ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠲᠠᠪᠤ︶
ᠨᠡᠶᠢᠲᠡᠯᠡᠭᠰᠡᠨ ᠴᠠᠭ᠄
2023/6/16
    ᠲᠠᠪᠤ᠂ ᠦᠢᠯᠡᠴᠢᠯᠡᠭᠡᠨ ᠤ ᠦᠢᠯᠡᠰ     ᠪᠥᠬᠦ ᠵᠢᠯ ᠤᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ 5.14 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.2% ᠢᠶᠠᠷ ᠪᠠᠭᠤᠷᠠᠪᠠ︔ ᠵᠠᠮ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ 1.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1% ᠪᠠᠷ ᠪᠠᠭᠤᠷᠠᠪᠠ︔ ᠬᠤᠨᠤᠭᠯᠠᠯ ᠪᠠ ᠢᠳᠡᠭᠡᠨ ᠤᠮᠳᠠᠭᠠᠨ ᠤ ᠦᠢᠯᠡᠰ ᠤᠨ ᠨᠡᠮᠡᠭᠳᠡᠯ ᠥᠷᠲᠡᠭ 1.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18%  ᠪᠠᠷ ᠪᠠᠭᠤᠷᠠᠪᠠ︔ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠦᠷᠳᠡᠭ 4.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.1%   ᠪᠠᠷ ᠨᠡᠮᠡᠭᠳᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ 4.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 1.9% ᠪᠠᠷ ᠨᠡᠮᠡᠭᠳᠡᠪᠡ᠃ ︵ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠠᠷᠢᠭᠤ ᠲᠤᠰᠬᠠᠪᠠ︶    ᠵᠢᠯ ᠤᠨ ᠡᠴᠦᠰ ᠤᠨ ᠪᠥᠬᠦ ᠬᠤᠰᠢᠭᠤᠨ ᠤ ᠵᠠᠰᠠᠮᠠᠯ ᠵᠠᠮ ᠤᠨ ᠲᠡᠷᠭᠡ ᠨᠡᠪᠲᠡᠷᠡᠭᠦᠯᠦᠭᠰᠡᠨ ᠵᠠᠮ ᠤᠨ ᠣᠷᠳᠣ 3056 ᠺᠢᠯᠣᠮᠧᠲᠷ︔ ᠡᠭᠦᠨ ᠳᠤ᠄ ᠵᠡᠷᠭᠡ ᠳᠡᠰ ᠤᠨ ᠵᠠᠰᠠᠮᠠᠯ ᠵᠠᠮ ᠤᠨ ᠣᠷᠳᠣ 3029 ᠺᠢᠯᠣᠮᠧᠲᠷ᠂  ᠲᠦᠷᠭᠡᠨ  ᠤ ᠵᠠᠰᠠᠮᠠᠯ ᠵᠠᠮ 119 ᠺᠢᠯᠣᠮᠧᠲᠷ ︵ᠬᠤᠰᠢᠭᠤᠨ ᠤ ᠵᠠᠮ ᠲᠡᠭᠡᠭᠡᠪᠦᠷᠢ ᠶᠢᠨ ᠲᠣᠪᠴᠢᠶ᠎ᠠ ᠠᠴᠠ ᠬᠠᠷᠢᠭᠤ ᠲᠤᠰᠬᠠᠪᠠ︶      ᠪᠥᠬᠦ ᠵᠢᠯ ᠤᠨ ᠰᠢᠤᠳᠠᠨ ᠤ ᠲᠤᠬᠠᠶᠢᠯᠠᠭᠰᠠᠨ ᠠᠵᠢᠯ ᠤᠨ ᠪᠥᠬᠦ ᠣᠷᠣᠯᠭ᠎ᠠ 29991 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠪᠡ᠂ ᠡᠭᠦᠨ ᠳᠤ᠄ ᠴᠠᠬᠢᠯᠭᠠᠨ ᠬᠤᠯᠪᠣᠭᠠᠨ ᠤ ᠣᠷᠣᠯᠭ᠎ᠠ 24152 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.4% ᠪᠠᠷ ᠨᠡᠮᠡᠭᠳᠡᠪᠡ︔ ᠰᠢᠤᠳᠠᠨ ᠤ ᠲᠤᠬᠠᠶᠢᠯᠠᠭᠰᠠᠨ ᠠᠵᠢᠯ ᠤᠨ ᠣᠷᠣᠯᠭ᠎ᠠ 5839 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.4% ᠪᠠᠷ ᠨᠡᠮᠡᠭᠳᠡᠪᠡ︔ ᠲᠦᠷᠭᠡᠨ ᠭᠤᠪᠢᠭᠤᠯᠭ᠎ᠠ ᠶᠢᠨ ᠣᠷᠣᠯᠭ᠎ᠠ 2465 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102.7% ᠪᠠᠷ ᠨᠡᠮᠡᠭᠳᠡᠪᠡ᠃ ᠵᠢᠯ ᠤᠨ ᠡᠴᠦᠰ ᠲᠤ ᠲᠣᠰ ᠭᠠᠵᠠᠷ ᠤᠨ ᠲᠣᠭᠲᠠᠮᠠᠯ ᠳ᠋ᠢᠶᠠᠩᠬᠤᠸᠠ ᠬᠡᠷᠡᠭᠯᠡᠭᠴᠢ 11000 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 38.2% ᠪᠠᠷ ᠨᠡᠮᠡᠭᠳᠡᠪᠡ︔ ᠵᠢᠯ ᠤᠨ ᠡᠴᠦᠰ ᠲᠤ ᠰᠢᠯᠵᠢᠮᠡᠯ ᠳ᠋ᠢᠶᠠᠩᠬᠤᠸᠠ ᠬᠡᠷᠡᠭᠯᠡᠭᠴᠢ 376924 ᠡᠷᠦᠬᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.6% ᠪᠠᠷ ᠪᠠᠭᠤᠷᠠᠪᠠ᠃ ᠵᠢᠯ ᠤᠨ ᠡᠴᠦᠰ ᠲᠤ ᠪᠥᠬᠦ ᠬᠤᠰᠢᠭᠤᠨ ᠤ ᠢᠨᠲ᠋ᠧᠷ ᠰᠦᠯᠵᠢᠶᠡᠨ ᠤ ᠵᠠᠯᠭᠠᠭᠠᠰᠣ ᠶᠢᠨ ᠪᠥᠬᠦ ᠲᠤᠭ᠎ᠠ 93592 ᠡᠷᠦᠬᠡ ᠪᠠᠶᠢᠵᠤ᠂ ᠢᠨᠲ᠋ᠧᠷ ᠰᠦᠯᠵᠢᠶᠡᠨ ᠤ ᠥᠷᠭᠡᠨ ᠪᠦᠰᠡ103518 ᠡᠷᠦᠬᠡ ᠵᠠᠯᠭᠠᠨ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 5.4% ᠪᠠᠷ ᠨᠡᠮᠡᠭᠳᠡᠪᠡ᠃     ᠪᠦᠬᠦ ᠵᠢᠯ ᠳᠤ ᠵᠤᠭᠠᠴᠠᠯ ᠤᠨ ᠶᠡᠷᠦᠩᠬᠡᠢ ᠣᠷᠣᠯᠭ᠎ᠠ 8.47 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.18% ᠪᠠᠷ ᠨᠡᠮᠡᠭᠳᠡᠪᠡ︔ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 132.15 ᠲᠦᠮᠡᠨ ᠬᠥᠮᠥᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠪᠡ  ᠃ ︵ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠩᠭᠠᠪᠠ︶
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号