ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠠᠷᠪᠠ︶
ᠨᠡᠶᠢᠲᠡᠯᠡᠭᠰᠡᠨ ᠴᠠᠭ᠄
2023/6/16
   ᠠᠷᠪᠠ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠦᠢᠯᠡᠴᠢᠯᠡᠭᠡ    ᠵᠢᠯ ᠤᠨ ᠡᠴᠦᠰ ᠲᠤ ᠪᠦᠭᠦ ᠬᠤᠰᠢᠭᠤᠨ ᠳᠤ ᠨᠡᠶᠢᠲᠡ 277 ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠲᠠᠢ᠃ ᠡᠭᠦᠨ ᠳᠤ᠄ ᠬᠤᠰᠢᠭᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ 4᠂ ᠬᠤᠰᠢᠭᠤᠨ ᠳᠤ ᠰᠠᠭᠤᠭ᠎ᠠ ᠡᠮᠴᠢᠯᠡᠭᠡᠨ ᠤ ᠪᠠᠶᠢᠭᠤᠯᠤᠮᠵᠢ 2᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ 23᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ 2᠂ ᠬᠤᠪᠢ ᠶᠢᠨ ᠡᠮᠴᠢᠯᠡᠭᠡᠨ ᠤ ᠭᠠᠵᠠᠷ 53 ᠪᠣᠶ᠃ ᠪᠥᠬᠦ ᠬᠤᠰᠢᠭᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ 1500 ᠡᠪᠡᠳᠴᠢᠲᠡᠨ ᠤ ᠣᠷᠣ ᠲᠠᠢ᠂ ᠡᠭᠦᠨ ᠳᠤ᠄ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ ᠳᠤ 1000 ᠡᠪᠡᠳᠴᠢᠲᠡᠨ ᠤ ᠣᠷᠣ ᠲᠠᠢ᠂ ᠰᠣᠮᠣ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ 400 ᠡᠪᠡᠳᠴᠢᠲᠡᠨ ᠤ ᠣᠷᠣ ᠲᠠᠢ᠃ ᠵᠢᠯ ᠤᠨ ᠡᠴᠦᠰ ᠲᠤ ᠪᠥᠬᠦ ᠬᠤᠰᠢᠭᠤᠨ ᠤ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠵᠢᠯᠲᠠᠨ ᠤ ᠲᠤᠭ᠎ᠠ 2158 ᠬᠥᠮᠥᠨ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ 1670 ᠬᠥᠮᠥᠨ ᠪᠠᠶᠢᠵᠤ᠂ ᠡᠭᠦᠨ ᠳᠤ ᠬᠤᠰᠢᠭᠤᠨ ᠤ ᠰᠢᠭᠤᠳ ᠬᠠᠷᠢᠶ᠎ᠠ ᠡᠮᠨᠡᠯᠭᠡ ᠶᠢᠨ ᠬᠤᠷᠢᠶ᠎ᠠ   ᠳᠤ925 ᠬᠥᠮᠥᠨ ᠪᠠᠶᠢᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ 377 ᠬᠥᠮᠥᠨ ᠪᠤᠢ︔ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ 49 ᠬᠥᠮᠥᠨ ᠲᠠᠢ᠃ ᠮᠠᠯᠵᠢᠬᠤ ᠲᠠᠷᠢᠶᠠᠯᠠᠬᠤ ᠣᠷᠣᠨ ᠤ ᠡᠷᠡᠭᠦᠯ ᠬᠠᠮᠠᠭᠠᠯᠠᠯ ᠤᠨ ᠦᠢᠯᠡᠰ ᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠢ ᠨᠢᠭᠡ ᠴᠣᠭᠴᠠᠵᠢᠭᠤᠯᠤᠨ ᠬᠠᠮᠢᠶᠠᠷᠬᠤ 189  ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠠᠢ᠂ 220 ᠨᠤᠳᠤᠭ ᠤᠨ ᠡᠮᠴᠢ ᠲᠠᠢ ᠪᠣᠯᠪᠠ᠃ ︵ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠠᠩᠭᠠᠪᠠ︶    ᠵᠢᠯ ᠤᠨ ᠡᠴᠦᠰ ᠲᠤ ᠪᠦᠭᠦ ᠬᠤᠰᠢᠭᠤᠨ ᠤ ᠬᠤᠲᠠ ᠪᠠᠯᠭᠠᠰᠤᠨ ᠤ ᠨᠡᠶᠢᠭᠡᠮ ᠲᠣᠭᠤᠷᠢᠭ ᠪᠠ ᠬᠥᠳᠡᠭᠡ ᠲᠣᠰᠬᠤᠨ ᠤ ᠨᠡᠶᠢᠭᠡᠮ ᠲᠣᠭᠤᠷᠢᠭ ᠨᠡᠶᠢᠲᠡ 31 ᠪᠠᠶᠢᠨ᠎ᠠ᠃ ᠪᠥᠬᠦ ᠬᠤᠰᠢᠭᠤᠨ ᠳᠤ ᠣᠷᠣᠨ ᠪᠦᠰᠡ ᠶᠢᠨ ᠴᠢᠨᠠᠷᠲᠠᠢ ᠨᠠᠰᠤᠲᠠᠨ ᠢ ᠠᠰᠠᠷᠠᠬᠤ ᠬᠦᠷᠢᠶᠡᠯᠡᠩ 4᠂ ᠨᠠᠰᠤᠲᠠᠨ ᠢ ᠠᠰᠠᠷᠠᠬᠤ ᠬᠦᠷᠢᠶᠡᠯᠡᠩ ᠤᠨ ᠣᠷᠣ 428 ᠪᠠᠶᠢᠵᠤ᠂ 223 ᠬᠥᠮᠥᠨ ᠢ ᠲᠥᠪᠯᠡᠷᠡᠭᠦᠯᠦᠨ ᠠᠰᠠᠷᠠᠨ ᠲᠡᠵᠢᠭᠡᠵᠤ ᠪᠤᠢ᠃ ᠪᠥᠬᠦ ᠵᠢᠯ ᠳᠤ ᠨᠡᠶᠢᠲᠡ 42355 ᠬᠥᠮᠥᠨ ᠤᠯᠤᠰ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠡᠳᠬᠦᠮᠵᠢ ᠶᠢ ᠭᠥᠷᠳᠡᠵᠦ᠂ ᠠᠳᠠᠯᠢ ᠬᠤᠭᠤᠴᠠᠭᠠᠨ ᠤ  ᠬᠢ ᠠᠴᠠ 184 ᠬᠥᠮᠥᠨ ᠬᠠᠰᠤᠭᠳᠠᠵᠠᠢ᠃ ᠡᠭᠦᠨ ᠤ ᠳᠣᠲᠣᠷ᠎ᠠ᠄ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠬᠦᠷᠲᠡᠵᠦ ᠪᠠᠶᠢᠭ᠎ᠠ ᠰᠠᠭᠤᠭᠠᠯᠢ ᠠᠷᠠᠳ 38604 ᠬᠥᠮᠥᠨ ᠪᠠᠶᠢᠵᠤ᠂ ᠬᠥᠳᠡᠭᠡ ᠲᠣᠰᠬᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠨᠡᠶᠢᠲᠡ 12704.96 ᠲᠦᠮᠡᠨ ᠲᠥᠭᠦᠷᠢᠭ ᠲᠠᠷᠬᠠᠭᠠᠪᠠ᠃ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ ᠭᠥᠷᠳᠡᠵᠦ ᠪᠠᠶᠢᠭ᠎ᠠ ᠰᠠᠭᠤᠭᠠᠯᠢ ᠠᠷᠠᠳ 3751 ᠬᠥᠮᠥᠨ ᠪᠠᠶᠢᠵᠤ᠂ ᠬᠤᠲᠠ ᠪᠠᠯᠭᠠᠰᠤᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠡᠯᠡ ᠮᠥᠩᠭᠦ ᠶᠢ ᠨᠡᠶᠢᠲᠡ 3149.67 ᠲᠦᠮᠡᠨ ᠲᠥᠭᠦᠷᠢᠭ ᠲᠠᠷᠬᠠᠭᠠᠪᠠ᠃ ︵ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠬᠠᠩᠭᠠᠪᠠ︶
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号