ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠶᠢᠰᠦ︶
ᠨᠡᠶᠢᠲᠡᠯᠡᠭᠰᠡᠨ ᠴᠠᠭ᠄
2023/6/16
    ᠶᠢᠰᠦ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ ᠰᠣᠶᠣᠯ ᠪᠡᠶ᠎ᠡ ᠶᠢᠨ ᠲᠠᠮᠢᠷ     ᠲᠣᠰ ᠵᠢᠯ ᠳᠤ ᠪᠥᠬᠦ ᠬᠤᠰᠢᠭᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠢ ᠰᠢᠯᠭᠠᠯᠲᠠ ᠶᠢᠨ ᠲᠤᠰᠬᠠᠢ ᠠᠩᠭᠢ ᠵᠢᠴᠢ ᠲᠡᠭᠦᠨ ᠠᠴᠠ ᠳᠡᠭᠡᠭᠰᠢᠬᠢ ᠶᠡᠭᠡ ᠳᠡᠭᠡᠳᠦ ᠰᠤᠷᠭᠠᠭᠤᠯᠢ ᠳᠤ ᠣᠷᠣᠭᠰᠠᠨ ᠬᠥᠮᠥᠨ ᠤ ᠲᠤᠭ᠎ᠠ 1168 ᠪᠠᠶᠢᠵᠤ᠂ ᠡᠭᠦᠨ ᠳᠤ᠄ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠳᠤ ᠣᠷᠣᠭᠰᠠᠨ ᠬᠥᠮᠥᠨ ᠤ ᠲᠤᠭ᠎ᠠ 891 ᠪᠠᠶᠢᠨ᠎ᠠ᠃ ᠪᠥᠬᠦ ᠬᠤᠰᠢᠭᠤᠨ ᠳᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ 1 ᠪᠠᠶᠢᠵᠤ᠂ ᠲᠤᠬᠠᠢ ᠶᠢᠨ ᠵᠢᠯ ᠳᠤ 886 ᠰᠣᠷᠣᠭᠴᠢ ᠡᠯᠰᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.32% ᠢᠶᠠᠷ ᠪᠠᠭᠠᠰᠪᠠ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 2499 ᠬᠥᠮᠥᠨ ᠪᠠᠶᠢᠵᠤ᠂  ᠲᠡᠭᠡᠷ᠎ᠡ ᠵᠢᠯ ᠤᠨ ᠬᠢ ᠠᠴᠠ 12.26% ᠪᠠᠷ ᠳᠡᠭᠡᠭᠰᠢᠯᠡᠵᠡᠢ᠂ ᠡᠭᠦᠨ ᠳᠤ᠂ ᠰᠤᠷᠭᠠᠭᠤᠯᠢ ᠳᠤ ᠪᠠᠶᠢᠭ᠎ᠠ ᠮᠣᠩᠭᠤᠯ ᠰᠣᠷᠣᠭᠴᠢ ︵ᠮᠣᠩᠭᠤᠯ ᠢᠶᠠᠷ ᠬᠢᠴᠢᠶᠡᠯᠯᠡᠵᠦ ᠪᠠᠶᠢᠭ᠎ᠠ︶ 552 ᠬᠥᠮᠥᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 70.37% ᠪᠠᠷ ᠨᠡᠮᠡᠭᠳᠡᠵᠡᠢ︔ ᠲᠤᠬᠠᠢ ᠶᠢᠨ ᠵᠢᠯ ᠳᠤ 449 ᠰᠣᠷᠣᠭᠴᠢ ᠲᠡᠭᠦᠰᠴᠦ᠂ 16.7% ᠪᠠᠷ ᠪᠠᠭᠤᠷᠠᠪᠠ᠃ ᠪᠦᠷᠢᠨ ᠳᠦᠷᠢᠮᠲᠦ ᠳᠤᠮᠳᠠᠳᠤ ᠰᠤᠷᠭᠠᠭᠤᠯᠢ 3 ︵ᠢᠨᠳᠡᠷ ᠨᠢᠭᠡᠳᠦᠭᠡᠷ ᠳᠤᠮᠳᠠᠳᠤ ᠰᠤᠷᠭᠠᠭᠤᠯᠢ᠂ ᠢᠨᠳᠡᠷ ᠬᠤᠶᠠᠳᠤᠭᠠᠷ ᠳᠤᠮᠳᠠᠳᠤ ᠰᠤᠷᠭᠠᠭᠤᠯᠢ᠂ ᠢᠨᠳᠡᠷ ᠭᠤᠷᠪᠠᠳᠤᠭᠠᠷ ᠳᠤᠮᠳᠠᠳᠤ ᠰᠤᠷᠭᠠᠭᠤᠯᠢ︶ ᠪᠠᠶᠢᠵᠤ᠂ ᠲᠤᠬᠠᠢ ᠶᠢᠨ ᠵᠢᠯ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ 1482 ᠰᠣᠷᠣᠭᠴᠢ ᠡᠯᠰᠡᠵᠦ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 1.37% ᠪᠠᠷ ᠨᠡᠮᠡᠭᠳᠡᠪᠡ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 4339 ᠬᠥᠮᠥᠨ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3.03% ᠪᠠᠷ ᠨᠡᠮᠡᠭᠳᠡᠪᠡ᠂ ᠡᠭᠦᠨ ᠳᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠣᠷᠣᠭᠴᠢ 2274 ᠬᠥᠮᠥᠨ ᠪᠣᠶ︔ ᠲᠤᠬᠠᠢ ᠶᠢᠨ ᠵᠢᠯ ᠳᠤ ᠲᠡᠭᠦᠰᠦᠭᠰᠡᠨ ᠰᠣᠷᠣᠭᠴᠢ 1334 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.81% ᠪᠠᠷ ᠨᠡᠮᠡᠭᠳᠡᠵᠡᠢ᠃ ᠵᠢᠯ ᠤᠨ ᠡᠴᠦᠰ ᠲᠤ 4 ᠡᠩ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠠᠢ ᠪᠣᠯᠵᠤ᠂ ᠪᠥᠬᠦ ᠵᠢᠯ ᠤᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ 3578 ᠰᠣᠷᠣᠭᠴᠢ ᠡᠯᠰᠡᠵᠦ᠂ ᠠᠳᠠᠯᠢ ᠬᠤᠭᠤᠴᠠᠭᠠᠨ ᠤ ᠬᠢ ᠠᠴᠠ 5.02%  ᠢᠶᠠᠷ ᠳᠡᠭᠡᠭᠰᠢᠯᠡᠵᠡᠢ᠂ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 10430 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.57% ᠪᠠᠷ ᠨᠡᠮᠡᠭᠳᠡᠵᠡᠢ᠂ ᠡᠭᠦᠨ ᠳᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠣᠷᠣᠭᠴᠢ 3084 ᠪᠣᠶ︔ ᠲᠤᠬᠠᠢ ᠶᠢᠨ ᠵᠢᠯ ᠳᠤ ᠲᠡᠭᠦᠰᠦᠭᠰᠡᠨ ᠰᠣᠷᠣᠭᠴᠢ 3323 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.22% ᠢᠶᠠᠷ ᠪᠠᠭᠤᠷᠠᠪᠠ᠃ ᠪᠥᠬᠦ ᠬᠤᠰᠢᠭᠤᠨ ᠤ ᠠᠩᠬ᠎ᠠ ᠳᠤᠮᠳᠠᠳᠤ ᠶᠢᠨ ᠱᠠᠲᠤᠨ ᠤ ᠰᠤᠷᠭᠠᠭᠤᠯᠢ ᠳᠤ ᠣᠷᠣᠭᠰᠠᠨ ᠪᠥᠬᠦ ᠨᠣᠷᠮ᠎ᠠ ᠨᠢ 100.36% ᠪᠣᠯᠣᠨ᠎ᠠ᠃ ᠵᠢᠯ ᠤᠨ ᠡᠴᠦᠰ ᠲᠤ 29 ᠪᠠᠭ᠎ᠠ ᠰᠤᠷᠭᠠᠭᠤᠯᠢ ᠲᠠᠢ ᠪᠠᠶᠢᠵᠤ᠂ ᠲᠤᠬᠠᠢ ᠶᠢᠨ ᠵᠢᠯ ᠳᠤ 2735 ᠰᠣᠷᠣᠭᠴᠢ ᠡᠯᠰᠡᠵᠦ᠂  ᠲᠡᠭᠡᠷ᠎ᠡ  ᠵᠢᠯ ᠤᠨ ᠠᠳᠠᠯᠢ ᠬᠤᠭᠤᠴᠠᠭᠠᠨ ᠤ ᠬᠢ ᠠᠴᠠ 13.94% ᠪᠠᠷ ᠪᠠᠭᠤᠷᠠᠪᠠ︔ ᠵᠢᠯ ᠤᠨ ᠡᠴᠦᠰ ᠲᠤ ᠰᠤᠷᠭᠠᠭᠤᠯᠢ ᠳᠤ ᠪᠠᠶᠢᠭ᠎ᠠ ᠰᠣᠷᠣᠭᠴᠢ 20003 ᠬᠥᠮᠥᠨ ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.59% ᠪᠠᠷ ᠪᠠᠭᠤᠷᠠᠪᠠ︔ ᠲᠤᠬᠠᠢ ᠶᠢᠨ ᠵᠢᠯ ᠳᠤ ᠲᠡᠭᠦᠰᠦᠭᠰᠡᠨ ᠰᠣᠷᠣᠭᠴᠢ 3683 ᠬᠥᠮᠥᠨ ᠪᠠᠶᠢᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 6.57% ᠪᠠᠷ ᠳᠡᠭᠡᠭᠰᠢᠯᠡᠵᠡᠢ᠃ ᠪᠥᠬᠦ ᠵᠢᠯ ᠤᠨ ᠪᠠᠭ᠎ᠠ ᠰᠤᠷᠭᠠᠭᠤᠯᠢ ᠶᠢᠨ ᠰᠤᠷᠬᠤ ᠨᠠᠰᠤᠨ ᠤ ᠬᠡᠦᠬᠡᠳ ᠤᠨ ᠰᠤᠷᠭᠠᠭᠤᠯᠢ ᠳᠤ ᠣᠷᠣᠬᠤ ᠨᠣᠷᠮ᠎ᠠ 99.98%᠃ ᠵᠢᠯ ᠤᠨ ᠡᠴᠦᠰ ᠲᠤ 147 ᠬᠡᠦᠬᠡᠳ ᠤᠨ ᠴᠡᠴᠡᠷᠯᠢᠭ ᠲᠠᠢ ᠪᠣᠯᠵᠤ᠂ ᠬᠡᠦᠬᠡᠳ ᠤᠨ ᠴᠡᠴᠡᠷᠯᠢᠭ ᠲᠤ ᠪᠠᠶᠢᠭ᠎ᠠ ᠬᠡᠦᠬᠡᠳ 7551 ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2.91% ᠪᠠᠷ ᠪᠠᠭᠤᠷᠠᠪᠠ︔ ᠪᠥᠬᠦ ᠬᠤᠰᠢᠭᠤᠨ ᠳᠤ ᠶᠢᠰᠦᠨ ᠵᠢᠯ ᠤᠨ ᠳᠦᠷᠢᠮᠲᠦ ᠰᠤᠷᠭᠠᠭᠤᠯᠢ 3 ᠪᠣᠶ︔ ᠪᠠᠭ᠎ᠠ ᠰᠤᠷᠭᠠᠭᠤᠯᠢ ᠶᠢᠨ ᠲᠤᠰᠬᠠᠢ  ᠬᠢᠴᠢᠶᠡᠯᠯᠡᠬᠦ ᠪᠠᠭᠰᠢ ︵2349 ᠬᠥᠮᠥᠨ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠢ ᠬᠢᠴᠢᠶᠡᠯᠯᠡᠬᠦ ᠪᠠᠭᠰᠢ 985 ᠬᠥᠮᠥᠨ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠢ ᠬᠢᠴᠢᠶᠡᠯᠯᠡᠬᠦ ᠪᠠᠭᠰᠢ 359 ᠬᠥᠮᠥᠨ ᠪᠠᠶᠢᠨ᠎ᠠ᠃ ︵ᠬᠤᠰᠢᠭᠤᠨ  ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠬᠠᠩᠭᠠᠪᠠ︶     2022 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠳᠠᠯ ᠤᠨ ᠵᠠᠷᠤᠯᠭ᠎ᠠ 1103.84 ᠲᠦᠮᠡᠨ ᠲᠥᠭᠦᠷᠢᠭ ᠪᠣᠯᠣᠨ᠎ᠠ᠃ ᠵᠢᠯ ᠤᠨ ᠳᠣᠲᠣᠷ᠎ᠠ ᠮᠠᠯᠴᠢᠨ ᠲᠠᠷᠢᠶᠠᠴᠢᠨ ᠳᠤ 4 ᠲᠦᠮᠡᠨ ᠬᠥᠮᠥᠨ ︵ᠤᠳᠠᠭ᠎ᠠ︶ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠬᠦᠷᠲᠡᠭᠡᠵᠦ᠂ ᠬᠥᠳᠡᠭᠡ ᠲᠣᠰᠬᠤᠨ ᠤ ᠮᠡᠷᠭᠡᠵᠢᠯ ᠤᠨ ᠭᠤᠣᠯᠯᠠᠭᠴᠢ ᠬᠦᠴᠦᠨ ᠢ 1300 ᠬᠥᠮᠥᠨ  ︵ᠤᠳᠠᠭ᠎ᠠ︶ ᠪᠣᠯᠪᠠᠰᠤᠷᠠᠭᠤᠯᠵᠤ᠂ 540 ᠬᠥᠮᠥᠨ ︵ᠤᠳᠠᠭ᠎ᠠ ︶ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠤᠯᠪᠠᠰᠤᠷᠠᠯ ᠬᠦᠷᠳᠡᠭᠡᠵᠤ᠂ 1 ᠲᠦᠮᠡᠨ ᠬᠥᠮᠥᠨ ︵ᠤᠳᠠᠭ᠎ᠠ︶ ᠠᠰᠢᠭ ᠬᠦᠷᠲᠡᠭᠡᠪᠡ᠃ ︵ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠩᠭᠠᠪᠠ     ᠵᠢᠯ ᠤᠨ ᠡᠴᠦᠰ ᠲᠤ ᠪᠥᠬᠦ ᠬᠤᠰᠢᠭᠤᠨ ᠳᠤ ᠤᠯᠠᠭᠠᠨᠮᠥ᠋ᠴᠢᠷ ᠤᠨ ᠲᠤᠰᠬᠠᠢ ᠮᠡᠷᠭᠡᠵᠢᠯ ᠤᠨ ᠲᠣᠭᠯᠠᠯᠲᠠ ᠶᠢᠨ ᠪᠦᠯᠬᠦᠮ 1᠂ ᠠᠵᠢᠯᠲᠠᠨ 50 ᠬᠥᠮᠥᠨ ᠪᠠᠶᠢᠵᠤ᠂ ᠪᠥᠬᠦ ᠵᠢᠯ ᠳᠤ ᠲᠤᠰᠬᠠᠢ ᠮᠡᠷᠭᠡᠵᠢᠯ ᠤᠨ ᠤᠷᠠᠯᠢᠭ ᠤᠨ ᠪᠦᠯᠬᠦᠮ ᠰᠣᠶᠣᠯ ᠢ ᠬᠥᠳᠡᠭᠡ ᠬᠦᠷᠭᠡᠬᠦ ᠲᠣᠭᠯᠠᠯᠲᠠ ᠶᠢ 102 ᠲᠠᠯᠠᠪᠤᠷ ︵ᠤᠳᠠᠭ᠎ᠠ︶ ᠭᠠᠷᠭᠠᠵᠠᠢ︔ 1 ᠰᠣᠶᠣᠯ ᠤᠨ ᠣᠷᠳᠣᠨ ᠲᠠᠢ᠂ 17 ᠠᠵᠢᠯᠲᠠᠨ ᠲᠠᠢ᠃ ᠰᠣᠶᠣᠯ ᠤᠨ ᠥᠷᠲᠡᠭᠡ 14᠂ ᠠᠵᠢᠯᠲᠠᠨ ᠤ ᠥᠷᠲᠡᠭᠡ 14 ᠪᠣᠶ︔ ᠭᠠᠴᠠᠭ᠎ᠠ ᠲᠣᠰᠬᠤᠨ ᠤ ᠲᠠᠯ᠎ᠠ ᠨᠤᠲᠤᠭ ᠤᠨ ᠨᠣᠮ ᠤᠨ ᠥᠷᠥᠭᠡ 197 ᠡᠷᠦᠬᠡ︔ ᠣᠯᠠᠨ ᠨᠡᠶᠢᠲᠡ ᠶᠢᠨ ᠨᠣᠮ ᠤᠨ ᠰᠠᠩ 1᠂ ᠠᠵᠢᠯᠲᠠᠨ 5 ᠬᠥᠮᠥᠨ᠂ ᠨᠣᠮ ᠤᠨ ᠬᠠᠳᠠᠭᠠᠯᠠᠮᠵᠢ 5 ᠲᠦᠮᠡᠨ ᠳᠡᠪᠲᠡᠷ ᠠᠴᠠ ᠳᠡᠭᠡᠭᠰᠢ᠂ ᠡᠯ᠎ᠡ ᠵᠦᠢᠯ ᠤᠨ ᠰᠣᠨᠢᠨ ᠰᠡᠳᠬᠦᠯ 100 ᠭᠠᠷᠤᠢ ᠪᠣᠶ᠃ ᠲᠡᠦᠬᠡ ᠶᠢᠨ ᠳᠤᠷᠠᠰᠬᠠᠯᠲᠤ ᠵᠦᠢᠯᠡᠰ ᠤᠨ ᠥᠷᠲᠡᠭᠡ 1 ᠪᠠᠶᠢᠵᠤ᠂ 810 ᠢᠵᠢ ᠲᠡᠦᠬᠡ ᠶᠢᠨ ᠳᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠵᠤ ᠪᠤᠢ᠃ ︵ᠬᠤᠰᠢᠭᠤᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠩᠭᠠᠪᠠ︶᠃      ᠵᠢᠯ ᠤᠨ ᠡᠴᠦᠰ ᠪᠣᠯᠬᠤ ᠳᠤ ᠪᠦᠭᠦ ᠬᠤᠰᠢᠭᠤᠨ ᠳᠤ 1 ᠷᠠᠳᠢᠣ᠋ ᠨᠡᠪᠲᠡᠷᠡᠭᠦᠯᠭᠡ ᠶᠢᠨ ᠬᠤᠷᠢᠶ᠎ᠠ ᠲᠠᠢ ᠪᠣᠯᠵᠤ᠂ ᠶᠡᠷᠦᠩᠬᠡᠢ ᠬᠥᠮᠥᠨ ᠠᠮᠠ ᠶᠢᠨ ᠪᠦᠷᠬᠦᠴᠡ ᠶᠢᠨ ᠨᠤᠷᠮ᠎ᠠ 99.83  ᠳᠤ ᠬᠦᠷᠴᠡᠢ︔1 ᠲᠧᠯᠸᠢᠰ ᠬᠤᠷᠢᠶ᠎ᠠ ᠲᠠᠢ᠂ ᠲᠧᠯᠸᠢᠰ ᠤᠨ ᠶᠡᠷᠦᠩᠬᠡᠶᠢᠯᠡᠭᠰᠡᠨ ᠬᠥᠮᠥᠨ ᠠᠮᠠ ᠶᠢᠨ ᠪᠦᠷᠬᠦᠴᠡ 99.91% ᠳᠤ ᠬᠦᠷᠴᠡᠢ᠃ ︽ᠡᠷᠦᠬᠡ ᠪᠣᠯᠭᠠᠨ ᠳᠤ ᠨᠡᠪᠲᠡᠷᠡᠭᠦᠯᠬᠦ︾ ᠢᠨᠵᠧᠨᠧᠷᠢᠩ ᠢ 77005 ᠲᠦᠮᠡᠨ ᠢᠵᠢ ᠬᠡᠷᠡᠭᠵᠢᠭᠦᠯᠪᠡ︔ ᠤᠲᠠᠰᠤᠲᠤ ᠲᠧᠯᠸᠢᠰ ᠤᠨ ᠬᠡᠷᠡᠭᠯᠡᠭᠴᠢ 8998 ᠡᠷᠦᠬᠡ ᠪᠣᠶ᠃ ︵ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠬᠠᠩᠭᠠᠪᠠ︶      ᠡᠨᠡ ᠵᠢᠯ ᠤᠨ ᠳᠣᠲᠣᠷ᠎ᠠ ᠪᠦᠭᠦ ᠬᠤᠰᠢᠭᠤᠨ ᠤ ᠲᠠᠮᠢᠷᠴᠢᠳ ᠴᠢᠬᠤᠯᠠ ᠶᠡᠭᠡ ᠤᠷᠤᠯᠳᠤᠭᠠᠨ ᠳᠤ 32 ᠮᠧᠳᠠᠯ ᠣᠯᠵᠤ᠂ ᠡᠭᠦᠨ ᠳᠤ ᠣᠷᠣᠨ ᠤ ᠲᠠᠰ ᠤᠨ 1 ᠠᠯᠲᠠᠨ ᠮᠧᠳᠠᠯ︔ ᠠᠶᠢᠮᠠᠭ ᠤᠨ ᠲᠠᠰ ᠤᠨ ᠠᠯᠲᠠᠨ ᠮᠧᠳᠠᠯ 13᠂ ᠮᠥᠩᠭᠦᠨ ᠮᠧᠳᠠᠯ 13᠂ ᠭᠠᠤᠯᠢᠨ ᠮᠧᠳᠠᠯ 5 ᠪᠣᠶ᠃ ︵ᠬᠤᠰᠢᠭᠤᠨ ᠤ ᠰᠣᠶᠣᠯ  ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ  ᠬᠠᠩᠭᠠᠪᠠ︶  
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号