︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠨᠡᠶᠢᠲᠡᠯᠡᠬᠦ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/6/2
ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ᠄       ︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠢ ᠬᠤᠰᠢᠭᠤᠨ ᠤ ᠵᠠᠰᠠᠭ ᠤᠨ ᠣᠷᠳᠣᠨ ᠠᠴᠠ ᠨᠢᠭᠡᠨᠲᠡ ᠵᠥᠪᠰᠢᠶᠡᠷᠡᠪᠡ᠂ ᠡᠳᠦᠭᠡ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠲᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 713 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠭᠠᠷᠴᠠᠭ ᠲᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠲᠦ ᠪᠣᠳᠣᠯᠭ᠎ᠠ ᠶᠢ ᠡᠬᠢᠯᠡᠭᠦᠯᠬᠦ᠂ ᠲᠥᠰᠥᠯ ᠲᠤᠭᠤᠷᠪᠢᠬᠤ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ᠂ ᠵᠢᠭᠠᠪᠤᠷᠢ ᠠᠪᠴᠤ ᠮᠡᠳᠡᠭᠦᠯᠤᠯᠳᠠ ᠬᠢᠬᠦ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠬᠠᠤᠯᠢ ᠳᠤ ᠨᠡᠶᠢᠴᠡᠬᠦ᠂ ᠶᠠᠪᠤᠴᠠ ᠨᠢ ᠢᠯᠡ ᠪᠠᠶᠢᠬᠤ᠂ ᠬᠠᠷᠢᠭᠤᠴᠠᠯᠭ᠎ᠠ ᠨᠢ ᠲᠣᠳᠣᠷᠬᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠰᠣᠶᠣᠯ ᠰᠤᠷᠭᠠᠨ ᠬᠥᠮᠦᠵᠢᠯ᠂ ᠡᠮ ᠡᠮᠨᠡᠯᠭᠡ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ ᠂ ᠡᠬᠢ ᠪᠠᠶᠠᠯᠢᠭ ᠤᠨ ᠨᠡᠭᠡᠭᠡᠯᠲᠡ᠂ ᠠᠮᠢ ᠠᠬᠤᠢ  ᠣᠷᠴᠢᠨ ᠲᠣᠭᠤᠷᠢᠨ ᠤ ᠬᠠᠮᠠᠭᠠᠯᠠᠯᠲᠠ᠂ ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠴᠢᠬᠤᠯᠠ ᠶᠡᠭᠡ ᠠᠷᠠᠳ ᠤᠨ ᠠᠮᠢᠳᠤᠷᠠᠯ ᠤᠨ ᠰᠢᠢᠳᠪᠦᠷᠢᠲᠦ ᠪᠣᠳᠣᠯᠭ᠎ᠠ ᠶᠢᠨ ᠵᠦᠢᠯᠡᠰ ᠲᠤ ᠬᠤᠯᠪᠣᠭᠳᠠᠪᠠᠯ᠂ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠷᠠᠳ ᠤᠨ ᠰᠠᠨᠠᠭ᠎ᠠ ᠶᠢᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃     ᠭᠤᠷᠪᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠭᠦᠢᠴᠡᠳᠬᠡᠭᠰᠡᠨ ᠦᠭᠡᠢ ᠪᠠᠶᠢᠪᠠᠯ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠵᠦ ᠪᠣᠯᠬᠤ ᠦᠭᠡᠢ᠃     ᠳᠥᠷᠪᠡ᠂ ︽ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ︾ ᠲᠤ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠨᠢ ᠲᠣᠬᠢᠷᠠᠭᠤᠯᠤᠨ ᠲᠠᠰ ᠳᠠᠷᠠᠭᠠᠯᠠᠯ ᠶᠣᠰᠣᠭᠠᠷ ᠲᠣᠬᠢᠷᠠᠭᠤᠯᠤᠯᠲᠠ ᠬᠢᠨ᠎ᠡ᠃                                             2023 ᠣᠨ ᠤ 5 ᠰᠠᠷ᠎ᠠ ᠶᠢᠨ 18 ᠤ ᠡᠳᠣᠷ              ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ
       
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号