ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠨᠠᠢᠮᠠ︶
ᠨᠡᠶᠢᠲᠡᠯᠡᠭᠰᠡᠨ ᠴᠠᠭ᠄
2023/6/16
    ᠨᠠᠢᠮᠠ᠂ ᠠᠷᠠᠳ ᠤᠨ ᠠᠮᠢᠳᠤᠷᠠᠯ ᠪᠠ ᠨᠡᠶᠢᠭᠡᠮ ᠤᠨ ᠪᠠᠲᠤᠯᠠᠭ᠎ᠠ     ᠪᠥᠬᠦ ᠵᠢᠯ ᠳᠤ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 21162 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠪᠡ︔ ᠪᠥᠬᠦ ᠬᠤᠰᠢᠭᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 13766 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠪᠡ᠃     ᠪᠠᠶᠢᠩᠭᠤ ᠰᠠᠭᠤᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 34469 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠂ ᠭᠤᠣᠯ ᠣᠷᠣᠯᠭ᠎ᠠ ᠶᠢᠨ ᠪᠦᠲᠦᠴᠡ ᠠᠴᠠ ᠦᠵᠡᠪᠡᠯ᠄ ᠴᠠᠯᠢᠩ ᠤᠨ ᠴᠢᠨᠠᠷᠲᠠᠢ ᠣᠷᠣᠯᠭ᠎ᠠ 21160 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 5310 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 968 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠪᠠᠷ ᠨᠡᠮᠡᠭᠳᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 7031 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 20205 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.4% ᠪᠠᠷ ᠪᠠᠭᠤᠷᠠᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠲᠤᠭ᠎ᠠ ︵ᠳᠠᠷᠤᠢ ᠰᠠᠭᠤᠭᠠᠯᠢ ᠠᠷᠠᠳ ᠤᠨ ᠭᠡᠷ ᠪᠦᠯᠢ ᠶᠢᠨ ᠢᠳᠡᠭᠡᠨ ᠤ ᠬᠡᠷᠡᠭᠯᠡᠭᠡᠨ ᠤ ᠵᠠᠷᠤᠯᠭ᠎ᠠ ᠶᠢᠨ ᠭᠡᠷ ᠪᠦᠯᠢ ᠶᠢᠨ ᠬᠡᠷᠡᠭᠯᠡᠭᠡᠨ ᠤ ᠵᠠᠷᠤᠯᠭ᠎ᠠ ᠳᠠᠬᠢ ᠡᠵᠡᠯᠡᠬᠦ ᠬᠤᠪᠢ ᠶᠢᠨ ᠵᠢᠩ︶ ᠨᠢ 30.1% ᠪᠠᠶᠢᠵᠤ᠂  ᠲᠡᠭᠡᠷ᠎ᠡ ᠵᠢᠯ ᠤᠨ ᠬᠢ ᠲᠠᠢ ᠠᠳᠠᠯᠢ ᠪᠣᠯᠪᠠ︔ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠣᠳᠣ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ ᠨᠢ 30.1ᠲᠡᠭᠰᠢ ᠳᠥᠷᠪᠡᠯᠵᠢᠨ ᠮᠧᠲᠷ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 15465 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.5% ᠪᠠᠷ ᠨᠡᠮᠡᠭᠳᠡᠪᠡ᠂ ᠭᠤᠣᠯ ᠣᠷᠣᠯᠭ᠎ᠠ ᠶᠢᠨ ᠪᠦᠲᠦᠴᠡ ᠠᠴᠠ ᠦᠵᠡᠪᠡᠯ᠄ ᠴᠠᠯᠢᠩ ᠤᠨ ᠴᠢᠨᠠᠷᠲᠠᠢ ᠣᠷᠣᠯᠭ᠎ᠠ 835 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.3%   ᠪᠠᠷ ᠨᠡᠮᠡᠭᠳᠡᠪᠡ︔ ᠡᠵᠡᠩᠨᠡᠯᠲᠡ ᠶᠢᠨ ᠴᠡᠪᠡᠷ ᠣᠷᠣᠯᠭ᠎ᠠ 12046 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.9% ᠪᠠᠷ ᠨᠡᠮᠡᠭᠳᠡᠪᠡ︔ ᠡᠳ᠋ ᠬᠥᠷᠥᠩᠭᠡ ᠶᠢᠨ ᠴᠡᠪᠡᠷ ᠣᠷᠣᠯᠭ᠎ᠠ 395 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.2% ᠢᠶᠠᠷ ᠨᠡᠮᠡᠭᠳᠡᠪᠡ ︔ ᠰᠢᠯᠵᠢᠭᠦᠯᠦᠭᠰᠡᠨ ᠴᠡᠪᠡᠷ ᠣᠷᠣᠯᠭ᠎ᠠ 2189 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.7% ᠪᠠᠷ ᠪᠠᠭᠤᠷᠠᠪᠠ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 12408 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠩᠭᠧᠯ ᠤᠨ ᠢᠯᠡᠳᠬᠡᠮᠵᠢ ᠲᠤᠭ᠎ᠠ 29.9% ᠪᠠᠶᠢᠵᠤ᠂ ᠳᠡᠭᠡᠷ᠎ᠡ ᠵᠢᠯ ᠤᠨ ᠬᠢ ᠠᠴᠠ 0.2 ᠵᠠᠭᠤᠨ ᠤ ᠨᠢᠭᠡᠴᠢ ᠪᠠᠷ ᠪᠠᠭᠤᠷᠠᠪᠠ︔ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠣᠳᠣ ᠶᠢᠨ ᠣᠷᠣᠨ ᠰᠠᠭᠤᠴᠠ ᠶᠢᠨ ᠪᠠᠷᠢᠯᠭ᠎ᠠ ᠶᠢᠨ ᠲᠠᠯᠠᠪᠠᠶ 29.3 ᠲᠡᠭᠰᠢ ᠳᠥᠷᠪᠡᠯᠵᠢᠨ ᠮᠧᠲᠷ᠃     ᠵᠢᠯ ᠤᠨ ᠡᠴᠦᠰ ᠲᠤ ᠪᠥᠬᠦ ᠬᠤᠰᠢᠭᠤᠨ ᠤ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 52211 ᠪᠣᠯᠪᠠ︔ ᠬᠥᠳᠡᠭᠡ ᠲᠣᠰᠬᠤᠨ ᠤ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 197042 ᠬᠥᠮᠥᠨ ᠪᠠᠶᠢᠵᠤ᠂ ᠲᠡᠭᠡᠷ᠎ᠡ ᠵᠢᠯ ᠤᠨ ᠬᠢ ᠠᠴᠠ 15060 ᠬᠥᠮᠥᠨ ᠨᠡᠮᠡᠭᠳᠡᠪᠡ᠃ ᠠᠵᠢᠯ ᠠᠯᠳᠠᠭᠰᠠᠳ ᠤᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠲᠤᠭ᠎ᠠ 13500 ᠬᠥᠮᠥᠨ ᠪᠠᠶᠢᠵᠤ᠂ ᠲᠦᠷᠦᠭᠦᠦ ᠵᠢᠯ ᠤᠨ ᠬᠢ ᠠᠴᠠ 300 ᠬᠥᠮᠥᠨ ᠨᠡᠮᠡᠭᠳᠡᠵᠡᠢ᠃ ᠠᠵᠢᠯ ᠠᠯᠳᠠᠭᠰᠠᠳ ᠤᠨ ᠳᠠᠭᠠᠳᠬᠠᠯ ᠤᠨ ᠮᠥᠩᠭᠦ ᠠᠪᠤᠭᠰᠠᠨ ᠬᠥᠮᠥᠨ ᠤ ᠲᠤᠭ᠎ᠠ 1686 ᠬᠥᠮᠥᠨ ︵ᠤᠳᠠᠭ᠎ᠠ︶  ᠳᠤ ᠬᠦᠷᠴᠡᠢ᠃ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 19413 ᠪᠠᠶᠢᠵᠤ᠂ ᠲᠡᠭᠡᠷ᠎ᠡ ᠵᠢᠯ ᠤᠨ ᠬᠢ ᠠᠴᠠ 20 ᠬᠥᠮᠥᠨ ᠬᠠᠰᠤᠭᠳᠠᠵᠠᠢ᠃ ᠪᠥᠬᠦ ᠵᠢᠯ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠥᠨ ᠤ ᠲᠤᠭ᠎ᠠ 321900 ᠬᠥᠮᠥᠨ ᠪᠠᠶᠢᠵᠤ᠂ ᠪᠥᠬᠦ ᠵᠢᠯ ᠳᠤ 31156 ᠠᠵᠢᠯᠲᠠᠨ ᠠᠵᠢᠯᠴᠢᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠳᠤ ᠣᠷᠣᠯᠴᠠᠵᠠᠢ︔ ᠪᠥᠬᠦ ᠵᠢᠯ ᠳᠤ 290744 ᠬᠥᠮᠥᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠲᠦᠷᠦᠭᠦᠸ ᠵᠢᠯ ᠤᠨ ᠬᠢ ᠠᠴᠠ 1295 ᠬᠥᠮᠥᠨ ᠬᠠᠰᠤᠭᠳᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ 98% ᠬᠦᠷᠴᠡᠢ᠃ ᠪᠥᠬᠦ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠰᠠᠭᠤᠷᠢ ᠮᠥᠩᠭᠦ ᠶᠢᠨ ᠵᠠᠷᠤᠯᠭ᠎ᠠ 23077 ᠲᠦᠮᠡᠨ ᠲᠥᠭᠦᠷᠢᠭ ᠪᠠᠶᠢᠵᠤ᠂ ᠨᠡᠶᠢᠲᠡ 134568 ᠬᠥᠮᠥᠨ ︵ᠤᠳᠠᠭ᠎ᠠ  ︶ ᠠᠰᠢᠭ ᠭᠥᠷᠳᠡᠪᠡ᠃ ︵ᠬᠤᠰᠢᠭᠤᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ   ᠠᠴᠠ ᠬᠠᠩᠭᠠᠪᠠ︶
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号