ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠨᠢᠭᠡ︶
ᠨᠡᠶᠢᠲᠡᠯᠡᠭᠰᠡᠨ ᠴᠠᠭ᠄
2023/6/16
      2022 ᠣᠨ ᠳᠤ᠂ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠵᠡᠷᠭᠡ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠬᠤᠰᠢᠭᠤ ᠪᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠶᠠᠷᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠶᠡᠭᠡ ᠱᠠᠭᠠᠷᠳᠠᠯᠭ᠎ᠠ ᠶᠣᠰᠣᠭᠠᠷ᠂ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠭᠤᠰᠢᠯᠠᠭᠤᠯᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠦᠴᠢᠷ ᠢ ᠢᠯᠡᠨ ᠳᠠᠪᠠᠵᠤ ᠤᠷᠤᠭᠰᠢᠯᠠᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠦᠷᠭᠦᠯᠵᠢᠯᠡᠭᠦᠯᠪᠡ᠃      ᠨᠢᠭᠡ᠂ ᠶᠡᠷᠦᠩᠬᠡᠶᠢᠯᠡᠯ      ᠠᠩᠬ᠎ᠠ ᠠᠯᠬᠤᠮ ᠤᠨ ᠲᠣᠭᠠᠴᠠᠭ᠎ᠠ ᠬᠢᠭᠰᠡᠨ ᠢᠶᠠᠷ᠂ ᠪᠥᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠢ 127.93 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠪᠡ᠃ ᠡᠭᠦᠨ ᠳᠤ᠄ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 78.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.5% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 9.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 39.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 2.1% ᠪᠠᠷ ᠨᠡᠮᠡᠭᠳᠡᠪᠡ︔ ᠭᠤᠷᠪᠠᠨ ᠠᠵᠤ ᠦᠢᠯᠡᠰ ᠤᠨ ᠬᠠᠷᠢᠴᠠᠯ ᠨᠢ 62᠄ 7᠄ 31 ᠪᠣᠯᠣᠨ᠎ᠠ᠃ ᠬᠥᠮᠥᠨ ᠪᠦᠷᠢ ᠳᠤ ᠳᠤᠮᠳᠠᠴᠢ ᠪᠠᠷ ᠨᠣᠭᠳᠠᠬᠤ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠳᠡᠭ 41145 ᠲᠥᠭᠦᠷᠢᠭ ᠲᠤ ᠬᠦᠷᠴᠡᠢ᠃      ᠵᠢᠯ ᠤᠨ ᠡᠴᠦᠰ ᠲᠤ ᠪᠦᠭᠦ ᠬᠤᠰᠢᠭᠤᠨ ᠤ ᠪᠠᠶᠢᠩᠭᠤ ᠰᠠᠭᠤᠭ᠎ᠠ ᠬᠥᠮᠥᠨ ᠠᠮᠠ 30.99 ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 0.19 ᠲᠦᠮᠡ ᠪᠠᠭᠠᠰᠴᠠᠢ᠃ ᠪᠥᠬᠦ ᠬᠤᠰᠢᠭᠤᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠬᠥᠮᠥᠨ ᠠᠮᠠ 14.10 ᠲᠦᠮᠡ ᠪᠠᠶᠢᠵᠤ᠂ 2021 ᠣᠨ ᠤ ᠵᠢᠯ ᠤᠨ ᠡᠴᠦᠰ ᠤᠨ ᠬᠢ ᠲᠠᠢ ᠠᠳᠠᠯᠢ ᠪᠠᠶᠢᠵᠤ᠂ ᠬᠤᠲᠠ ᠪᠠᠯᠭᠠᠰᠤᠵᠢᠯᠲᠠ ᠶᠢᠨ ᠨᠣᠷᠮ᠎ᠠ 45.5% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.29 ᠵᠠᠭᠤᠨ ᠤ ᠨᠢᠭᠡᠴᠢ ᠪᠠᠷ ᠳᠡᠭᠡᠭᠰᠢᠯᠡᠪᠡ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ ᠬᠥᠮᠥᠨ ᠠᠮᠠ 16.89 ᠲᠦᠮᠡ ᠪᠠᠶᠢᠵᠤ᠂ 2021 ᠣᠨ ᠤ ᠵᠢᠯ ᠤᠨ ᠡᠴᠦᠰ ᠤᠨ ᠬᠢ ᠠᠴᠠ 0.19 ᠲᠦᠮᠡ ᠪᠠᠭᠠᠰᠪᠠ᠃      ᠠᠵᠢᠯ ᠣᠯᠭᠤᠯᠲᠠ ᠶᠢ ᠲᠤᠰᠠᠯᠠᠬᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠤ 1112 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ 720 ᠠᠵᠢᠯ ᠠᠯᠳᠠᠭᠰᠠᠳ ᠲᠤ ᠲᠠᠬᠢᠨ ᠠᠵᠢᠯ ᠣᠯᠭᠤᠪᠠ᠃ ᠵᠢᠯ ᠤᠨ ᠡᠴᠦᠰ ᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ 2.87% ᠪᠠᠶᠢᠵᠤ᠂ ᠲᠡᠭᠡᠷ᠎ᠡ ᠵᠢᠯ ᠤᠨ ᠬᠢ ᠲᠠᠢ ᠠᠳᠠᠯᠢ ᠪᠣᠯᠪᠠ᠃ ︵ᠬᠤᠰᠢᠭᠤᠨ  ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠬᠠᠩᠭᠠᠪᠠ︶
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号