ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠲᠤᠯᠤᠭ᠎ᠠ︶
ᠨᠡᠶᠢᠲᠡᠯᠡᠭᠰᠡᠨ ᠴᠠᠭ᠄
2023/6/16
    ᠲᠤᠯᠤᠭ᠎ᠠ᠂ ᠡᠳ᠋ ᠤᠨ ᠵᠠᠰᠠᠭ ᠪᠠ ᠮᠥᠩᠭᠦᠨ ᠭᠦᠢᠯᠭᠡᠭᠡ    2022 ᠣᠨ ᠳᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ ᠶᠢ 50479 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 6.48% ᠪᠠᠷ ᠨᠡᠮᠡᠭᠳᠡᠪᠡ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ 445106 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.7 ᠪᠠᠷ ᠪᠠᠭᠤᠷᠠᠪᠠ᠃ ᠡᠭᠦᠨ ᠤ ᠳᠣᠲᠣᠷ᠎ᠠ᠄ ᠡᠮ ᠡᠮᠨᠡᠯᠭᠡ ᠡᠷᠡᠭᠦᠯ ᠬᠠᠮᠠᠭᠠᠯᠠᠯ ᠤᠨ ᠵᠠᠷᠤᠯᠭ᠎ᠠ 31455 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.75% ᠪᠠᠷ ᠨᠡᠮᠡᠭᠳᠡᠪᠡ᠃ ᠰᠤᠷᠭᠠᠨ ᠬᠥᠮᠦᠵᠢᠯ ᠤᠨ ᠵᠠᠷᠤᠯᠭ᠎ᠠ 73820 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠪᠠᠭᠤᠷᠠᠪᠠ︔ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 88700 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.62% ᠪᠠᠷ ᠨᠡᠮᠡᠭᠳᠡᠪᠡ᠃ ︵ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ   ᠠᠴᠠ ᠬᠠᠩᠭᠠᠪᠠ︶      ᠪᠥᠬᠦ ᠵᠢᠯ ᠤᠨ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ ᠢ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ᠃ ᠵᠢᠯ ᠤᠨ ᠡᠴᠦᠰ ᠤᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠬᠠᠳᠠᠭᠠᠯᠠᠮᠵᠢ ᠶᠢᠨ ᠦᠯᠡᠳᠡᠪᠦᠷᠢ 144.6 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 14.3 ᠳ᠋ᠦᠩᠰᠢᠭᠤᠷ ᠲᠥᠭᠦᠷᠢᠭ ᠨᠡᠮᠡᠭᠳᠡᠨ᠂ ᠳᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 11% ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠬᠠᠳᠠᠭᠠᠯᠠᠮᠵᠢ ᠶᠢᠨ ᠦᠯᠡᠳᠡᠪᠦᠷᠢ 122 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 15.9 ᠳ᠋ᠦᠩᠰᠢᠭᠤᠷ ᠲᠥᠭᠦᠷᠢᠭ ᠨᠡᠮᠡᠭᠳᠡᠨ᠂ ᠲᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 14.93% ᠪᠠᠷ ᠨᠡᠮᠡᠭᠳᠡᠵᠡᠢ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 9.4 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 0.7 ᠳ᠋ᠦᠩᠰᠢᠭᠤᠷ ᠲᠥᠭᠦᠷᠢᠭ ᠨᠡᠮᠡᠭᠳᠡᠵᠦ᠂ ᠲᠦᠷᠦᠭᠦᠦ ᠵᠢᠯ ᠤᠨ ᠡᠴᠦᠰ ᠤᠨ ᠬᠢ ᠠᠴᠠ 7.94% ᠪᠠᠷ ᠨᠡᠮᠡᠭᠳᠡᠪᠡ᠃ ᠳᠡᠯᠭᠡᠷᠡᠩᠭᠦᠢ ᠤᠳᠬ᠎ᠠ ᠶᠢᠨ ᠵᠠᠰᠠᠭ ᠤᠨ ᠣᠷᠳᠣᠨ ᠤ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 13.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠠᠳᠠᠯᠢ ᠬᠤᠭᠤᠴᠠᠭᠠᠨ ᠤ ᠬᠢ ᠠᠴᠠ 2.2 ᠲᠦᠮᠡᠨ ᠲᠥᠭᠦᠷᠢᠭ ᠪᠠᠭᠠᠰᠴᠤ᠂ ᠲᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 14.33% ᠪᠠᠷ ᠪᠠᠭᠤᠷᠠᠪᠠ᠃ ᠵᠢᠯ ᠤᠨ ᠡᠴᠦᠰ ᠤᠨ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 107.9 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠠᠳᠠᠯᠢ ᠬᠤᠭᠤᠴᠠᠭᠠᠨ ᠤ ᠬᠢ ᠠᠴᠠ 7.8 ᠳ᠋ᠦᠩᠰᠢᠭᠤᠷ ᠲᠥᠭᠦᠷᠢᠭ ᠨᠡᠮᠡᠭᠳᠡᠨ᠂ ᠳᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 7.76% ᠨᠡᠮᠡᠭᠳᠡᠵᠡᠢ᠃ ᠡᠭᠦᠨ ᠳᠤ᠂ ᠰᠠᠭᠤᠭᠠᠯᠢ ᠡᠷᠦᠬᠡ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ 68.43 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 3.8 ᠳ᠋ᠦᠩᠰᠢᠭᠤᠷ ᠲᠥᠭᠦᠷᠢᠭ ᠨᠡᠮᠡᠭᠳᠡᠨ᠂ ᠲᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 5.82% ᠪᠠᠷ ᠨᠡᠮᠡᠭᠳᠡᠵᠡᠢ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠭ᠎ᠠ ᠪᠦᠯᠬᠦᠮ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 39.5 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 4 ᠳ᠋ᠦᠩᠰᠢᠭᠤᠷ ᠲᠥᠭᠦᠷᠢᠭ ᠨᠡᠮᠡᠭᠳᠡᠨ᠂ ᠳᠡᠭᠡᠷ᠎ᠡ ᠵᠢᠯ ᠤᠨ ᠡᠴᠦᠰ ᠤᠨ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ᠃ ︵ᠬᠤᠰᠢᠭᠤᠨ ᠤ ᠠᠷᠠᠳ ᠤᠨ ᠪᠠᠩᠬᠢ ᠠᠴᠠ ᠬᠠᠩᠭᠠᠪᠠ︶
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号