ᠵᠠᠯᠠᠶᠢᠳ ᠬᠤᠰᠢᠭᠤᠨ ᠤ 2022 ᠣᠨ ᠤ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠠᠯᠪᠠᠨ ᠮᠡᠳᠡᠭᠡ ︵ᠠᠷᠪᠠᠨ ᠨᠢᠭᠡ︶
ᠨᠡᠶᠢᠲᠡᠯᠡᠭᠰᠡᠨ ᠴᠠᠭ᠄
2023/6/16
    ᠠᠷᠪᠠᠨ ᠨᠢᠭᠡ᠂ ᠡᠬᠢ ᠪᠠᠶᠠᠯᠢᠭ᠂ ᠣᠷᠴᠢᠨ ᠠᠬᠤᠢ    2022 ᠣᠨ ᠳᠤ ᠪᠥᠬᠦ ᠬᠤᠰᠢᠭᠤᠨ ᠤ ᠣᠶᠢᠵᠢᠭᠤᠯᠬᠤ ᠡᠭᠦᠷᠭᠡ ᠶᠢ 13.05 ᠲᠦᠮᠡᠨ ᠮᠦ ᠪᠡᠶᠡᠯᠡᠭᠦᠯᠵᠦ᠂ ᠡᠭᠦᠨ ᠳᠤ 5 ᠲᠦᠮᠡᠨ ᠮᠦ ᠠᠭᠤᠯᠠ ᠶᠢ ᠪᠢᠲᠡᠭᠦᠮᠵᠢᠯᠡᠨ ᠣᠶᠢᠵᠢᠭᠤᠯᠵᠤ᠂ 0.07 ᠲᠦᠮᠡᠨ ᠮᠦ  ᠬᠥᠮᠥᠨ ᠤ ᠬᠦᠴᠦ ᠪᠠᠷ  ᠣᠶᠢᠵᠢᠭᠤᠯᠵᠤ  ᠂ ᠣᠶ ᠰᠢᠭᠤᠢ ᠶᠢᠨ ᠨᠠᠷᠢᠯᠢᠭ ᠣᠨᠣᠴᠠᠲᠠᠢ ᠶᠠᠰᠤ ᠴᠢᠨᠠᠷ ᠢ 1 ᠲᠦᠮᠡᠨ ᠮᠦ ᠳᠡᠭᠡᠭᠰᠢᠯᠡᠭᠦᠯᠵᠦ᠂ 5 ᠲᠦᠮᠡᠨ ᠮᠦ ᠶᠢᠨ ᠣᠶ ᠰᠢᠭᠤᠢ ᠶᠢ ᠠᠷᠠᠴᠢᠯᠠᠨ᠂ 1.77 ᠲᠦᠮᠡᠨ ᠮᠦ ᠮᠠᠭᠤᠳᠠᠭᠰᠠᠨ ᠣᠶ ᠶᠢ ᠵᠠᠰᠠᠨ ᠰᠡᠷᠭᠦᠭᠡᠵᠦ᠂ 0.21 ᠲᠦᠮᠡᠨ ᠮᠦ ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠠᠷᠠᠳ ᠢᠷᠭᠡᠳ 65 ᠲᠦᠮᠡᠨ ᠰᠠᠭᠤᠷᠢ ᠨᠣᠭᠤᠭᠠᠷᠠᠭᠤᠯᠵᠤ᠂ 11 ᠠᠶᠢᠯ ᠲᠣᠰᠬᠤᠨ ᠢ ᠨᠣᠭᠤᠭᠠᠷᠠᠭᠤᠯᠤᠨ ᠭᠤᠶᠣᠵᠢᠭᠤᠯᠪᠠ᠃ ᠴᠢᠬᠢ ᠪᠣᠶᠢᠵᠢᠭᠤᠯᠬᠤ ᠲᠠᠯᠠᠪᠠᠢ 0.21 ᠲᠦᠮᠡᠨ ᠮᠦ ᠳᠤ ᠬᠦᠷᠴᠦ᠂ ᠲᠤᠰ ᠵᠢᠯ ᠤᠨ ᠵᠤᠯᠵᠠᠭ᠎ᠠ ᠮᠣᠳᠣᠨ ᠤ ᠭᠠᠷᠤᠯᠲᠠ 1500 ᠲᠦᠮᠡᠨ ᠰᠠᠭᠤᠷᠢ ᠪᠣᠯᠪᠠ᠃ ᠵᠢᠯ ᠤᠨ ᠡᠴᠦᠰ ᠤᠨ ᠪᠥᠬᠦ ᠬᠤᠰᠢᠭᠤᠨ ᠤ ᠣᠶ ᠰᠢᠭᠤᠢ ᠶᠢᠨ ᠲᠠᠯᠠᠪᠠᠶ 405.54 ᠲᠦᠮᠡᠨ ᠮᠦ ᠳᠤ ᠬᠦᠷᠴᠦ᠂ ᠣᠶ ᠰᠢᠭᠤᠢ ᠶᠢᠨ ᠪᠦᠷᠬᠦᠴᠡ ᠶᠢᠨ ᠨᠣᠷᠮ᠎ᠠ 28.85% ᠳᠤ ᠬᠥᠷᠪᠡ᠃ ︵ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠩᠭᠠᠪᠠ︶    2022 ᠣᠨ ᠳᠤ ᠪᠦᠭᠦ ᠬᠤᠰᠢᠭᠤᠨ ᠤ 1 