᠠ ᠳᠤ᠂ ᠬᠡᠦᠬᠡᠳ ᠤᠨ ᠠᠰᠠᠷᠠᠮᠵᠢ᠂ ᠥᠨᠥᠴᠢᠨ ᠬᠡᠦᠬᠡᠳ ᠤᠨ ᠪᠠᠲᠤᠯᠠᠭ᠎ᠠ᠂ ᠬᠡᠦᠬᠡᠳ ᠢ ᠦᠷᠡᠴᠢᠯᠡᠨ ᠲᠡᠵᠢᠭᠡᠬᠦ᠂ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠬᠥᠳᠡᠭᠡ ᠲᠣᠰᠬᠤᠨ ᠤ ᠭᠡᠷ ᠲᠡᠭᠡᠨ ᠦᠯᠡᠳᠡᠨ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠪᠣᠯᠣᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠠᠲᠤᠯᠠᠭ᠎ᠠ ᠶᠢᠨ ᠳᠦᠷᠢᠮ ᠢ ᠠᠬᠢᠭᠤᠯᠤᠨ᠎ᠠ᠃     ᠠᠷᠪᠠᠨ ᠨᠢᠭᠡ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号