ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠬᠤᠶᠠᠷ︶
ᠨᠡᠶᠢᠲᠡᠯᠡᠭᠰᠡᠨ ᠴᠠᠭ᠄
2023/6/16
       ᠬᠤᠶᠠᠷ᠂ ᠲᠠᠷᠢᠶᠠᠯᠠᠩ        ᠪᠦᠬᠦ ᠵᠢᠯ ᠤᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ 364.6 ᠮᠢᠩᠭᠠᠨ ᠾᠧᠺᠲ᠋ᠠᠷ ᠲᠤ ᠬᠦᠷᠴᠦ᠂ ᠲᠡᠭᠡᠷ᠎ᠡ ᠵᠢᠯ ᠤᠨ ᠬᠢ ᠠᠴᠠ 0.4 ᠮᠢᠩᠭᠠᠨ ᠾᠧᠺᠲ᠋ᠠᠷ ᠨᠡᠮᠡᠭᠳᠡᠵᠡᠢ᠃ ᠠᠮᠤ ᠪᠤᠳᠠᠭᠠᠨ ᠤ ᠶᠡᠷᠦᠩᠬᠡᠢ ᠤᠨᠠᠯᠲᠠ 235.3 ᠲᠦᠮᠡᠨ ᠲᠣᠨ ᠳᠤ ᠬᠦᠷᠴᠦ᠂ ᠲᠡᠭᠡᠷ᠎ᠡ ᠵᠢᠯ ᠤᠨ ᠬᠢ ᠠᠴᠠ 3.8 ᠲᠦᠮᠡᠨ ᠲᠣᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 1.63% ᠪᠠᠷ ᠨᠡᠮᠡᠭᠳᠡᠪᠡ᠂ ᠡᠭᠦᠨ ᠳᠤ᠄ ᠲᠤᠲᠤᠷᠭ᠎ᠠ ᠶᠢᠨ ᠤᠨᠠᠯᠲᠠ 26.2 ᠲᠦᠮᠡᠨ ᠲᠣᠨ ᠳᠤ ᠬᠦᠷᠴᠦ᠂ 18.1 ᠲᠦᠮᠡᠨ ᠲᠣᠨ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 40.9% ᠪᠠᠷ ᠪᠠᠭᠤᠷᠠᠪᠠ︔ ᠡᠷᠳᠡᠨᠢ ᠰᠢᠰᠢ ᠶᠢᠨ ᠤᠨᠠᠯᠲᠠ 198.8 ᠲᠦᠮᠡᠨ ᠲᠣᠨ ᠳᠤ ᠬᠦᠷᠴᠦ᠂ 24.6 ᠲᠦᠮᠡᠨ ᠲᠣᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 14.1 ᠪᠠᠷ % ᠨᠡᠮᠡᠭᠳᠡᠪᠡ︔ ᠰᠢᠷ᠎ᠠ ᠪᠤᠷᠴᠠᠭ ᠤᠨ ᠭᠠᠷᠤᠯᠲᠠ 8.9 ᠲᠦᠮᠡᠨ ᠲᠣᠨ ᠳᠤ ᠬᠦᠷᠴᠦ᠂ 3.6 ᠲᠦᠮᠡᠨ ᠲᠣᠨ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 66.4% ᠪᠠᠷ ᠨᠡᠮᠡᠭᠳᠡᠪᠡ︔ ᠲᠥᠮᠥᠰᠥᠨ ᠤ ᠲᠥᠷᠥᠯ ᠤᠨ ᠭᠠᠷᠤᠯᠲᠠ 365 ᠲᠣᠨ ᠳᠤ ᠬᠦᠷᠴᠦ᠂ 38.2 ᠲᠣᠨ ᠬᠠᠰᠤᠭᠳᠠᠵᠤ᠂ ᠠᠳᠠᠯᠢ ᠬᠤᠭᠤᠴᠠᠭᠠᠨ ᠤ ᠬᠢ ᠠᠴᠠ 9.5% ᠪᠠᠷ ᠪᠠᠭᠤᠷᠠᠪᠠ᠃       ᠪᠥᠬᠦ ᠵᠢᠯ ᠤᠨ ᠤᠰᠤᠨ ᠤ ᠭᠠᠷᠤᠯᠲᠠ 2405 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.5% ᠪᠠᠷ ᠨᠡᠮᠡᠭᠳᠡᠪᠡ᠃ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠩᠭᠠᠪᠠ︶       ᠵᠢᠯ ᠤᠨ ᠡᠴᠦᠰ ᠲᠤ ᠪᠥᠬᠦ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠤ ᠶᠡᠷᠦᠩᠬᠡᠢ ᠬᠥᠳᠡᠯᠭᠡᠬᠦ ᠬᠦᠴᠦᠨ 184.57 ᠲᠦᠮᠡᠨ ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3%  ᠪᠠᠷ ᠨᠡᠮᠡᠭᠳᠡᠪᠡ᠃ ᠪᠥᠬᠦ ᠬᠤᠰᠢᠭᠤᠨ ᠳᠤ ᠲᠣᠮᠣ ᠳᠤᠮᠳᠠ ᠬᠡᠯᠪᠡᠷᠢ ᠶᠢᠨ ᠲᠷᠠᠺᠲ᠋ᠣᠷ 15633᠂ ᠵᠢᠵᠢᠭ ᠬᠡᠯᠪᠡᠷᠢ ᠶᠢᠨ ᠲᠷᠠᠺᠲ᠋ᠣᠷ 32068᠂ ᠲᠠᠷᠢᠶᠠᠯᠠᠩ ᠳᠤ ᠬᠡᠷᠡᠭᠯᠡᠬᠦ ᠤᠰᠤ ᠵᠠᠯᠠᠬᠤ ᠬᠥᠭᠡᠷᠭᠡ 35625᠂ ᠤᠰᠤ ᠠᠷᠪᠢᠯᠠᠬᠤ ᠤᠰᠤᠯᠠᠯᠲᠠ ᠶᠢᠨ ᠲᠥᠷᠥᠯ ᠤᠨ ᠮᠠᠰᠢᠨ 3874 ᠪᠣᠶ᠃ ᠵᠢᠯ ᠤᠨ ᠡᠴᠦᠰ ᠤᠨ ᠮᠠᠰᠢᠨ ᠢᠶᠠᠷ ᠲᠠᠷᠢᠶᠠᠯᠠᠬᠤ ᠭᠠᠵᠠᠷ ᠤᠨ ᠲᠠᠯᠠᠪᠠᠶ 351.1 ᠲᠦᠮᠡᠨ ᠮᠦ︔ ᠬᠢᠮᠢ ᠶᠢᠨ ᠪᠣᠷᠳᠣᠭᠤᠷ ᠤᠨ ᠬᠡᠷᠡᠭᠯᠡᠭᠰᠡᠨ ᠬᠡᠮᠵᠢᠶ᠎ᠡ ︵ᠴᠡᠪᠡᠷ ᠢᠶᠠᠷ ᠨᠤᠭᠤᠯᠤᠨ ᠪᠤᠳᠤᠪᠠ︶ 11.89 ᠲᠦᠮᠡᠨ ᠲᠣᠨ ᠳᠤ ᠬᠦᠷᠴᠦ᠂ ᠲᠡᠭᠡᠷ᠎ᠡ ᠵᠢᠯ ᠤᠨ ᠬᠢ ᠠᠴᠠ 2.3% ᠪᠠᠷ ᠬᠠᠰᠤᠭᠳᠠᠪᠠ︔ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠭᠦᠯ ᠤᠨ ᠬᠡᠷᠡᠭᠯᠡᠯᠲᠡ ᠶᠢᠨ ᠬᠡᠮᠵᠢᠶ᠎ᠡ ᠵᠢᠱᠢᠯᠲᠡ ᠪᠠᠷ 705 ᠲᠣᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 15% ᠪᠠᠷ ᠪᠠᠭᠤᠷᠠᠪᠠ᠃ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠩᠭᠠᠪᠠ
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号