ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠳᠥᠷᠪᠡ︶
ᠨᠡᠶᠢᠲᠡᠯᠡᠭᠰᠡᠨ ᠴᠠᠭ᠄
2023/6/16
     ᠳᠥᠷᠪᠡ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ      ᠪᠦᠬᠦ ᠵᠢᠯ ᠤᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ᠂ ᠤᠯᠤᠰ ᠤᠨ ᠥᠮᠴᠢᠯᠡᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 83.2% ᠨᠡᠮᠡᠭᠳᠡᠵᠦ᠂ ᠬᠤᠲᠠ ᠪᠠᠯᠭᠠᠰᠤᠨ ᠤ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 10.2% ᠪᠠᠷ ᠨᠡᠮᠡᠭᠳᠡᠵᠡᠢ᠃ ᠭᠤᠷᠪᠠᠨ  ᠣᠳᠠᠭᠠᠨ ᠤ ᠠᠵᠤ ᠦᠢᠯᠡᠰ ᠤᠨ ᠪᠡᠯᠡ ᠣᠷᠣᠭᠤᠯᠤᠯᠲᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 202.8% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.3% ᠪᠠᠷ ᠪᠠᠭᠤᠷᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 8.4%   ᠪᠠᠷ ᠨᠡᠮᠡᠭᠳᠡᠪᠡ᠃     ᠪᠦᠬᠦ ᠵᠢᠯ ᠳᠤ 58 ᠲᠦᠷᠦᠯ ᠵᠤᠶᠢᠯ ᠢ ᠰᠢᠨ᠎ᠡ ᠪᠠᠷ ᠠᠵᠢᠯ ᠡᠬᠢᠯᠡᠭᠦᠯᠵᠦ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠪᠦᠬᠦ ᠪᠡᠯᠡ ᠣᠷᠣᠭᠤᠯᠤᠯᠲᠠ ᠶᠢᠨ 35.5% ᠶᠢ ᠡᠵᠡᠯᠡᠪᠡ︔ 53 ᠵᠦᠢᠯᠡᠰ ᠢ ᠦᠷᠭᠦᠯᠵᠢᠯᠡᠨ ᠪᠠᠶᠢᠭᠤᠯᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠪᠦᠬᠦ ᠪᠡᠯᠡ ᠣᠷᠣᠭᠤᠯᠤᠯᠲᠠ ᠶᠢᠨ 64.5% ᠶᠢ ᠡᠵᠡᠯᠡᠪᠡ᠃     ᠪᠥᠬᠦ ᠵᠢᠯ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ 34046 ᠲᠦᠮᠡᠨ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 38.3% ᠪᠠᠷ ᠪᠠᠭᠤᠷᠠᠪᠠ᠃ ᠪᠥᠬᠦ ᠵᠢᠯ ᠤᠨ ᠭᠡᠷ ᠪᠠᠶᠢᠰᠢᠩ ᠤᠨ ᠪᠠᠷᠢᠯᠭ᠎ᠠ ᠶᠢᠨ ᠲᠠᠯᠠᠪᠠᠶ 53.2 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.9% ᠪᠠᠷ ᠪᠠᠭᠤᠷᠠᠪᠠ︔ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠲᠠᠯᠠᠪᠠᠶ 8.1 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.8% ᠪᠠᠷ ᠪᠠᠭᠤᠷᠠᠵᠤ᠂ ᠲᠠᠸᠠᠷ ᠤᠨ ᠭᠡᠷ ᠪᠠᠶᠢᠰᠢᠩ ᠤᠨ ᠪᠣᠷᠣᠯᠠᠭᠤᠯᠤᠯᠲᠠ ᠶᠢᠨ ᠬᠡᠮᠵᠢᠶ᠎ᠡ 3.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.4% ᠪᠠᠷ ᠪᠠᠭᠤᠷᠠᠪᠠ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号