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠲᠣᠭᠲᠠᠭᠠᠵᠠᠢ᠃ ᠲᠡᠮᠡᠭᠡᠴᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠬᠠᠮᠠᠭᠠᠯᠠᠯᠲᠠ ᠶᠢᠨ ᠣᠷᠣᠨ ᠤ ᠲᠠᠯᠠᠪᠠᠶ 76210 ᠾᠧᠺᠲ᠋ᠠᠷ᠃ ᠵᠢᠯ ᠤᠨ ᠡᠴᠦᠰ ᠲᠤ ᠪᠥᠬᠦ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠰᠲ᠋ᠧᠮ ᠳᠤ ᠠᠵᠢᠯᠲᠠᠨ 38᠂ ᠵᠠᠯᠠᠶᠢᠳ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠥᠷᠲᠡᠭᠡ 1᠂ ᠣᠷᠴᠢᠨ ᠲᠣᠭᠤᠷᠢᠨ ᠤ ᠬᠢᠨᠠᠨ ᠬᠡᠮᠵᠢᠬᠦ ᠠᠵᠢᠯᠲᠠᠨ 14 ᠪᠣᠶ᠃ ︵ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠠᠩᠭᠠᠪᠠ︶     ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ  ᠲᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.4% ᠪᠠᠷ ᠨᠡᠮᠡᠭᠳᠡᠪᠡ᠂ ᠡᠭᠦᠨ ᠳᠤ᠄ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠵᠢᠷᠭᠤᠭᠠᠨ ᠶᠡᠭᠡ ᠠᠵᠢᠯ ᠲᠥᠷᠥᠯ ᠤᠨ ᠶᠡᠷᠦᠩᠬᠡᠶᠢᠯᠡᠭᠰᠡᠨ ᠡᠨᠧᠷᠭᠢ ᠶᠢᠨ ᠬᠡᠷᠡᠭᠯᠡᠭᠡᠨ ᠤ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 24.4% ᠪᠠᠷ ᠨᠡᠮᠡᠭᠳᠡᠪᠡ᠃ ᠡᠨᠧᠷᠭᠢ ᠬᠤᠷᠣᠭᠳᠠᠭᠤᠯᠬᠤ ᠭᠤᠣᠯ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠨ ᠱᠦᠢᠨᠢ ᠶᠢᠨ ᠶᠡᠷᠦᠩᠬᠡᠶᠢᠯᠡᠭᠰᠡᠨ ᠡᠨᠧᠷᠭᠢ ᠶᠢᠨ ᠬᠤᠷᠣᠭᠳᠠᠯ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.52% ᠢᠶᠠᠷ ᠨᠡᠮᠡᠭᠳᠡᠪᠡ᠃
 
ᠢᠷᠡᠯᠲᠡ᠄ ᠵᠠᠯᠠᠶᠢᠳ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号