︽ᠵᠠᠯᠠᠶᠢᠳ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/13
ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ ᠳᠤ᠄      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ  ᠪᠠᠷ ᠡᠵᠡᠮᠰᠢᠨ ᠲᠤᠭᠤᠰᠢᠯᠠᠭᠤᠯᠬᠤ  ᠶᠢᠨ ᠲᠥᠯᠥᠭᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠢᠩᠭᠠᠨ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠮᠡᠳᠡᠭᠳᠡᠯ︾ ︵ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠲᠠᠷᠬᠠᠭᠠᠭᠰᠠᠨ ﹇2023﹈ 8 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠯ᠎ᠡ ᠭᠡᠰᠢᠭᠦᠨ ᠨᠢᠭᠡᠴᠢ ᠶᠢ ᠵᠣᠬᠢᠶᠠᠨ ᠪᠠᠶᠢᠭᠤᠯᠵᠤ ︽ᠵᠠᠯᠠᠶᠢᠳ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠳᠦᠷᠢᠮ︾ ᠢ ᠪᠣᠶ ᠪᠣᠯᠭᠠᠵᠤ ᠂ ᠪᠣᠳᠠᠲᠠᠢ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠭᠡᠷᠡᠢ᠃                       2023 ᠣᠨ ᠤ 5 ᠰᠠᠷ᠎ᠠ ᠶᠢᠨ 6 ᠤ ᠡᠳᠣᠷ       ᠵᠠᠯᠠᠶᠢᠳ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠠᠵᠢᠯ ᠤᠨ ᠲᠦᠷᠢᠮ      ᠨᠢᠭᠡ᠂ ᠦᠨᠳᠦᠰᠦᠲᠡᠨ ᠤ ᠬᠡᠷᠡᠭ ᠡᠷᠬᠢᠯᠡᠬᠦ ᠬᠤᠷᠢᠶᠠᠨ ᠤ ᠭᠡᠰᠢᠭᠦᠳ ᠢᠶᠠᠷ ᠪᠦᠷᠢᠯᠳᠦᠭᠰᠡᠨ ᠨᠢᠭᠡᠴᠢ ︵31 ᠬᠥᠮᠥᠨ︶      ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠰᠢᠭᠤᠨ ᠤ ᠰᠣᠶᠣᠯ ᠵᠤᠭᠠᠴᠠᠯ ᠪᠡᠶ᠎ᠡ  ᠶᠢᠨ ᠲᠠᠮᠢᠷ ᠤᠨ ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠣᠯᠠᠭ᠎ᠠ ᠶᠢᠨ ᠲᠤᠪᠴᠢᠶ᠎ᠠ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ᠂ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠂ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠠᠯᠠᠶᠢᠳ ᠬᠤᠰᠢᠭᠤᠨ ᠳᠠᠬᠢ ᠰᠠᠯᠪᠤᠷᠢ ᠪᠠᠩᠬᠢ᠂ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠬᠤᠰᠢᠭᠤᠨ ᠤ ᠠᠵᠢᠯᠴᠢᠨ ᠤ ᠡᠪᠯᠡᠯ᠂ ᠡᠪᠯᠡᠯ ᠤᠨ  ᠬᠤᠷᠢᠶ᠎ᠠ᠂ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠃     ᠬᠤᠶᠠᠷ᠂ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠭᠡᠰᠢᠭᠦᠨ ᠨᠢᠭᠡᠴᠢ ᠶᠢᠨ ᠭᠤᠣᠯ ᠲᠤᠰᠢᠶᠠᠯ ᠬᠠᠷᠢᠭᠤᠴᠠᠯᠭ᠎ᠠ     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠥᠪᠥᠷ ᠮᠣᠩᠭᠤᠯ ᠳᠠᠬᠢ  ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠦᠨᠳᠦᠰᠦᠲᠡᠨ ᠤ ᠠᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ︽ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ︾ ᠦᠨᠳᠦᠰᠦᠲᠡᠨ ᠤ ᠠᠵᠢᠯ ᠤᠨ ᠭᠤᠣᠯ ᠰᠡᠳᠦᠪ ᠤᠨ ᠲᠣᠭᠤᠷᠢᠨ ᠳᠤ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ ᠪᠠᠶᠢᠵᠤ᠂ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠬᠠᠷᠠᠯᠲᠠ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠴᠢᠳᠠᠪᠬᠢ ᠪᠠᠨ ᠦᠨᠳᠦᠰᠦᠯᠡᠨ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠲᠣᠰ ᠨᠢᠭᠡᠴᠢ ᠲᠣᠰ ᠬᠦᠷᠢᠶᠡᠨ ᠳᠠᠬᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠬᠤᠰᠢᠭᠤ ᠶᠢ ᠴᠣᠭᠴᠠᠯᠠᠨ ᠪᠠᠶᠢᠭᠤᠯᠬᠤ ᠠᠵᠢᠯ ᠢ ᠪᠠᠶᠢᠷᠢᠯᠠᠭᠤᠯᠤᠨ ᠵᠢᠯᠤᠭᠤᠳᠴᠤ᠂ ᠠᠴᠢᠶᠠᠯᠠᠪᠤᠷᠢ ᠶᠢ ᠪᠠᠶᠠᠯᠢᠭᠵᠢᠭᠤᠯᠤᠨ᠂ ᠠᠷᠭ᠎ᠠ ᠬᠡᠮᠵᠢᠶ᠎ᠡ ᠶᠢ ᠰᠢᠨ᠎ᠡ ᠪᠠᠷ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠷᠢᠯᠴᠠᠨ ᠰᠢᠭᠢᠳᠭᠡᠬᠦ ᠮᠠᠶ᠋ᠢᠭ ᠤᠨ ᠬᠥᠭᠵᠢᠯᠲᠡ ᠶᠢ ᠲᠡᠮᠵᠢᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ  ᠠᠬᠢᠭᠤᠯᠤᠨ᠎ᠠ᠃     ︵ᠨᠢᠭᠡ︶ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠣᠯᠣᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ  ᠲᠤᠭᠤᠰᠢᠯᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ᠂ ᠣᠨ ᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠦᠶ᠎ᠡ ᠳᠤ᠂ ᠦᠨᠳᠦᠰᠦᠲᠡᠨ ᠤ ᠠᠵᠢᠯ ᠢ ᠴᠢᠬᠤᠯᠠᠴᠢᠯᠠᠵᠤ ᠪᠠᠶᠢᠬᠤ ᠶᠢ ᠭᠦᠢᠴᠡᠳ ᠢᠯᠡᠷᠡᠭᠦᠯᠵᠦ᠂ ᠪᠣᠶ ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠠᠴᠢ ᠬᠤᠯᠪᠣᠭᠳᠠᠯ ᠢ ᠢᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠨ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠢ ᠢᠯᠡᠷᠡᠭᠦᠯᠬᠦ ᠶᠢ ᠴᠢᠬᠤᠯᠠᠴᠢᠯᠠᠨ᠎ᠠ᠃ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠣᠨᠴᠠᠭᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠦᠢ ᠵᠣᠬᠢᠰᠲᠠᠢ ᠲᠣᠬᠢᠷᠠᠭᠤᠯᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠬᠠᠯᠬᠠᠪᠴᠢ ᠶᠢ ᠪᠠᠶᠢᠭᠤᠯᠤᠨ᠎ᠠ᠃ ᠪᠥᠬᠦ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃       ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠢᠩᠭᠠᠨ ᠠᠶᠢᠮᠠᠭ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠡᠳ᠋ ᠤᠨ ᠵᠠᠰᠠᠭ ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠳᠤ ᠡᠳ᠋ ᠤᠨ ᠵᠠᠰᠠᠭ ᠤᠨ ᠰᠢᠯᠵᠢᠭᠦᠯᠦᠨ ᠥᠭᠬᠦ ᠡᠷᠴᠢᠮ ᠢ ᠴᠢᠩᠭᠠᠷᠠᠭᠤᠯᠤᠨ᠎ᠠ  ᠃ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠢ ᠲᠡᠳᠬᠦᠨ ᠳᠡᠮᠵᠢᠬᠦ ᠡᠳ᠋ ᠤᠨ ᠵᠠᠰᠠᠭ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠡᠳ᠋ ᠤᠨ ᠬᠦᠴᠦᠨ ᠢᠶᠠᠨ ᠦᠨᠳᠦᠰᠦᠯᠡᠨ ᠬᠤᠰᠢᠭᠤᠨ ᠤ ᠲᠣᠰ ᠱᠠᠲᠤᠨ ᠤ ᠦᠨᠳᠦᠰᠦᠲᠡᠨ ᠤ ᠠᠵᠢᠯ ᠤᠨ ᠲᠤᠰᠬᠠᠢ ᠵᠠᠷᠤᠳᠠᠯ ᠢ ᠲᠣᠬᠢᠷᠠᠭᠤᠯᠤᠨ᠎ᠠ᠃ ᠡᠯ᠎ᠡ ᠰᠤᠮᠤ᠂ ᠰᠢᠶᠠᠩ᠂ ᠪᠠᠯᠭᠠᠰᠤᠨ ᠤ ᠡᠳ᠋ ᠤᠨ ᠵᠠᠰᠠᠭ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠵᠢᠯᠤᠭᠤᠳᠴᠤ᠂ ᠲᠣᠰ  ᠨᠢᠭᠡᠴᠢ ᠶᠢᠨ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠨ᠎ᠠ᠃       ︵ᠭᠤᠷᠪᠠ︶ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠱᠤᠭᠤᠮ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠰᠤᠷᠭᠠᠨ ᠬᠥᠮᠦᠵᠢᠯ ᠢ ᠰᠠᠶᠢᠲᠤᠷ ᠬᠢᠵᠦ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠠᠵᠢᠯ ᠢ ᠭᠦᠨᠵᠡᠭᠡᠢ ᠰᠤᠳᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ︽ᠭᠤᠷᠪᠠᠨ ᠰᠠᠯᠵᠤ ᠴᠢᠳᠠᠬᠤ ᠦᠭᠡᠢ︾᠂ ︽ᠲᠠᠪᠤᠨ ᠬᠠᠮᠳᠣ ᠶᠢᠨ ᠲᠠᠨᠢᠯᠳᠠ︾ ᠶᠢᠨ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠰᠡᠳᠬᠢᠯ ᠳᠤ ᠭᠦᠨ ᠦᠨᠳᠦᠰᠦᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ᠂ ᠪᠠᠷᠢᠮᠵᠢᠶᠠᠵᠢᠭᠤᠯᠤᠯᠲᠠ ᠵᠢᠴᠢ ᠲᠡᠭᠦᠨ ᠤ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠨᠡᠶᠢᠭᠡᠮ ᠤᠨ ᠠᠮᠢᠳᠤᠷᠠᠯ ᠳᠤᠮᠳᠠᠬᠢ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠰᠤᠷᠤᠭᠴᠢᠳ ᠤᠨ ᠲᠤᠰ ᠦᠨᠳᠦᠰᠦᠲᠡᠨ ᠤ ᠪᠠᠨ ᠦᠭᠡ ᠬᠡᠯᠡ ᠦᠰᠦᠭ ᠪᠢᠴᠢᠭ ᠢ ᠰᠤᠷᠤᠯᠴᠠᠬᠤ ᠶᠢ ᠬᠦᠨᠳᠦᠳᠬᠡᠨ ᠪᠠᠲᠤᠯᠠᠨ᠎ᠠ᠃ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ  ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠠᠳᠬᠤᠨ᠎ᠠ᠃     ︵ᠳᠥᠷᠪᠡ︶ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠲᠠᠨᠢᠯᠳᠠ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯ ᠤᠨ ᠰᠣᠶᠣᠯ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢᠶᠠᠷ ᠭᠤᠣᠯ ᠬᠥᠭ ᠠᠶᠠᠰ ᠪᠣᠯᠭᠠᠵᠤ᠂ ᠪᠥᠬᠦ ᠬᠤᠰᠢᠭᠤᠨ ᠤ  ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠤᠨ ᠠᠵᠢᠯᠯᠠᠭ᠎ᠠ ᠶᠢ ᠪᠠᠶᠠᠯᠢᠭ ᠰᠠᠶᠢᠬᠠᠨ ᠦᠨᠳᠦᠰᠦᠲᠡᠨ ᠤ ᠰᠣᠶᠣᠯ ᠳᠤ ᠠᠭᠤᠰᠬᠠᠵᠤ᠂ ᠰᠣᠶᠣᠯ ᠢ ᠬᠥᠳᠡᠭᠡ ᠪᠠᠭᠤᠯᠭᠠᠬᠤ ᠠᠵᠢᠯᠯᠠᠭ᠎ᠠ ᠶᠢ ᠥᠷᠨᠢᠭᠦᠯᠤᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠠᠮᠠᠭᠠᠯᠠᠨ ᠠᠭᠤᠳᠠᠯᠤᠨ ᠡᠮᠬᠢᠯᠡᠵᠦ᠂ ᠦᠨᠳᠦᠰᠦᠲᠡᠨ ᠤ ᠰᠣᠶᠣᠯ ᠤᠨ ᠥᠪ ᠢ ᠶᠡᠭᠡ ᠪᠠᠷ ᠬᠠᠮᠠᠭᠠᠯᠠᠬᠤ ᠪᠠ ᠵᠠᠯᠭᠠᠮᠵᠢᠯᠠᠵᠤ᠂ ᠦᠨᠳᠦᠰᠦᠲᠡᠨ ᠤ ᠲᠤᠯᠭᠤᠷ ᠪᠢᠴᠢᠭ ᠪᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ  ᠵᠦᠢᠯᠡᠰ ᠢ ᠠᠪᠤᠷᠠᠬᠤ ᠪᠠ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠲᠡᠭᠦᠨ ᠤ ᠳᠣᠲᠣᠷᠠᠬᠢ ᠦᠨᠳᠦᠰᠦᠲᠡᠨ ᠤ ᠪᠦᠯᠬᠦᠮᠳᠡᠯ ᠤᠨ ᠠᠭᠤᠯᠤᠭᠳᠠᠬᠤᠨ ᠢ ᠭᠦᠢᠴᠡᠳ ᠠᠭᠤᠳᠠᠯᠤᠨ᠎ᠠ᠃ ᠦᠨᠳᠦᠰᠦᠲᠡᠨ ᠤ ᠣᠨᠴᠠᠯᠢᠭ ᠲᠠᠢ᠂ ᠨᠤᠲᠤᠭ ᠤᠨ ᠣᠨᠴᠠᠯᠢᠭ ᠲᠠᠢ ᠤᠳᠬ᠎ᠠ ᠤᠷᠠᠯᠢᠭ ᠤᠨ ᠴᠢᠳᠠᠪᠤᠷᠢᠲᠠᠨ ᠪᠠ ᠤᠷᠠᠯᠢᠭ ᠤᠨ ᠪᠦᠯᠬᠦᠮ ᠢ ᠬᠥᠮᠥᠵᠢᠭᠦᠯᠦᠨ᠎ᠡ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠪᠠ ᠪᠣᠳᠠᠲᠠᠢ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠦᠨᠳᠦᠰᠦᠲᠡᠨ ᠤ ᠣᠨᠴᠠᠯᠢᠭ ᠪᠦᠬᠦᠢ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠬᠥᠳᠡᠯᠭᠡᠭᠡᠨ ᠪᠠ ᠲᠥᠷᠥᠯ ᠵᠦᠢᠯ ᠢ ᠤᠯᠠᠮᠵᠢᠯᠠᠨ ᠪᠠᠳᠠᠷᠠᠭᠤᠯᠵᠤ ᠳᠡᠯᠭᠡᠷᠡᠭᠦᠯᠦᠨ᠎ᠡ᠃ ᠪᠥᠬᠦ ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠠᠳᠬᠤᠨ᠎ᠠ᠃      ︵ᠲᠠᠪᠤ︶ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠦᠨᠳᠦᠰᠦᠲᠡᠨ ᠲᠠᠢ ᠬᠤᠯᠪᠣᠭᠳᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠬᠠᠤᠯᠢ ᠲᠦᠭᠡᠮᠡᠯᠵᠢᠭᠦᠯᠬᠦ ᠭᠤᠣᠯᠳᠠᠯᠭ᠎ᠠ ᠳᠤ ᠣᠷᠣᠭᠤᠯᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠡᠯ᠎ᠡ ᠦᠨᠳᠦᠰᠦᠲᠡᠨ ᠤ ᠣᠯᠠᠨ ᠲᠦᠮᠡᠨ ᠳᠤ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠪᠠᠲᠤᠯᠠᠭ᠎ᠠ ᠪᠠ ᠬᠠᠤᠯᠢ ᠳᠦᠷᠢᠮ ᠤᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠨ᠎ᠠ  ᠃ ᠲᠦᠷᠢᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠢ ᠥᠷᠨᠢᠭᠦᠯᠬᠦ ᠳᠡᠭᠡᠨ᠂ ︽ᠦᠨᠳᠦᠰᠦᠨ ᠬᠠᠤᠯᠢ︾᠂ ︽ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠵᠡᠷᠭᠡ ᠤᠯᠤᠰ ᠤᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠬᠦ ᠡᠰᠡᠬᠦ ᠶᠢ ᠬᠢᠨᠠᠨ ᠬᠠᠷᠭᠤᠭᠤᠯᠬᠤ ᠶᠢ ᠴᠢᠬᠤᠯᠠᠴᠢᠯᠠᠨ᠎ᠠ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠬᠠᠤᠯᠢ ᠳᠦᠷᠢᠮ ᠤᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠦᠨᠳᠦᠰᠦᠲᠡᠨ ᠤ ᠠᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠵᠣᠬᠢᠴᠠᠩᠭᠤᠢ ᠬᠥᠭᠵᠢᠯᠲᠡ ᠶᠢ ᠬᠠᠤᠯᠢ ᠶᠣᠰᠣᠭᠠᠷ ᠪᠠᠲᠤᠯᠠᠨ᠎ᠠ᠃ ᠵᠠᠰᠠᠭ ᠤᠨ ᠣᠷᠳᠣᠨ ᠠᠴᠠ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠬᠡᠷᠡᠭ ᠶᠠᠪᠤᠳᠠᠯ ᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ ᠳᠡᠮᠵᠢᠯᠭᠡ ᠬᠠᠩᠭᠠᠨ᠎ᠠ᠃     ᠪᠥᠬᠦ ᠬᠤᠰᠢᠭᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃     ︵ᠵᠢᠷᠭᠤᠭ᠎ᠠ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠄ ᠦᠨᠳᠦᠰᠦᠲᠡᠨ ᠤ ᠲᠠᠯ᠎ᠠ ᠳᠤ ᠬᠤᠯᠪᠣᠭᠳᠠᠬᠤ ᠨᠡᠶᠢᠭᠡᠮ ᠤᠨ ᠲᠣᠭᠲᠠᠭᠤᠨ ᠢ ᠨᠥᠯᠥᠭᠡᠯᠡᠬᠦ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠨ᠎ᠠ  ᠃ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠳᠤᠮᠳᠠᠬᠢ ᠦᠨᠳᠦᠰᠦᠲᠡᠨ ᠤ ᠬᠡᠷᠡᠭ ᠶᠠᠪᠤᠳᠠᠯ ᠳᠤ ᠬᠤᠯᠪᠣᠭᠳᠠᠬᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠪᠥᠬᠦ ᠬᠤᠰᠢᠭᠤᠨ ᠤ ᠴᠥᠭᠡᠨ ᠲᠣᠭᠠᠲᠤ ᠦᠨᠳᠦᠰᠦᠲᠡᠨ ᠤ ᠬᠥᠮᠥᠨ ᠠᠮᠠ ᠪᠤᠯᠤᠨ ᠡᠷᠦᠬᠡ ᠠᠮᠠ ᠶᠢᠨ ᠮᠡᠳᠡᠭᠡ ᠵᠠᠩᠭᠢ ᠶᠢ ᠬᠠᠮᠵᠢᠨ ᠬᠠᠩᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠯ᠎ᠡ ᠦᠨᠳᠦᠰᠦᠲᠡᠨ ᠤ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠠᠮᠢᠶ᠎ᠠ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ ᠦᠨᠳᠦᠰᠦᠲᠡᠨ ᠤ ᠪᠦᠷᠢᠯᠳᠦᠭᠦᠨ ᠢ ᠥᠭᠡᠷᠡᠴᠢᠯᠡᠬᠦ ᠠᠵᠢᠯ ᠤᠨ ᠳᠤᠮᠳᠠᠬᠢ ᠬᠤᠯᠪᠣᠭᠳᠠᠯ ᠪᠦᠬᠦᠢ ᠣᠨᠴᠠᠭᠠᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠬᠠᠮᠢᠶᠠᠷᠤᠯᠲᠠ ᠦᠢᠯᠡᠴᠢᠯᠡᠭᠡᠨ ᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠪᠠ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠥᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠭᠡᠨᠡᠳᠲᠡ ᠶᠢᠨ ᠬᠡᠷᠡᠭ ᠢ ᠰᠠᠶᠢᠲᠤᠷ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠢ ᠡᠪᠳᠡᠬᠦ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠨ᠎ᠠ᠃ ᠪᠥᠬᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢ ᠵᠢᠯᠣᠭᠤᠳᠤᠨ ᠠᠬᠢᠭᠤᠯᠤᠨ᠎ᠠ᠃      ︵ᠳᠣᠯᠤᠭ᠎ᠠ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠬᠤᠲᠠ ᠶᠢᠨ ᠪᠦᠲᠦᠭᠡᠨ ᠪᠠᠶᠢᠭᠤᠯᠤᠯᠲᠠ᠂ ᠨᠡᠭᠡᠭᠡᠨ ᠬᠥᠭᠵᠢᠭᠦᠯᠦᠯᠲᠡ ᠶᠢᠨ ᠶᠠᠪᠤᠴᠠ ᠳᠤ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠢ ᠢᠯᠡᠷᠡᠭᠦᠯᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠᠳᠤ ᠶᠢᠨ ᠰᠣᠶᠣᠯ ᠤᠨ ᠲᠤᠬᠠᠢ ᠲᠠᠨᠢᠯᠳᠠ ᠶᠢ ᠨᠡᠮᠡᠭᠳᠡᠭᠦᠯᠦᠨ᠎ᠡ᠃ ᠬᠤᠲᠠ ᠬᠥᠳᠡᠭᠡ ᠶᠢ ᠨᠢᠭᠡᠳᠦᠯᠲᠡᠢ ᠲᠥᠯᠥᠪᠯᠡᠨ ᠬᠥᠭᠵᠢᠭᠦᠯᠬᠦ ᠶᠢᠨ ᠲᠣᠭᠤᠷᠢᠨ ᠳᠤ᠂ ᠬᠤᠲᠠ᠂ ᠭᠤᠣᠯᠳᠠᠯᠭ᠎ᠠ ᠲᠠᠢ ᠪᠠᠯᠭᠠᠰᠤ ᠪᠠ ᠴᠥᠭᠡᠨ ᠲᠣᠭᠠᠲᠤ ᠦᠨᠳᠦᠰᠦᠲᠡᠨ ᠤ ᠣᠨᠴᠠᠯᠢᠭ ᠲᠠᠢ ᠲᠣᠰᠬᠤᠨ ᠭᠠᠴᠠᠭ᠎ᠠ ᠰᠤᠮᠤ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠲᠠ ᠪᠠᠯᠭᠠᠰᠤᠵᠢᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠯᠤᠭ᠎ᠠ ᠬᠤᠯᠪᠣᠭᠳᠠᠬᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠦᠭᠦᠭᠡᠷᠤᠮᠵᠢ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠨ᠎ᠠ᠃ ᠪᠥᠬᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃     ︵ᠨᠠᠢᠮᠠ︶ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠄ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠵᠠᠮ ᠬᠠᠷᠢᠯᠴᠠᠭᠠᠨ ᠤ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠵᠦᠢ ᠵᠣᠬᠢᠰᠲᠠᠢ ᠲᠣᠬᠢᠷᠠᠭᠤᠯᠵᠤ᠂ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠣᠨᠴᠠᠭᠠᠢ ᠬᠦᠴᠢᠷᠳᠡᠯ ᠪᠠ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠵᠤ ᠰᠠᠭᠤᠬᠤ ᠱᠠᠭᠠᠷᠳᠠᠯᠭ᠎ᠠ ᠶᠢ ᠬᠠᠩᠭᠠᠨ᠎ᠠ᠃ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃     ︵ᠶᠢᠰᠦ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠄ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠣᠷᠣᠨ ᠤ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠬᠠᠮᠠᠭᠠᠯᠠᠬᠤ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠲᠥᠯᠥᠪᠵᠢᠭᠦᠯᠬᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠵᠡᠷᠭᠡ ᠲᠠᠯ᠎ᠠ ᠶᠢᠨ ᠣᠨᠴᠠᠭᠠᠶ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠵᠢᠯᠤᠭᠤᠳᠴᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠠᠰᠠᠭᠤᠳᠠᠯ ᠢ ᠲᠣᠬᠢᠲᠠᠢ ᠰᠠᠶᠢᠲᠤᠷ ᠰᠢᠢᠳᠪᠦᠷᠢᠯᠡᠨ᠎ᠡ᠃ ᠪᠥᠬᠦ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃     ︵ᠠᠷᠪᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠄ ᠦᠨᠳᠦᠰᠦᠲᠡᠨ ᠤ ᠭᠠᠵᠠᠷ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠥᠨᠳᠥᠷ ᠬᠡᠪ ᠪᠣᠯᠪᠠᠰᠤᠷᠠᠯ ᠲᠠᠢ ᠮᠠᠯᠴᠢᠨ ᠲᠠᠷᠢᠶᠠᠴᠢᠨ ᠢ ᠬᠦᠮᠦᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠠᠬᠢᠭᠤᠯᠤᠨ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠬᠥᠭᠵᠢᠭᠦᠯᠵᠦ᠂ ᠦᠵᠡᠰᠬᠦᠯᠡᠩᠲᠦ ᠰᠠᠶᠢᠬᠠᠨ ᠮᠠᠯᠵᠢᠬᠤ ᠲᠠᠷᠢᠶᠠᠯᠠᠬᠤ ᠣᠷᠣᠨ ᠢ ᠪᠦᠲᠦᠭᠡᠨ ᠪᠠᠶᠢᠭᠤᠯᠤᠨ᠎ᠠ᠃ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠪᠠ ᠮᠠᠯᠵᠢᠬᠤ ᠲᠠᠷᠢᠶᠠᠯᠠᠬᠤ ᠣᠷᠣᠨ ᠤ ᠡᠶ᠎ᠡ ᠵᠣᠬᠢᠴᠠᠯ ᠲᠠᠢ ᠬᠥᠭᠵᠢᠯᠲᠡ ᠶᠢ ᠵᠢᠯᠣᠭᠤᠳᠤᠨ ᠠᠬᠢᠭᠤᠯᠤᠨ᠎ᠠ᠃     ︵ᠠᠷᠪᠠᠨ ᠨᠢᠭᠡ︶ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠠ ᠪᠦᠳᠣᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠪᠠᠬᠢᠵᠢᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠵᠢᠯᠣᠭᠤᠳᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠭᠦᠯᠵᠦ᠂ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠲᠠᠪᠤᠨ ᠬᠠᠮᠳᠣ ᠶᠢᠨ ᠲᠠᠨᠢᠯᠳᠠ  ︾᠂ ︽ ᠭᠤᠷᠪᠠᠨ ᠰᠠᠯᠵᠤ ᠴᠢᠳᠠᠬᠤ ᠦᠭᠡᠢ︾ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠨᠢᠭᠲᠠᠷᠠᠭᠤᠯᠤᠨ᠂ ᠶᠠᠳᠠᠭᠤ ᠠᠴᠠ ᠠᠩᠭᠢᠵᠢᠷᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠬᠠᠭᠤᠯᠭ᠎ᠠ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠬᠠᠮᠰᠠᠷ ᠤᠨ ᠬᠥᠮᠦᠵᠢᠯ ᠲᠠᠢ ᠬᠠᠷᠢᠯᠴᠠᠨ ᠤᠶᠠᠯᠳᠤᠭᠤᠯᠵᠤ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      ︵ᠠᠷᠪᠠᠨ ᠬᠤᠶᠠᠷ︶ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠬᠤᠪᠢᠶᠠᠷᠢ ᠲᠣᠪᠴᠢᠶ᠎ᠠ᠄ ᠰᠢ ᠶᠢᠨ ᠫᠢᠩ  ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠨᠤᠮᠢᠨ ᠤᠰᠤ ᠬᠥᠬᠡᠮᠳᠦᠭ ᠠᠭᠤᠯᠠ ᠪᠣᠯ ᠲᠠᠷᠤᠢ ᠠᠯᠲᠠᠨ ᠮᠥᠩᠭᠦᠨ ᠠᠭᠤᠯᠠ ᠮᠥᠨ︾ ᠭᠡᠬᠦ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠰᠣᠶᠣᠯ  ᠤᠨ  ᠬᠠᠮᠳᠣ ᠶᠢᠨ ᠲᠠᠨᠢᠯᠳᠠ ᠶᠢ ᠨᠢᠭᠲᠠᠷᠠᠭᠤᠯᠵᠤ᠂ ᠡᠭᠦᠨ ᠢᠶᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠬᠠᠮᠰᠠᠷ ᠢ ᠪᠠᠲᠤᠳᠬᠠᠨ᠂ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      ︵ᠠᠷᠪᠠᠨ ᠭᠤᠷᠪᠠ︶ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠲᠥᠷᠥ ᠶᠢᠨ ᠪᠣᠳᠣᠯᠭ᠎ᠠ ᠪᠠ ᠲᠥᠯᠦᠪᠵᠢᠭᠦᠯᠭᠡ ᠶᠢ ᠰᠤᠳᠤᠯᠤᠨ ᠲᠣᠭᠲᠠᠭᠠᠨ᠎ᠠ᠃ ᠨᠡᠶᠢᠭᠡᠮ ᠤᠨ ᠪᠠᠲᠤᠯᠠᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠤ ᠬᠠᠤᠯᠢ ᠶᠣᠰᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠥᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠣᠨᠴᠠᠭᠠᠶ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠨ᠎ᠡ᠃ ᠪᠥᠬᠦ ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃      ︵ᠠᠷᠪᠠᠨ ᠳᠥᠷᠪᠡ︶ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠠᠰᠠᠷᠠᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠦᠨᠳᠦᠰᠦᠨ ᠱᠠᠲᠤᠨ ᠤ ᠠᠷᠠᠳᠴᠢᠯᠠᠯ ᠪᠠ ᠨᠡᠶᠢᠭᠡᠮ ᠤᠨ ᠪᠠᠶᠢᠭᠤᠯᠤᠯᠲᠠ ᠵᠢᠴᠢ ᠭᠠᠵᠠᠷ ᠤᠨ ᠨᠡᠷ᠎ᠡ᠂ ᠣᠷᠣᠰᠢᠭᠤᠯᠭ᠎ᠠ ᠶᠢᠨ ᠬᠠᠮᠢᠶᠠᠷᠤᠯᠲᠠ᠂ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠵᠡᠷᠭᠡ ᠲᠤᠰᠬᠠᠢ ᠵᠦᠢᠯ ᠤᠨ ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠬᠤᠳᠠ ᠶᠢᠨ ᠦᠨᠳᠦᠰᠦᠲᠡᠨ ᠤ ᠠᠵᠢᠯ ᠤᠨ ᠲᠣᠭᠲᠠᠴᠠ ᠶᠢ ᠰᠦᠪᠡᠭᠴᠢᠯᠡᠨ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢᠶᠠᠷ ᠬᠦᠴᠦᠯᠡᠬᠦ ᠴᠡᠭ ᠪᠣᠯᠭᠠᠨ ᠬᠤᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃      ︵ᠠᠷᠪᠠᠨ ᠲᠠᠪᠤ︶ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠭᠠᠵᠠᠷ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢ ᠪᠥᠬᠦ ᠲᠠᠯ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ  ᠵᠢᠷᠭᠠᠯᠳᠣ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠥᠷᠨᠢᠭᠦᠯᠵᠦ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠬᠠᠯᠳᠠᠪᠤᠷᠢᠲᠤ ᠡᠪᠡᠳᠴᠢᠨ᠂ ᠣᠷᠣᠨ ᠨᠤᠲᠤᠭ ᠤᠨ ᠡᠪᠡᠳᠴᠢᠨ᠂ ᠰᠢᠮᠡᠭᠦᠷ ᠬᠤᠷᠣᠬᠠᠢ ᠶᠢᠨ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠬᠢᠵᠠᠭᠠᠷᠯᠠᠬᠤ ᠠᠵᠢᠯ ᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠡᠷᠡᠭᠦᠯ ᠮᠡᠨᠳᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠬᠢᠲᠠᠳ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ ᠲᠡᠳᠬᠦᠨ ᠠᠬᠢᠭᠤᠯᠬᠤ ᠡᠯ᠎ᠡ ᠵᠦᠢᠯ ᠤᠨ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢᠨ ᠰᠠᠭᠤᠷᠢ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠪᠠ ᠬᠢᠲᠠᠳ ᠮᠣᠩᠭᠤᠯ ᠡᠮ ᠡᠮᠨᠡᠯᠭᠡ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠬᠢᠲᠠᠳ ᠮᠣᠩᠭᠤᠯ ᠡᠮ ᠡᠮᠨᠡᠯᠭᠡ ᠶᠢᠨ ᠴᠢᠳᠠᠪᠤᠷᠢᠲᠠᠨ ᠢ ᠢᠳᠡᠪᠬᠢᠲᠡᠢ ᠬᠥᠮᠥᠵᠢᠭᠦᠯᠦᠨ᠎ᠡ᠃ ᠪᠥᠬᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ  ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ  ᠃        ︵ᠠᠷᠪᠠᠨ ᠵᠢᠷᠭᠤᠭ᠎ᠠ︶ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠲᠠᠢ ᠵᠣᠬᠢᠴᠠᠭᠰᠠᠨ ᠪᠣᠳᠠᠲᠠᠢ ᠠᠷᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠦᠨᠳᠦᠰᠦᠲᠡᠨ ᠤ ᠭᠠᠵᠠᠷ ᠣᠷᠣᠨ ᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠲᠡ ᠶᠢ ᠲᠡᠳᠭᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ︽ᠰᠠᠭᠠᠳ ᠦᠭᠡᠢ ᠨᠡᠪᠲᠡᠷᠡᠬᠦ ᠵᠠᠮ︾ ᠢ ᠨᠠᠪᠲᠠᠷᠡᠭᠦᠯᠵᠦ᠂ ᠥᠨᠳᠥᠷ ᠪᠦᠲᠦᠮᠵᠢᠲᠡᠶ᠂ ᠳᠥᠭᠦᠮ ᠳᠥᠲᠡ ᠢᠶᠠᠷ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠦᠢᠯᠡᠴᠢᠯᠡᠭᠡ ᠶᠢ ᠬᠠᠩᠭᠠᠨ᠎ᠠ᠃ ᠯᠠᠯᠤ ᠶᠢᠨ ᠢᠳᠡᠭᠡᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠵᠢᠷᠤᠮᠵᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ᠨᠡᠶᠢᠭᠡᠮ ᠤᠨ ᠥᠩᠭᠡᠨ ᠬᠡᠷᠡᠭᠯᠡᠭᠡᠨ ᠤ ᠬᠢᠲᠠᠳ ᠮᠣᠩᠭᠤᠯ  ᠬᠤᠶᠠᠷ ᠵᠦᠢᠯ ᠤᠨ ᠥᠰᠥᠭ ᠪᠢᠴᠢᠭ ᠢ ᠵᠡᠷᠭᠡᠪᠡᠷ ᠬᠡᠷᠡᠭᠯᠡᠬᠦ ᠵᠠᠷ ᠮᠡᠳᠡᠭᠡ ᠶᠢᠨ ᠠᠭᠤᠯᠭ᠎ᠠ ᠳᠤ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠨ᠎ᠡ᠃ ᠪᠥᠬᠦ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠵᠢᠯᠣᠭᠤᠳᠤᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠰᠠᠶᠢᠲᠤᠷ ᠬᠢᠨ᠎ᠡ᠃     ︵ᠠᠷᠪᠠᠨ ᠳᠣᠯᠤᠭ᠎ᠠ︶ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠄ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠨᠤᠮᠢᠨ ᠤᠰᠣ ᠬᠥᠬᠡᠮᠳᠦᠭ ᠠᠭᠤᠯᠠ ᠪᠣᠯ ᠳᠠᠷᠤᠢ ᠠᠯᠲᠠᠨ ᠠᠭᠤᠯᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ ᠦᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠦᠭᠦᠷᠦᠮ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠯᠡᠨ᠎ᠡ᠃ ᠣᠶ ᠰᠢᠭᠤᠢ ᠪᠠ ᠨᠤᠲᠤᠭ ᠪᠡᠯᠴᠢᠭᠡᠷ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠤᠯᠤᠰ ᠠᠴᠠ ᠦᠨᠳᠦᠰᠦᠲᠡᠨ ᠤ ᠭᠠᠵᠠᠷ ᠣᠷᠣᠨ ᠤ ᠬᠥᠭᠵᠢᠯᠲᠡ ᠶᠢ ᠳᠡᠮᠵᠢᠵᠦ ᠪᠠᠶᠢᠭ᠎ᠠ ᠣᠶ ᠰᠢᠭᠤᠢ  ᠨᠤᠳᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠠᠮᠠᠭᠠᠯᠠᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠰᠠᠭᠤᠷᠢ ᠶᠢ ᠪᠠᠲᠤᠳᠬᠠᠨ᠎ᠠ᠃ ᠪᠥᠬᠦ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃      ︵ᠠᠷᠪᠠᠨ ᠨᠠᠢᠮᠠ︶ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠄ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠤᠰᠤᠨ ᠠᠰᠢᠭᠯᠠᠯᠲᠠ ᠶᠢᠨ ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠵᠦ ᠭᠠᠮᠰᠢᠭ ᠢ ᠪᠠᠭᠠᠰᠬᠠᠬᠤ ᠢᠨᠵᠧᠨᠧᠷᠢᠩ ᠪᠣᠯᠣᠨ ᠬᠥᠷᠥᠰᠥ ᠰᠢᠷᠣᠢ ᠶᠢ ᠬᠠᠮᠠᠭᠠᠯᠠᠬᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠣᠭᠤᠯᠤᠨ᠎ᠠ᠃ ᠤᠰᠤᠨ ᠠᠰᠢᠭᠯᠠᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠳᠬᠤᠨ᠎ᠠ᠃     ︵ᠠᠷᠪᠠ ᠶᠢᠰᠦ︶ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠄ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠠᠶᠢᠳᠠᠯ ᠢ ᠬᠢᠨᠠᠨ ᠰᠢᠨᠵᠢᠵᠦ ᠵᠠᠳᠠᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠠᠯ᠎ᠠ ᠶᠢᠨ ᠲᠤᠭ᠎ᠠ ᠪᠦᠷᠢᠳᠬᠡᠯ ᠤᠨ ᠠᠵᠢᠯ ᠢ ᠬᠠᠮᠵᠢᠨ ᠰᠠᠶᠢᠲᠤᠷ ᠬᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠦᠨᠳᠦᠰᠦᠲᠡᠨ ᠨᠦᠭᠦᠳ ᠤᠨ ᠰᠢᠭᠢᠳᠬᠡᠬᠦ ᠮᠠᠶ᠋ᠢᠭ ᠤᠨ ᠨᠡᠶᠢᠭᠡᠮ ᠤᠨ ᠪᠦᠲᠦᠴᠡ ᠪᠠ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠬᠤᠯᠪᠣᠭᠳᠠᠯ ᠪᠦᠬᠦᠢ ᠪᠦᠷᠢᠳᠬᠡᠯ ᠤᠨ ᠲᠤᠭ᠎ᠠ ᠪᠠᠷᠢᠮᠲᠠ ᠶᠢ ᠰᠠᠶᠢᠲᠤᠷ ᠬᠢᠵᠦ᠂ ᠠᠷᠭ᠎ᠠ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ ᠲᠤᠭ᠎ᠠ ᠪᠦᠷᠢᠳᠬᠡᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠳᠤ ᠵᠢᠯᠤᠭᠤᠳᠣᠨ ᠠᠬᠢᠭᠤᠯᠤᠨ᠎ᠠ᠃     ︵ᠬᠤᠷᠢ︶ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠄ ᠦᠨᠳᠦᠰᠦᠲᠡᠨ ᠤ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠮᠡᠷᠭᠡᠵᠢᠯ ᠤᠨ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠵᠦ᠂ ᠰᠢᠨ᠎ᠡ ᠪᠦᠲᠦᠭᠡᠭᠳᠡᠬᠦᠨ ᠢ ᠢᠳᠡᠪᠬᠢᠲᠡᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢ ᠶᠡᠭᠡ ᠪᠠᠷ ᠲᠣᠬᠢᠷᠠᠭᠤᠯᠤᠨ᠎ᠠ᠃ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠵᠢᠴᠢ ᠮᠡᠳᠡᠭᠡ ᠵᠠᠩᠭᠢ ᠶᠢᠨ ᠠᠵᠤ ᠦᠢᠯᠡᠰ ᠤᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃    ︵ᠬᠤᠷᠢᠨ ᠨᠢᠭᠡ︶ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠄ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠡᠮᠵᠢᠬᠦ ᠡᠯ᠎ᠡ ᠵᠦᠢᠯ ᠤᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠵᠢᠯ ᠲᠥᠷᠥᠯ ᠤᠨ ᠴᠣᠩᠬᠤᠪᠴᠢ ᠨᠢᠭᠡᠴᠢ ᠶᠢ ᠵᠢᠯᠣᠭᠤᠳᠤᠨ ᠬᠤᠣᠰ ᠬᠡᠯᠡᠨ ᠤ ᠦᠢᠯᠡᠴᠢᠯᠡᠭᠡᠨ ᠤ ᠠᠵᠢᠯ ᠢ ᠵᠢᠯᠤᠭᠤᠳᠤᠨ᠎ᠠ᠃ ᠪᠥᠬᠦ ᠬᠤᠰᠢᠭᠤᠨ ᠤ ᠭᠠᠶᠢᠯᠢ ᠶᠢᠨ ᠶᠠᠪᠤᠳᠠᠯ ᠤᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃      ︵ᠬᠤᠷᠢᠨ ᠬᠤᠶᠠᠷ︶ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ᠄  ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠴᠡᠷᠢᠭ ᠠᠴᠠ ᠬᠠᠯᠠᠭᠳᠠᠭᠰᠠᠳ ᠲᠤ ᠬᠤᠯᠪᠣᠭᠳᠠᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠤᠨ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠰᠠᠶᠢᠲᠤᠷ ᠬᠢᠨ᠎ᠡ᠃ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠣ ᠴᠣᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠥᠷᠨᠢᠭᠦᠯᠵᠦ᠂ ᠤᠯᠤᠰ ᠣᠷᠣᠨ ᠤ ᠨᠢᠭᠡᠳᠦᠯ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃      ︵ᠬᠤᠷᠢᠨ ᠭᠤᠷᠪᠠ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠄ ᠪᠥᠬᠦ ᠬᠤᠰᠢᠭᠤᠨ ᠤ ᠡᠯ᠎ᠡ ᠲᠥᠷᠥᠯ ᠤᠨ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠲᠣᠭᠲᠠᠭᠠᠬᠤ ᠳᠤᠮᠳᠠ᠂ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠬᠤ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠯ᠎ᠠ ᠶᠢ ᠭᠦᠢᠴᠡᠳ ᠪᠣᠳᠣᠯᠬᠢᠯᠠᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠠ ᠪᠣᠯᠪᠠᠰᠤᠷᠠᠯ ᠤᠨ ᠠᠵᠢᠯ ᠢ ᠴᠢᠩᠭᠠᠳᠬᠠᠨ᠎ᠠ᠃  ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠪᠥᠬᠦ  ᠲᠠᠯ᠎ᠠ ᠪᠠᠷ ᠰᠠᠶᠢᠳᠤᠷ ᠬᠢᠨ᠎ᠡ᠃     ︵ᠬᠤᠷᠢᠨ ᠳᠥᠷᠪᠡ︶ ᠬᠤᠰᠢᠭᠤᠨ ᠤ ᠬᠢᠨᠠᠨ ᠪᠤᠳᠤᠬᠤ ᠲᠣᠪᠴᠢᠶ᠎ᠠ᠄ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠨ ︽ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠦᠷᠢ ᠪᠡᠯᠡ ᠮᠥᠩᠭᠦ ︾ ᠶᠢᠨ ᠲᠤᠰᠬᠠᠢ ᠬᠢᠨᠠᠨ ᠪᠣᠳᠣᠯᠲᠠ ᠶᠢ ᠰᠠᠶᠢᠲᠤᠷ ᠬᠢᠵᠦ᠂ ᠪᠡᠯᠡ ᠮᠥᠩᠭᠦ ᠶᠢᠨ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ ᠬᠡᠷᠡᠭᠯᠡᠯᠲᠡ ᠶᠢ ᠪᠠᠲᠤᠯᠠᠨ᠎ᠠ᠃ ᠪᠥᠬᠦ ᠬᠤᠰᠢᠭᠤᠨ ᠤ ᠬᠢᠨᠠᠨ ᠪᠤᠳᠤᠬᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃     ︵ᠬᠤᠷᠢᠨ ᠲᠠᠪᠤ︶ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠰᠠᠶᠢᠲᠤᠷ ᠲᠤᠭᠤᠰᠢᠯᠠᠭᠤᠯᠤᠨ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠣᠯ ᠵᠢᠷᠭᠠᠯᠳᠣ ᠲᠦᠷᠦᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠲᠤᠰᠬᠠᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠠᠬᠢᠭᠤᠯᠤᠨ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃      ᠪᠥᠬᠦ ᠬᠤᠰᠢᠭᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠪᠥᠬᠦ ᠲᠠᠯ᠎ᠠ   ᠪᠠᠷ ᠰᠠᠶᠢᠳᠤᠷ ᠠᠳᠬᠤᠨ᠎ᠠ᠃      ︵ᠬᠤᠷᠢᠨ ᠵᠢᠷᠭᠤᠭ᠎ᠠ︶ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠤᠯᠤᠰ᠂ ᠥᠪᠡᠷᠲᠡᠭᠡᠨ ᠵᠠᠰᠠᠬᠤ ᠣᠷᠣᠨ᠂  ᠠᠶᠢᠮᠠᠭ ᠤᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠪᠠᠶᠢᠭᠤᠯᠤᠯ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠵᠡᠷᠭᠡ ᠲᠠᠯ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠲᠣᠪᠴᠢᠶ᠎ᠠ ᠶᠢᠨ ᠡᠯ᠎ᠡ ᠵᠦᠢᠯ ᠤᠨ ᠳᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠰᠠᠭᠤᠭᠰᠠᠨ ᠰᠢᠭᠤᠳ ᠬᠠᠮᠢᠶᠠᠷᠬᠤ ᠰᠠᠯᠠᠭ᠎ᠠ ᠮᠥᠴᠢᠷ᠂ ᠳᠠᠪᠬᠤᠷ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠷᠢᠯᠠᠭᠤᠯᠤᠭᠰᠠᠨ ᠴᠣᠩᠬᠤᠪᠴᠢ ᠵᠢᠴᠢ ᠣᠷᠣᠵᠤ ᠰᠠᠭᠤᠭᠰᠠᠨ ᠡᠯ᠎ᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠵᠢᠷᠤᠮᠵᠢᠭᠤᠯᠬᠤ᠂ ᠬᠠᠮᠢᠶᠠᠷᠬᠤ ᠪᠠ ᠬᠢᠨᠠᠯᠲᠠ ᠲᠠᠯᠪᠢᠬᠤ ᠶᠢ ᠴᠢᠩᠭᠠᠷᠠᠭᠤᠯᠤᠨ᠎ᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠴᠣᠭᠴᠠᠯᠠᠨ ᠪᠠᠶᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ  ᠃     ︵ᠬᠤᠷᠢᠨ ᠳᠣᠯᠤᠭ᠎ᠠ︶ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠵᠠᠯᠠᠶᠢᠳ ᠬᠤᠰᠢᠭᠤᠨ ᠤ ᠰᠠᠯᠪᠤᠷᠢ ᠪᠠᠩᠬᠢ᠄ ᠡᠯ᠎ᠡ ᠬᠤᠳᠠᠯᠳᠤᠭᠠᠨ ᠤ ᠪᠠᠩᠬᠢ ᠶᠢ ᠵᠣᠬᠢᠴᠠᠭᠤᠯᠵᠤ ᠪᠠᠶᠢᠭᠠᠳ ᠦᠨᠳᠦᠰᠦᠲᠡᠨ ᠤ ᠬᠡᠷᠡᠭᠯᠡᠭᠡᠨ ᠤ ᠵᠦᠢᠯ ᠤᠨ ᠲᠣᠭᠲᠠᠭᠠᠭᠰᠠᠨ ᠭᠠᠵᠠᠷ ᠤᠨ ᠦᠢᠯᠡᠳᠪᠦᠷᠢᠯᠡᠬᠦ ᠠᠵᠤ ᠠᠬᠤᠶᠢᠯᠠᠯ᠂ ᠦᠨᠳᠦᠰᠦᠲᠡᠨ ᠤ ᠠᠷᠠᠯᠵᠢᠶ᠎ᠠ ᠪᠠ ᠦᠨᠳᠦᠰᠦᠲᠡᠨ ᠤ ᠭᠠᠵᠠᠷ ᠣᠷᠣᠨ ᠤ ᠶᠠᠳᠠᠭᠤ ᠶᠢ ᠲᠡᠳᠬᠦᠬᠦ ᠲᠤᠰᠬᠠᠢ ᠵᠦᠢᠯ ᠤᠨ ᠵᠢᠭᠡᠯᠡᠯᠭᠡ ᠶᠢᠨ ᠭᠦᠢᠴᠡᠳᠬᠡᠯ ᠲᠤᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠠᠴᠠ ᠦᠨᠳᠦᠰᠦᠲᠡᠨ ᠤ ᠠᠷᠠᠯᠵᠢᠶ᠎ᠠ ᠶᠢᠨ ᠠᠵᠤ ᠠᠬᠤᠶᠢᠯᠠᠯ ᠪᠣᠯᠣᠨ ᠦᠨᠳᠦᠰᠦᠲᠡᠨ ᠤ ᠣᠨᠴᠠ ᠬᠡᠷᠡᠭᠴᠡᠭᠡᠲᠦ ᠲᠠᠸᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠳᠤ ᠬᠡᠷᠡᠭᠵᠢᠭᠦᠯᠬᠦ ᠵᠢᠭᠡᠯᠡᠯᠭᠡ ᠶᠢᠨ ᠳᠠᠮ ᠬᠦᠦ᠂ ᠭᠦᠢᠯᠭᠡᠭᠡᠨ ᠤ ᠪᠡᠯᠡ ᠮᠥᠩᠭᠦ ᠶᠢᠨ ᠵᠢᠭᠡᠯᠡᠯᠭᠡ ᠶᠢᠨ ᠬᠠᠷᠠᠭᠠᠯᠵᠠᠯᠲᠤ ᠬᠦᠦ ᠶᠢᠨ ᠨᠤᠷᠮ᠎ᠠ ᠵᠡᠷᠭᠡ ᠲᠦᠷᠦ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ᠃ ᠠᠷᠠᠳ ᠤᠨ ᠪᠠᠩᠬᠢ ᠶᠢᠨ ᠵᠠᠯᠠᠶᠢᠳ ᠬᠤᠰᠢᠭᠤᠨ ᠤ ᠰᠠᠯᠪᠤᠷᠢ ᠪᠠᠩᠬᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃     ︵ᠬᠤᠷᠢᠨ ᠨᠠᠢᠮᠠ︶ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠄ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠳᠤ ᠴᠢᠭᠯᠡᠭᠦᠯᠦᠨ᠂ ᠬᠠᠮᠢᠶ᠎ᠠ ᠪᠦᠬᠦᠢ ᠤᠯᠤᠰ ᠤᠨ ᠬᠠᠤᠯᠢ ᠴᠠᠭᠠᠵᠠ ᠪᠠ ᠲᠥᠷᠥ ᠶᠢᠨ ᠪᠣᠳᠣᠯᠭ᠎ᠠ ᠶᠢ ᠤᠬᠠᠭᠤᠯᠤᠨ᠎ᠠ᠃ ︽ᠵᠠᠬᠢᠳᠠᠯ ᠰᠣᠷᠪᠤᠯᠵᠢᠯᠠᠯ ᠤᠨ ᠠᠵᠢᠯ ᠤᠨ ᠳᠦᠷᠢᠮ︾ ᠤᠨ ᠲᠣᠭᠲᠠᠭᠠᠯ ᠶᠣᠰᠣᠭᠠᠷ ᠂ ᠬᠠᠷᠢᠭᠤᠴᠠᠯᠭ᠎ᠠ ᠲᠠᠢ ᠭᠠᠵᠠᠷ ᠣᠷᠣᠨ᠂ ᠠᠵᠢᠯ ᠶᠠᠪᠤᠳᠠᠯ ᠤᠨ ᠡᠷᠬᠡᠲᠦ ᠰᠠᠯᠠᠭ᠎ᠠ ᠮᠥᠴᠢᠷ ᠲᠤ ᠵᠠᠬᠢᠳᠠᠯ ᠰᠣᠷᠪᠤᠯᠵᠢᠯᠠᠯ ᠤᠨ ᠵᠦᠢᠯᠡᠰ ᠢ ᠴᠠᠭ ᠲᠤᠬᠠᠢ ᠳᠤᠨᠢ ᠰᠢᠯᠵᠢᠭᠦᠯᠦᠨ ᠰᠢᠢᠳᠪᠦᠷᠢᠯᠡᠭᠦᠯᠬᠦ ᠪᠠ ᠲᠤᠰᠢᠶᠠᠨ ᠰᠢᠢᠳᠪᠦᠷᠢᠯᠡᠭᠦᠯᠦᠨ᠎ᠡ᠃ ᠦᠨᠳᠦᠰᠦᠲᠡᠨ ᠤ ᠬᠦᠴᠦᠨ ᠵᠦᠢᠯ ᠳᠤ ᠬᠤᠯᠪᠣᠭᠳᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠲᠣᠬᠢᠲᠠᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠦᠨᠳᠦᠰᠦᠲᠡᠨ ᠤ ᠵᠠᠬᠢᠳᠠᠯ ᠰᠣᠷᠪᠤᠯᠵᠢᠯᠠᠯ ᠤᠨ ᠣᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠪᠦᠲᠦᠮᠵᠢᠲᠡᠶ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃     ︵ᠬᠤᠷᠢ ᠶᠢᠰᠦ︶ ᠬᠤᠰᠢᠭᠤᠨ ᠤ ᠠᠵᠢᠯᠴᠢᠨ ᠤ ᠡᠪᠯᠡᠯ᠄ ᠠᠵᠢᠯᠲᠠᠨ ᠠᠵᠢᠯᠴᠢᠨ ᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠮᠠᠷᠺᠰ ᠤᠨ ᠦᠵᠡᠯ ᠤᠨ ︽ᠲᠠᠪᠤᠨ ᠦᠵᠡᠯᠲᠡ︾᠂ ︽ᠲᠠᠪᠤᠨ  ᠬᠠᠮᠳᠣ ᠶᠢᠨ ᠲᠠᠨᠢᠯᠳᠠ︾᠂ ︽ᠭᠤᠷᠪᠠᠨ ᠰᠠᠯᠵᠤ ᠴᠢᠳᠠᠬᠤ ᠦᠭᠡᠢ︾ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠎ᠡ᠃ ᠡᠯ᠎ᠡ ᠦᠨᠳᠦᠰᠦᠲᠡᠨ ᠤ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠶᠢ ᠬᠠᠮᠠᠭᠠᠯᠠᠨ᠎ᠠ᠃ ᠬᠦᠴᠢᠷᠳᠡᠯ ᠲᠠᠢ ᠠᠵᠢᠯᠲᠠᠨ ᠠᠵᠢᠯᠴᠢᠨ ᠢ ᠡᠷᠬᠢᠨ ᠦᠵᠡᠬᠦ ᠪᠠ ᠲᠣᠬᠤᠨᠢᠭᠤᠯᠵᠤ᠂ ᠦᠨᠳᠦᠰᠦᠲᠡᠨ ᠨᠦᠭᠦᠳ ᠤᠨ ᠠᠵᠢᠯᠲᠠᠨ ᠠᠵᠢᠯᠴᠢᠨ ᠳᠤ ᠰᠠᠶᠢᠨ ᠶᠠᠪᠤᠳᠠᠯ᠂ ᠪᠣᠳᠠᠲᠠᠢ ᠶᠠᠪᠤᠳᠠᠯ ᠬᠢᠵᠦ ᠥᠭᠴᠦ᠂ ᠲᠡᠳᠡᠨ ᠳᠤ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠪᠠ ᠶᠡᠭᠡ ᠭᠡᠷ ᠪᠦᠯᠢ ᠶᠢᠨ ᠮᠠᠶ᠋ᠢᠭ ᠤᠨ ᠬᠠᠯᠠᠭᠤᠨ ᠳᠤᠯᠠᠭᠠᠨ ᠢ ᠮᠡᠳᠡᠷᠡᠭᠦᠯᠤᠨ᠎ᠡ᠃      ︵ᠭᠤᠴᠢ︶ ᠡᠪᠯᠡᠯ  ᠤᠨ ᠬᠤᠷᠢᠶ᠎ᠠ᠄ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠤᠨ ᠦᠵᠡᠯ ᠰᠠᠨᠠᠭᠠᠨ ᠤ ᠬᠥᠳᠡᠯᠦᠯ ᠪᠠᠶᠢᠳᠠᠯ ᠪᠠ ᠵᠠᠯᠠᠭᠤᠴᠤᠳ ᠪᠠᠭᠠᠴᠤᠳ ᠤᠨ ᠠᠵᠢᠯ ᠤᠨ ᠪᠠᠶᠢᠳᠠᠯ ᠢ ᠪᠠᠶᠢᠴᠠᠭᠠᠵᠤ᠂ ᠵᠠᠯᠠᠭᠤᠴᠤᠳ ᠪᠠᠭᠠᠴᠤᠳ ᠤᠨ ᠠᠵᠢᠯ ᠤᠨ ᠣᠨᠣᠯ ᠪᠠ ᠦᠵᠡᠯ ᠰᠠᠨᠠᠭᠠᠨ ᠤ ᠬᠥᠮᠦᠵᠢᠯ ᠤᠨ ᠠᠰᠠᠭᠤᠳᠠᠯ ᠢ ᠰᠤᠳᠤᠯᠵᠤ ᠂ ᠵᠣᠬᠢᠴᠠᠩᠭᠤᠢ ᠠᠷᠭ᠎ᠠ ᠪᠣᠳᠣᠯᠭ᠎ᠠ ᠳᠤᠷᠠᠳᠤᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠨ᠎ᠡ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠲᠠᠢ ᠪᠣᠯᠭᠠᠨ᠎ᠠ᠃ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠦᠨᠳᠦᠰᠦᠲᠡᠨ ᠤ ᠬᠠᠨᠳᠤᠰᠢ ᠪᠠ ᠢᠷᠡᠭᠡᠳᠦᠢ ᠶᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃     ︵ᠭᠤᠴᠢᠨ ᠨᠢᠭᠡ︶ ᠬᠤᠰᠢᠭᠤᠨ ᠤ ᠡᠮᠡᠭᠲᠡᠶᠢᠴᠦᠳ ᠤᠨ ᠬᠤᠯᠪᠣᠭ᠎ᠠ᠄ ᠮᠠᠷᠺᠰ ᠤᠨ ᠦᠵᠡᠯ ᠤᠨ ᠡᠮᠡᠭᠲᠡᠶᠢᠴᠦᠳ ᠤᠨ ᠦᠵᠡᠯᠲᠡ ᠪᠠ ᠡᠷᠡᠭᠲᠡᠢ ᠡᠮᠡᠭᠲᠡᠢ ᠡᠷᠬᠡ ᠲᠡᠭᠰᠢ ᠪᠠᠶᠢᠬᠤ ᠤᠯᠤᠰ ᠤᠨ ᠦᠨᠳᠦᠰᠦᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠦᠨᠳᠦᠰᠦᠲᠡᠨ ᠨᠦᠭᠦᠳ ᠤᠨ ᠡᠮᠡᠭᠲᠡᠶᠢᠴᠦᠳ ᠢ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠣᠯᠭᠠᠵᠤ᠂ ︽ᠪᠡᠶ᠎ᠡ ᠪᠠᠨ ᠬᠦᠨᠳᠦᠳᠬᠡᠬᠦ᠂ ᠪᠡᠶ᠎ᠡ ᠪᠠᠨ ᠢᠲᠡᠭᠡᠬᠦ᠂ ᠪᠡᠶ᠎ᠡ ᠪᠠᠨ ᠳᠠᠭᠠᠭᠠᠬᠤ᠂ ᠪᠡᠶ᠎ᠡ ᠪᠠᠨ ᠬᠦᠴᠦᠷᠬᠡᠭᠵᠢᠭᠦᠯᠬᠦ︾ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠦᠨᠳᠦᠰᠦᠲᠡᠨ ᠨᠦᠭᠦᠳ ᠤᠨ ᠡᠮᠡᠭᠲᠡᠶᠢᠴᠦᠳ ᠤᠨ ᠭᠡᠷ ᠪᠦᠯᠢ ᠶᠢᠨ ᠬᠥᠮᠦᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠨᠦᠭᠦᠳ ᠤᠨ ᠡᠮᠡᠭᠲᠡᠶᠢᠴᠦᠳ ᠲᠤ ᠬᠢᠬᠦ ᠰᠢᠨᠵᠢᠯᠡᠬᠦ ᠤᠬᠠᠭᠠᠨ ᠰᠣᠶᠣᠯ ᠬᠢᠭᠡᠳ ᠦᠢᠯᠡᠳᠪᠦᠷᠢᠯᠡᠯ ᠬᠥᠳᠡᠯᠮᠦᠷᠢ ᠶᠢᠨ ᠤᠷ᠎ᠠ ᠴᠢᠳᠠᠪᠤᠷᠢ ᠶᠢᠨ ᠬᠥᠮᠦᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠬᠤ ᠪᠠ ᠥᠷᠨᠢᠭᠦᠯᠵᠦ᠂ ᠡᠮᠡᠭᠲᠡᠶᠢᠴᠦᠳ ᠤᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠬᠡᠦᠬᠡᠳ ᠲᠤ ᠬᠤᠯᠪᠣᠭᠳᠠᠬᠤ ᠬᠠᠤᠯᠢ ᠴᠠᠭᠠᠵᠠ ᠪᠠ ᠬᠠᠤᠯᠢ ᠲᠣᠭᠲᠠᠭᠠᠯ ᠤᠨ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠭᠠᠳᠠᠭᠤᠷᠴᠢᠯᠠᠬᠤ᠂ ᠬᠠᠯᠳᠠᠬᠤ᠂ ᠴᠥᠭᠡᠨ ᠲᠣᠭᠠᠲᠤ ᠦᠨᠳᠦᠰᠦᠲᠡᠨ ᠤ ᠡᠮᠡᠭᠲᠡᠶᠢᠴᠦᠳ ᠬᠡᠦᠬᠡᠳ ᠲᠤ ᠬᠠᠯᠳᠠᠬᠤ ᠠᠯᠢᠪᠠ ᠨᠠᠵᠠᠭᠠᠢ ᠦᠵᠡᠭᠳᠡᠯ ᠢ ᠡᠰᠡᠷᠭᠦᠴᠡᠵᠦ᠂ ᠰᠠᠶᠢᠲᠤᠷ ᠬᠥᠮᠥᠵᠢᠭᠦᠯᠤᠨ᠎ᠡ᠃     ᠭᠤᠷᠪᠠ᠂ ᠠᠵᠢᠯ ᠤᠨ ᠳᠦᠷᠢᠮ    ︵ᠨᠢᠭᠡ︶ ᠲᠤᠰᠢᠶᠠᠯ ᠬᠠᠪᠰᠤᠷᠭᠠᠭᠰᠠᠨ ᠭᠡᠰᠢᠭᠦᠨ ᠪᠠ ᠬᠤᠯᠪᠣᠭᠠᠴᠢᠨ ᠢ ᠰᠣᠩᠭᠤᠨ ᠲᠣᠮᠢᠯᠠᠬᠤ ᠳᠦᠷᠢᠮ᠃ ᠡᠯ᠎ᠡ ᠭᠡᠰᠢᠭᠦᠨ ᠨᠢᠭᠡᠴᠢ ᠨᠢ ᠨᠢᠭᠡ ᠬᠠᠷᠢᠭᠤᠴᠠᠯᠭᠠᠲᠠᠨ ᠤ ᠲᠤᠰᠢᠶᠠᠯ ᠬᠠᠪᠰᠤᠷᠭᠠᠭᠰᠠᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠢ ᠲᠣᠭᠲᠠᠭᠠᠬᠤ ᠶᠢᠨ ᠬᠠᠮᠲᠤ ᠦᠨᠳᠦᠰᠦᠲᠡᠨ ᠤ ᠠᠵᠢᠯ ᠲᠠᠢ ᠨᠡᠯᠢᠶᠡᠳ ᠨᠢᠭᠲᠠ ᠬᠠᠷᠢᠴᠠᠭ᠎ᠠ ᠲᠠᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠢ ᠬᠤᠯᠪᠣᠭᠠᠴᠢᠨ ᠪᠣᠯᠭᠠᠵᠤ᠂ ᠭᠡᠰᠢᠭᠦᠳ ᠢ ᠬᠠᠪᠰᠤᠷᠤᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠬᠤᠯᠪᠣᠭ᠎ᠠ ᠠᠪᠴᠤ᠂ ᠭᠡᠰᠢᠭᠦᠨ ᠨᠢᠭᠡᠴᠡ ᠪᠣᠯᠣᠨ ᠲᠤᠰᠢᠶᠠᠯ ᠬᠠᠪᠰᠤᠷᠭᠠᠭᠰᠠᠨ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠢ ᠨᠠᠶᠢᠳᠠᠪᠤᠷᠢᠵᠢᠭᠤᠯᠤᠨ᠎ᠠ᠃ ᠲᠤᠰᠢᠶᠠᠯ ᠬᠠᠪᠰᠤᠷᠭᠠᠭᠰᠠᠨ ᠭᠡᠰᠢᠭᠦᠨ ᠪᠠ ᠬᠤᠯᠪᠣᠭᠠᠴᠢᠨ ᠬᠡᠷᠪᠡ ᠠᠵᠢᠯ ᠳᠤ ᠬᠤᠪᠢᠷᠠᠯᠲᠠ ᠭᠠᠷᠪᠠᠯ᠂ ᠪᠠᠶᠢᠭ᠎ᠠ ᠨᠢᠭᠡᠴᠢ ᠠᠴᠠ ᠲᠣᠬᠢᠷᠠᠭᠤᠯᠤᠯᠲᠠ ᠬᠢᠬᠦ ᠰᠠᠨᠠᠯ ᠳᠤᠷᠠᠳᠴᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠮᠡᠳᠡᠭᠦᠯᠵᠦ ᠳᠠᠩᠰᠠᠯᠠᠭᠤᠯᠤᠨ᠎ᠠ᠃    ︵ᠬᠤᠶᠠᠷ︶ ᠬᠠᠮᠲᠤᠷᠠᠭᠰᠠᠨ ᠬᠤᠷᠠᠯ ᠤᠨ ᠳᠦᠷᠢᠮ᠃ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠡᠰᠢᠭᠦᠨ ᠨᠢᠭᠡᠴᠢ ᠶᠢᠨ ᠬᠤᠷᠠᠯ ᠬᠤᠷᠠᠯᠳᠤᠭᠤᠯᠵᠤ᠂ ᠠᠵᠢᠯ ᠤᠨ ᠪᠠᠶᠢᠳᠠᠯ ᠢᠶᠠᠨ ᠰᠣᠯᠢᠯᠴᠠᠨ᠂ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠢ ᠰᠠᠨᠠᠭᠤᠯᠭ᠎ᠠ ᠪᠠ ᠰᠠᠨᠠᠯ ᠢ ᠰᠣᠨᠣᠰᠴᠤ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠵᠣᠬᠢᠴᠠᠭᠤᠯᠤᠨ ᠰᠢᠢᠳᠪᠦᠷᠢᠯᠡᠬᠦ ᠶᠢ ᠰᠠᠨᠠᠭᠤᠯᠪᠠ᠃ ᠬᠤᠷᠠᠯ ᠤᠨ ᠪᠠᠶᠢᠳᠠᠯ ᠪᠣᠯᠣᠨ ᠲᠤᠰᠬᠠᠭᠰᠠᠨ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠪᠢᠴᠢᠭ ᠢᠶᠠᠷ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠪᠣᠯᠣᠨ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ᠎ᠡ᠃ ᠡᠯ᠎ᠡ ᠭᠡᠰᠢᠭᠦᠨ ᠨᠢᠭᠡᠴᠢ ᠶᠢᠨ ᠬᠤᠯᠪᠣᠭᠠᠴᠢᠨ ᠵᠢᠯ ᠪᠦᠷᠢ ᠪᠥᠬᠦ ᠬᠤᠰᠢᠭᠤᠨ ᠤ ᠦᠨᠳᠦᠰᠦᠲᠡᠨ ᠤ ᠠᠵᠢᠯ ᠤᠨ ᠬᠤᠷᠠᠯ ᠳᠤ ᠰᠤᠯᠠ ᠣᠷᠣᠯᠴᠠᠵᠤ᠂ ᠦᠨᠳᠦᠰᠦᠲᠡᠨ ᠤ ᠠᠵᠢᠯ ᠤᠨ ᠣᠨ ᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠵᠢᠴᠢ ᠳᠠᠷᠠᠭ᠎ᠠ ᠵᠢᠯ ᠤᠨ ᠠᠵᠢᠯ ᠤᠨ ᠲᠣᠬᠢᠷᠠᠭᠤᠯᠤᠯᠲᠠ ᠶᠢ ᠣᠶᠢᠯᠠᠭᠠᠨ ᠡᠵᠡᠮᠰᠢᠵᠦ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠲᠣᠰ ᠨᠢᠭᠡᠴᠢ ᠶᠢᠨ ᠢᠶᠠᠨ ᠦᠨᠳᠦᠰᠦᠲᠡᠨ ᠤ ᠠᠵᠢᠯ ᠢ ᠰᠠᠶᠢᠲᠤᠷ ᠬᠢᠨ᠎ᠡ᠃     ︵ᠭᠤᠷᠪᠠ︶ ᠮᠡᠳᠡᠭᠡ ᠵᠠᠩᠭᠢ ᠶᠢ ᠮᠡᠳᠡᠭᠡᠯᠡᠬᠦ ᠳᠦᠷᠢᠮ᠃ ᠬᠤᠯᠪᠣᠭᠳᠠᠯ ᠪᠦᠬᠦᠢ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠯᠲᠠ᠂ ᠠᠵᠢᠯ ᠤᠨ ᠦᠷ᠎ᠡ ᠪᠦᠲᠦᠭᠡᠯ ᠪᠠ ᠲᠤᠷᠰᠢᠯᠭ᠎ᠠ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠠᠵᠢᠯ ᠤᠨ ᠰᠠᠨᠠᠭᠤᠯᠭ᠎ᠠ ᠵᠡᠷᠭᠡ ᠶᠢᠨ ᠲᠠᠯ᠎ᠠ ᠪᠠᠷ ᠭᠡᠰᠢᠭᠦᠨ  ᠨᠢᠭᠡᠴᠢ ᠠᠴᠠ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠲᠠᠢ ᠴᠠᠭ ᠲᠤᠬᠠᠢ ᠳᠤᠨᠢ ᠬᠠᠷᠢᠯᠴᠠᠵᠤ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠴᠠᠭ ᠲᠤᠬᠠᠢ ᠳᠤᠨᠢ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠪᠠ ᠬᠤᠰᠢᠭᠤᠨ ᠤ ᠵᠠᠰᠠᠭ ᠤᠨ ᠣᠷᠳᠣᠨ ᠳᠤ ᠬᠠᠷᠢᠭᠤ ᠮᠡᠳᠡᠭᠦᠯᠵᠦ᠂ ᠠᠵᠢᠯ ᠤᠨ ᠳᠤᠮᠳᠠᠬᠢ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠎ᠡ  ᠃    ︵ᠳᠥᠷᠪᠡ︶ ᠬᠡᠷᠡᠭ ᠵᠥᠪᠯᠡᠵᠦ ᠵᠥᠪᠳᠡᠯᠴᠡᠬᠦ ᠳᠦᠷᠢᠮ᠃ ᠡᠯ᠎ᠡ ᠭᠡᠰᠢᠭᠦᠨ ᠨᠢᠭᠡᠴᠢ ᠨᠦᠭᠦᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠬᠠᠮᠲᠤᠪᠠᠷ ᠪᠦᠯᠬᠦᠮᠳᠡᠨ ᠲᠡᠮᠡᠴᠡᠬᠦ᠂ ᠬᠠᠮᠲᠤᠪᠠᠷ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ ᠪᠦᠬᠦ ᠬᠤᠰᠢᠭᠤᠨ ᠤ ᠦᠨᠳᠦᠰᠦᠲᠡᠨ ᠤ ᠠᠵᠢᠯ ᠳᠤ ᠬᠤᠯᠪᠣᠭᠳᠠᠬᠤ ᠤᠷᠲᠤ ᠬᠤᠭᠤᠴᠠᠭᠠᠨ ᠤ ᠲᠥᠯᠦᠪᠵᠢᠭᠦᠯᠭᠡ᠂ ᠴᠢᠬᠤᠯᠠ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠭᠤᠣᠯᠳᠠᠯᠭ᠎ᠠ ᠲᠠᠢ ᠠᠵᠢᠯ ᠤᠨ ᠪᠠᠶᠢᠷᠢᠯᠠᠭᠤᠯᠤᠯᠲᠠ ᠵᠢᠴᠢ ᠪᠤᠰᠤᠳ ᠴᠢᠬᠤᠯᠠ ᠶᠡᠭᠡ ᠤᠴᠢᠷ ᠶᠠᠪᠤᠳᠠᠯ ᠳᠤ᠂ ᠪᠥᠬᠦᠳᠡ ᠬᠤᠷᠠᠯ᠂ ᠲᠤᠰᠬᠠᠢ ᠰᠡᠳᠦᠪᠲᠦ ᠬᠤᠷᠠᠯ᠂ ᠵᠥᠪᠳᠡᠯᠴᠡᠨ ᠶᠠᠷᠢᠯᠴᠠᠬᠤ ᠬᠤᠷᠠᠯ᠂ ᠪᠢᠴᠢᠭ ᠮᠠᠲ᠋ᠧᠷᠢᠶᠠᠯ ᠢ ᠵᠠᠬᠢᠳᠠᠯ ᠢᠶᠠᠷ ᠠᠰᠠᠭᠤᠬᠤ᠂ ᠬᠠᠮᠲᠤᠷᠠᠨ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢᠶᠠᠷ ᠬᠤᠯᠪᠣᠭᠳᠠᠯ ᠪᠦᠬᠦᠢ ᠭᠡᠰᠢᠭᠦᠨ ᠨᠢᠭᠡᠴᠢ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠬᠠᠮᠲᠤ ᠪᠠᠷ ᠰᠤᠳᠤᠯᠤᠨ ᠬᠢᠨᠠᠨ ᠶᠠᠷᠢᠯᠴᠠᠵᠤ᠂ ᠬᠦᠴᠦ ᠪᠠᠨ ᠬᠠᠮᠲᠤᠳᠬᠠᠨ ᠠᠷᠭ᠎ᠠ ᠤᠬᠠᠭᠠᠨ ᠭᠠᠷᠭᠠᠵᠤ᠂ ᠠᠵᠢᠯ ᠢᠶᠠᠨ ᠬᠠᠮᠲᠤ ᠪᠠᠷ ᠰᠠᠶᠢᠲᠤᠷ ᠬᠢᠵᠦ᠂ ᠠᠰᠠᠭᠤᠳᠠᠯ ᠢ ᠰᠢᠢᠳᠪᠦᠷᠢᠯᠡᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠲᠦᠯᠬᠢᠨ ᠠᠬᠢᠭᠤᠯᠤᠨ᠎ᠠ᠃      ︵ᠲᠠᠪᠤ︶ ᠠᠵᠢᠯ ᠤᠨ ᠳ᠋ᠦᠩᠨᠡᠯᠲᠡ ᠶᠢᠨ ᠳᠦᠷᠢᠮ᠃ ᠡᠯ᠎ᠡ ᠭᠡᠰᠢᠭᠦᠨ ᠨᠢᠭᠡᠴᠢ ᠨᠢ ᠲᠣᠰ ᠨᠢᠭᠡᠴᠢ᠂ ᠲᠣᠰ ᠰᠢᠰᠲ᠋ᠧᠮ ᠤᠨ ᠢᠶᠠᠨ ᠦᠨᠳᠦᠰᠦᠲᠡᠨ ᠤ ᠠᠵᠢᠯ ᠤᠨ ᠳᠤᠮᠳᠠᠬᠢ ᠰᠠᠶᠢᠨ ᠨᠡᠶᠢᠲᠡᠯᠢᠭ ᠵᠢᠱᠢᠶ᠎ᠡ ᠰᠠᠶᠢᠨ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠠᠵᠢᠯᠯᠠᠭᠠᠨ ᠤ ᠪᠠᠶᠢᠳᠠᠯ᠂ ᠠᠵᠢᠯ ᠤᠨ ᠠᠭᠤᠯᠭ᠎ᠠ᠂ ᠣᠯᠣᠭᠰᠠᠨ ᠦᠷ᠎ᠡ ᠪᠦᠲᠦᠮᠵᠢ ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠭᠡᠰᠢᠭᠦᠨ ᠤ ᠳᠦᠷᠢᠮ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠭᠤ ᠲᠤᠰᠬᠠᠵᠤ ᠰᠣᠯᠢᠯᠴᠠᠬᠤ ᠶᠢᠨ ᠬᠠᠮᠲᠤ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠮᠡᠳᠡᠭᠦᠯᠤᠨ᠎ᠡ᠃ ᠬᠠᠷᠢᠯᠴᠠᠬᠤ ᠬᠥᠮᠥᠨ᠄ ᠴᠧᠨ ᠬᠤᠩ ᠯᠢᠶᠠᠨ᠂ ᠬᠠᠷᠢᠯᠴᠠᠬᠤ ᠤᠲᠠᠰᠤ᠄ 6736041᠂ ᠰᠢᠤᠳᠠᠨ ᠤ ᠬᠠᠶᠢᠷᠴᠠᠭ᠄ zqmw1232@163.com
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号