ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠭᠤᠷᠪᠠ︶
ᠨᠡᠶᠢᠲᠡᠯᠡᠭᠰᠡᠨ ᠴᠠᠭ᠄
2023/6/16
    ᠭᠤᠷᠪᠠ᠂ ᠠᠵᠤ ᠦᠢᠯᠡᠳᠪᠦᠷᠢ ᠪᠠ ᠪᠠᠷᠢᠯᠭ᠎ᠠ ᠶᠢᠨ ᠦᠢᠯᠡᠰ     ᠪᠥᠬᠦ ᠵᠢᠯ ᠤᠨ ᠪᠥᠬᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 4.37 ᠳ᠋ᠦᠩᠰᠢᠭᠤᠷ ᠲᠥᠭᠦᠷᠢᠭ ᠲᠤ ᠬᠦᠷᠴᠦ᠂  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.6% ᠪᠠᠷ ᠨᠡᠮᠡᠭᠳᠡᠪᠡ᠂ ᠡᠭᠦᠨ ᠳᠤ᠄ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ᠃    ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ ᠠᠵᠤ ᠠᠬᠤᠢ ᠶᠢᠨ ᠲᠥᠷᠥᠯ ᠵᠦᠢᠯ ᠢᠶᠠᠷ ᠬᠤᠪᠢᠶᠠᠵᠤ ᠦᠵᠡᠪᠡᠯ᠄ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 3.1% ᠪᠠᠷ ᠪᠠᠭᠤᠷᠠᠪᠠ︔ ᠪᠤᠰᠤᠳ ᠠᠵᠤ ᠠᠬᠤᠢ ᠶᠢᠨ ᠲᠥᠷᠥᠯ ᠬᠡᠯᠪᠡᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 138.6%  ᠪᠠᠷ ᠨᠡᠮᠡᠭᠳᠡᠪᠡ︔ ᠤᠯᠤᠰ ᠤᠨ ᠥᠮᠴᠢᠯᠡᠯᠳᠣ ᠬᠤᠪᠢ ᠡᠵᠡᠮᠳᠡᠭᠰᠡᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.9% ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18% ᠪᠠᠷ ᠪᠠᠭᠤᠷᠠᠪᠠ︔ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠪᠡ︔ ᠢᠳᠡᠭᠡᠨ ᠡᠳ᠋ᠰᠢᠯᠡᠭᠦᠯᠦᠨ ᠪᠤᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.5%  ᠪᠠᠷ ᠪᠠᠭᠤᠷᠠᠪᠠ︔ ᠴᠠᠬᠢᠯᠭᠠᠨ ᠬᠦᠴᠦ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 35.6% ᠪᠠᠷ ᠨᠡᠮᠡᠭᠳᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠣᠲᠣᠷ᠎ᠠ᠂ ᠬᠥᠩᠭᠡᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 23.1% ᠪᠠᠷ ᠪᠠᠭᠤᠷᠠᠵᠤ᠂ ᠬᠦᠨᠳᠦ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 17.7% ᠪᠠᠷ ᠨᠡᠮᠡᠭᠳᠡᠪᠡ᠃      ᠭᠤᠣᠯ ᠪᠦᠲᠦᠭᠡᠭᠳᠡᠬᠦᠨ ᠤ ᠭᠠᠷᠤᠯᠲᠠ ᠠᠴᠠ ᠦᠵᠡᠪᠡᠯ᠂ ᠪᠦᠭᠦ ᠬᠤᠰᠢᠭᠤᠨ ᠤ ᠱᠦᠢᠨᠢ ᠶᠢᠨ ᠭᠠᠷᠤᠯᠲᠠ 41.43 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.7% ᠪᠠᠷ ᠨᠡᠮᠡᠭᠳᠡᠵᠡᠢ︔ ᠱᠦᠢᠨᠢ ᠶᠢᠨ ᠪᠤᠯᠭᠤᠭᠰᠠᠨ ᠮᠠᠲ᠋ᠧᠷᠢᠶᠠᠯ ᠤᠨ ᠭᠠᠷᠤᠯᠲᠠ 123.19 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 0.1% ᠪᠠᠷ ᠪᠠᠭᠤᠷᠠᠪᠠ︔ ᠲᠤᠲᠤᠷᠭ᠎ᠠ ᠶᠢᠨ ᠭᠠᠷᠤᠯᠲᠠ 7.66 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠢᠶᠠᠷ ᠪᠠᠭᠤᠷᠠᠪᠠ︔ ᠴᠣᠬᠤᠢ ᠶᠢᠨ ᠴᠢᠯᠠᠭᠤ ᠶᠢᠨ ᠭᠠᠷᠤᠯᠲᠠ 48.84 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 917.3% ᠪᠠᠷ ᠨᠡᠮᠡᠭᠳᠡᠪᠡ︔ ᠴᠣᠬᠤᠢ ᠶᠢᠨ ᠭᠠᠷᠤᠯᠲᠠ 5.78 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ︔ ᠲᠠᠸᠠᠷ ᠤᠨ ᠪᠧᠲ᠋ᠤᠨ ᠤ ᠭᠠᠷᠤᠯᠲᠠ 18.81 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.4% ᠪᠠᠷ ᠨᠡᠮᠡᠭᠳᠡᠪᠡ︔ ᠪᠣᠯᠪᠠᠰᠤᠷᠠᠭᠤᠯᠤᠭᠰᠠᠨ ᠰᠢᠬᠢᠷ ᠤᠨ ᠭᠠᠷᠤᠯᠲᠠ 3.0 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.3% ᠪᠠᠷ ᠪᠠᠭᠤᠷᠠᠪᠠ︔ ᠴᠠᠬᠢᠯᠭᠠᠨ ᠭᠠᠷᠭᠠᠭᠰᠠᠨ ᠬᠡᠮᠵᠢᠶ᠎ᠡ ︵ᠲᠣᠣᠷ ᠲᠤ ᠣᠷᠣᠭᠰᠠᠨ ᠴᠠᠬᠢᠯᠭᠠᠨ ᠤ ᠬᠡᠮᠵᠢᠶ᠎ᠡ︶ 37868.7 ᠲᠦᠮᠡᠨ ᠺᠢᠯᠣᠸᠠᠲ ᠤᠨ ᠦᠶ᠎ᠡ ᠳᠤ ᠠᠳᠠᠯᠢ ᠬᠤᠭᠤᠴᠠᠭᠠᠨ ᠤ ᠬᠢ ᠠᠴᠠ 53% ᠪᠠᠷ ᠨᠡᠮᠡᠭᠳᠡᠵᠡᠢ᠃      ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 11.2%   ᠪᠠᠷ ᠨᠡᠮᠡᠭᠳᠡᠪᠡ︔ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 52.5%   ᠪᠠᠷ ᠪᠠᠭᠤᠷᠠᠪᠠ︔ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠤᠯᠲᠠ ᠶᠢᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 4.3 ᠵᠠᠭᠤᠨ ᠤ ᠬᠤᠪᠢ ᠪᠠᠷ ᠨᠡᠮᠡᠭᠳᠡᠪᠡ᠃       ᠪᠥᠬᠦ ᠵᠢᠯ ᠤᠨ ᠪᠠᠷᠢᠯᠭ᠎ᠠ ᠶᠢᠨ ᠦᠢᠯᠡᠰ ᠤᠨ ᠨᠡᠮᠡᠭᠳᠡᠯ ᠥᠷᠲᠡᠭ 4.88 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 0.9% ᠪᠠᠷ ᠳᠡᠭᠡᠭᠰᠢᠯᠡᠵᠡᠢ᠃ ᠪᠥᠬᠦ ᠬᠤᠰᠢᠭᠤᠨ ᠤ ᠪᠠᠷᠢᠯᠭ᠎ᠠ ᠶᠢᠨ ᠦᠢᠯᠡᠰ ᠤᠨ ᠬᠢᠷᠢ ᠬᠡᠮ ᠤᠨ ᠵᠡᠷᠭᠡ ᠳᠡᠰ ᠲᠠᠢ ᠪᠠᠷᠢᠯᠭ᠎ᠠ ᠪᠠᠷᠢᠬᠤ ᠠᠵᠤ ᠠᠬᠤᠶᠢᠯᠠᠯ 1 ᠪᠣᠶ᠃ ᠪᠥᠬᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠠᠵᠢᠯ ᠤᠨ ᠲᠠᠯᠠᠪᠠᠶ 47781 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.2% ᠢᠶᠠᠷ ᠪᠠᠭᠤᠷᠠᠪᠠ︔ ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠲᠠᠯᠠᠪᠠᠶ 47781 ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 60.2% ᠢᠶᠠᠷ ᠪᠠᠭᠤᠷᠠᠵᠤ᠂ ᠭᠡᠷ ᠪᠠᠶᠢᠰᠢᠩ ᠤᠨ ᠪᠠᠷᠢᠯᠭ᠎ᠠ ᠶᠢᠨ ᠪᠠᠷᠢᠯᠭ᠎ᠠ ᠳᠠᠭᠤᠰᠬᠠᠭᠰᠠᠨ ᠨᠣᠷᠮ᠎ᠠ 100% ᠳᠤ ᠬᠥᠷᠪᠡ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号