ᠬᠠᠤᠯᠢ ᠪᠤᠰᠤ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠲᠡᠯ
ᠨᠡᠶᠢᠲᠡᠯᠡᠭᠰᠡᠨ ᠴᠠᠭ᠄
2023/6/7
ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄        ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠴᠢᠨᠠᠭᠰᠢᠳᠠ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠬᠢᠯᠢ ᠳᠣᠲᠣᠷᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠳᠤᠷ᠎ᠠ ᠪᠠᠷ ᠢᠶᠠᠨ ᠮᠠᠯᠲᠠᠬᠤ ᠪᠠ ᠬᠤᠯᠠᠭᠠᠶᠢᠯᠠᠨ ᠮᠠᠯᠲᠠᠬᠰᠠᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ  ᠴᠢᠩᠭ᠎ᠠ ᠴᠤᠬᠢᠯᠳᠠ ᠦᠭᠴᠣ᠂ ᠪᠦᠬᠦ ᠬᠤᠰᠢᠭᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ  ᠲᠢᠭᠯᠢᠮ ᠢ ᠣᠯᠠᠮ ᠨᠢᠭᠡ ᠠᠯᠬᠤᠮ ᠵᠢᠷᠤᠮᠵᠢᠭᠤᠯᠤᠨ᠂ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠰᠢᠭᠤᠨ ᠤ ᠭᠠᠵᠠᠷ ᠰᠢᠷᠣᠢ ᠶᠢᠨ ᠡᠬᠢ ᠪᠠᠶᠠᠯᠢᠭ ᠪᠠ ᠠᠮᠢ ᠠᠬᠤᠢ ᠣᠷᠴᠢᠨ ᠲᠣᠭᠤᠷᠢᠨ ᠢ ᠦᠨᠡᠨ ᠬᠦ ᠬᠠᠮᠠᠭᠠᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ  ᠬᠠᠤᠯᠢ  ︾ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠤᠯᠢ  ᠶᠢ ᠬᠡᠷᠡᠭᠵᠢᠭᠦᠯᠬᠦ ᠨᠠᠷᠢᠨ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠣᠯ ᠤᠨ ᠭᠤᠯᠳᠤᠷᠢᠯ ᠤᠨ ᠬᠠᠮᠢᠶᠠᠷᠤᠯᠲᠠ ᠶᠢᠨ ᠳᠦᠷᠢᠮ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠢ ᠶᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠤᠰᠤᠭᠠᠷ᠂ ᠪᠥᠬᠦ ᠬᠤᠰᠢᠭᠤᠨ ᠤ ᠬᠡᠪᠴᠢᠶᠡᠨ ᠳᠠᠬᠢ ᠪᠣᠶ ᠪᠦᠬᠦᠢ ᠠᠭᠤᠷᠬᠠᠢ ᠪᠠ ᠭᠤᠣᠯ ᠤᠨ ᠭᠤᠯᠳᠤᠷᠢᠯ ᠠᠴᠠ ᠡᠯᠡᠰᠣ ᠮᠠᠯᠲᠠᠬᠤ ᠠᠵᠤ ᠠᠬᠤᠶᠢᠯᠠᠯ ᠢ ᠪᠥᠬᠦ ᠲᠠᠯ᠎ᠠ ᠪᠠᠷ ᠶᠡᠷᠦᠩᠬᠡᠶᠢᠯᠡᠨ ᠴᠡᠭᠴᠡᠯᠡᠨ ᠵᠠᠰᠠᠵᠤ᠂ ᠬᠠᠤᠯᠢ ᠪᠤᠰᠤ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠭᠤᠣᠯᠳᠠᠯᠭ᠎ᠠ ᠲᠠᠢ ᠴᠣᠬᠢᠯᠲᠠ ᠥᠭᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠳᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠪᠣᠯᠣᠨ ᠬᠤᠷᠢᠭ᠎ᠠ ᠱᠤᠭᠤᠮ ᠤᠨ ᠰᠡᠳᠬᠢᠬᠦᠢ ᠪᠠᠨ ᠨᠡᠮᠡᠭᠳᠡᠭᠦᠯᠦᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠬᠠᠮᠢᠶ᠎ᠠ ᠪᠦᠬᠦᠢ ᠬᠠᠤᠯᠢ ᠬᠡᠷᠡᠭᠵᠢᠭᠦᠯᠬᠦ ᠠᠵᠢᠯ ᠢ ᠴᠢᠩᠭᠠᠳᠬᠠᠨ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠪᠦᠲᠦᠮᠵᠢᠲᠡᠶ ᠴᠣᠬᠢᠯᠲᠠ ᠥᠭᠴᠦ ᠴᠡᠭᠴᠡᠯᠡᠨ ᠵᠠᠰᠠᠵᠤ᠂ ᠮᠠᠨ ᠤ ᠬᠤᠰᠢᠭᠤᠨ ᠤ ᠬᠥᠬᠡᠮᠳᠦᠭ ᠨᠣᠭᠤᠭᠠᠨ ᠠᠭᠤᠯᠠ ᠤᠰᠤ ᠶᠢ  ᠦᠨᠡᠨ ᠬᠦ ᠰᠠᠶᠢᠲᠤᠷ ᠬᠠᠮᠠᠭᠠᠯᠠᠨ᠎ᠠ᠃      ᠬᠤᠶᠠᠷ᠂ ᠠᠵᠢᠯ ᠤᠨ ᠬᠠᠷᠠᠯᠲᠠ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠪᠠᠷ ᠭᠤᠣᠯᠳᠠᠯᠭ᠎ᠠ ᠪᠣᠯᠭᠠᠵᠤ᠂ ᠵᠠᠯᠠᠶᠢᠳ ᠬᠤᠰᠢᠭᠤᠨ ᠤ ᠣᠷᠣᠨ ᠪᠦᠰᠡ ᠶᠢᠨ ᠬᠡᠪᠴᠢᠶᠡᠨ ᠳᠠᠬᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠬᠤ ᠵᠡᠷᠭᠡ ᠦᠶᠯᠡ ᠠᠵᠢᠯᠯᠠᠭ᠎ᠠ ᠶᠢ ᠬᠦᠴᠦᠨ ᠢᠶᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠤᠯᠢ   ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠦᠷᠳᠡᠭᠦᠯᠦᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠰᠠᠶᠢᠨ ᠰᠠᠶᠢᠬᠠᠨ ᠡᠮᠬᠢ ᠳᠢᠭᠯᠢᠮ ᠢ ᠤᠯᠠᠮ ᠨᠢᠭᠡ ᠠᠯᠬᠤᠮ ᠪᠦᠷᠢᠯᠳᠤᠭᠦᠯᠦᠨ᠎ᠡ᠃      ᠭᠤᠷᠪᠠ᠂ ᠠᠵᠢᠯ ᠤᠨ ᠭᠤᠣᠯᠳᠠᠯᠭ᠎ᠠ      ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠣᠯ ᠤᠯᠤᠰ ᠤᠨ ᠥᠮᠴᠢᠯᠡᠯ ᠳᠤ ᠬᠠᠷᠢᠶᠠᠯᠠᠭᠳᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠤ ᠬᠤᠯᠠᠭᠠᠶᠢᠯᠠᠨ ᠮᠠᠯᠲᠠᠬᠤ ᠶᠢ ᠴᠢᠩᠭ᠎ᠠ ᠴᠠᠭᠠᠵᠠᠯᠠᠨ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠶᠠᠮᠠᠷᠪᠠ ᠠᠷᠭ᠎ᠠ ᠬᠡᠯᠪᠡᠷᠢ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠨᠡᠭᠡᠭᠡᠨ ᠮᠠᠯᠲᠠᠵᠤ᠂ ᠡᠵᠡᠯᠡᠵᠤ᠂ ᠬᠤᠳᠠᠯᠳᠤᠭᠠᠯᠠᠵᠤ᠂ ᠡᠪᠳᠡᠵᠦ ᠪᠣᠯᠬᠤ ᠦᠭᠡᠢ᠃      ︵ᠨᠢᠭᠡ︶ ᠮᠠᠨ ᠤ ᠬᠤᠰᠢᠭᠤᠨ ᠤ ᠬᠠᠷᠢᠶ᠎ᠠ ᠣᠷᠣᠨ ᠤ ︽ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ︾ ︽ᠭᠤᠣᠯ ᠤᠨ ᠭᠤᠯᠳᠤᠷᠢᠯ ᠡᠯᠡᠰᠦ ᠮᠠᠯᠲᠠᠬᠤ ᠵᠥᠪᠰᠢᠶᠡᠷᠡᠯ ᠤᠨ ᠦᠨᠡᠮᠯᠡᠯ︾ ᠦᠭᠡᠢ ᠪᠠ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠪᠣᠶ ᠪᠦᠬᠦᠢ ᠠᠭᠤᠷᠬᠠᠢ᠂ ᠡᠯᠡᠰᠦᠨ ᠲᠠᠯᠠᠪᠠᠶ᠂ ᠦᠨᠡᠮᠯᠡᠯ ᠤᠨ ᠵᠥᠪᠰᠢᠶᠡᠷᠡᠯ ᠤᠨ ᠬᠦᠷᠢᠶ᠎ᠡ ᠬᠡᠪᠴᠢᠶ᠎ᠡ ᠨᠢ ᠪᠣᠳᠠᠲᠠᠢ ᠨᠡᠭᠡᠭᠡᠨ ᠮᠠᠯᠲᠠᠬᠤ ᠬᠦᠷᠢᠶ᠎ᠡ ᠬᠡᠪᠴᠢᠶ᠎ᠡ᠂ ᠨᠡᠭᠡᠭᠡᠨ ᠮᠠᠯᠲᠠᠬᠤ ᠠᠷᠭ᠎ᠠ ᠮᠠᠶ᠋ᠢᠭ᠂ ᠨᠡᠭᠡᠭᠡᠨ ᠮᠠᠯᠲᠠᠬᠤ ᠲᠠᠰ ᠳᠠᠪᠬᠤᠷᠭ᠎ᠠ ᠯᠤᠭ᠎ᠠ ᠨᠢᠭᠡᠳᠦᠯ ᠦᠭᠡᠢ ᠵᠢᠴᠢ ᠪᠤᠰᠤᠳ ᠨᠢᠭᠡᠴᠢ ᠪᠠ ᠬᠤᠪᠢ ᠬᠥᠮᠥᠨ ᠤ ᠳᠤᠷ᠎ᠠ ᠪᠠᠷ ᠢᠶᠠᠨ ᠡᠯ᠎ᠡ ᠲᠥᠷᠥᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠨᠡᠷ᠎ᠡ ᠪᠤᠶᠤ ᠬᠡᠯᠪᠡᠷᠢ ᠪᠠᠷ ᠬᠠᠤᠯᠢ ᠪᠤᠰᠤ ᠪᠠᠷ ᠨᠡᠭᠡᠭᠡᠨ ᠮᠠᠯᠲᠠᠭᠰᠠᠨ ᠵᠡᠷᠭᠡ ᠦᠶᠯᠡ ᠠᠵᠢᠯᠯᠠᠭ᠎ᠠ ᠨᠢ ᠴᠥᠮ ᠴᠡᠭᠴᠡᠯᠡᠨ ᠵᠠᠰᠠᠵᠤ ᠴᠣᠬᠢᠯᠲᠠ ᠥᠭᠬᠦ ᠬᠦᠷᠢᠶ᠎ᠡ ᠬᠡᠪᠴᠢᠶᠡᠨ ᠳᠤ ᠪᠠᠭᠲᠠᠨ᠎ᠠ᠃      ︵ᠬᠤᠶᠠᠷ︶ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠵᠤ ᠲᠠᠷᠢᠶᠠᠨ ᠭᠠᠵᠠᠷ᠂ ᠣᠶᠢᠲᠤ ᠭᠠᠵᠠᠷ ᠢ ᠡᠪᠳᠡᠭᠰᠡᠨ ᠪᠤᠶᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠵᠡᠷᠭᠡ ᠨᠡᠷ᠎ᠡ ᠪᠠᠷ ᠬᠠᠶᠢᠷ ᠴᠢᠯᠠᠭᠤ ᠮᠠᠯᠲᠠᠭᠰᠠᠨ᠂ ᠬᠠᠷ᠎ᠠ ᠰᠢᠷᠣᠢ ᠶᠢ ᠬᠤᠯᠠᠭᠠᠶᠢᠯᠠᠨ ᠮᠠᠯᠲᠠᠭᠰᠠᠨ ᠵᠡᠷᠭᠡ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠤᠰᠢᠭᠤᠨ ᠤ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ      ︵ᠨᠢᠭᠡ︶ ᠡᠯ᠎ᠡ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠪᠣᠯᠣᠨ ᠭᠠᠴᠠᠭ᠎ᠠ ᠲᠣᠰᠬᠤᠨ   ᠤ ᠭᠤᠣᠯ ᠬᠠᠷᠢᠭᠤᠴᠠᠯᠭᠠᠲᠠᠨ ᠪᠣᠯ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠳ ᠲᠤ  ᠴᠢᠩᠭ᠎ᠠ ᠴᠣᠬᠢᠯᠲᠠ ᠦᠭᠬᠦ ᠨᠢᠭᠡᠳᠦᠭᠡᠷ ᠢᠯᠡᠷᠡᠭᠦᠯᠦᠭᠴᠢ ᠪᠣᠯᠣᠨ ᠨᠢᠭᠡᠳᠦᠭᠡᠷ ᠮᠡᠳᠡᠭᠦᠯᠦᠭᠴᠢ ᠪᠣᠯᠣᠨ᠎ᠠ᠃ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠬᠠᠤᠯᠢ ᠪᠤᠰᠤ ᠪᠠᠷ ᠠᠭᠤᠷᠬᠠᠢ ᠮᠠᠯᠲᠠᠬᠤ ᠦᠶᠯᠡ ᠠᠵᠢᠯᠯᠠᠭ᠎ᠠ ᠶᠢ ᠵᠢᠭᠰᠠᠭᠠᠨ ᠪᠠᠶᠢᠴᠠᠭᠠᠵᠤ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠶᠢ ᠬᠠᠷᠢᠭᠤᠴᠠᠵᠤ᠂ ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠪᠠ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠢᠯᠡᠷᠡᠭᠦᠯᠦᠭᠰᠡᠨ ᠡᠯ᠎ᠡ ᠲᠥᠷᠥᠯ ᠤᠨ ᠬᠠᠤᠯᠢ ᠪᠤᠰᠤ ᠦᠶᠯᠡ ᠠᠵᠢᠯᠯᠠᠭ᠎ᠠ ᠶᠢ ᠬᠠᠮᠤᠭ ᠤᠨ ᠲᠡᠷᠢᠭᠦᠨ ᠳᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠬᠡᠷᠡᠭ ᠤᠨ ᠰᠦᠪᠡᠭᠴᠢ ᠶᠢ ᠳᠡᠭᠡᠭᠰᠢ ᠮᠡᠳᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠵᠢᠴᠢ ᠬᠡᠷᠡᠭ ᠢ ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠤᠨ᠎ᠠ᠃       ︵ᠬᠤᠶᠠᠷ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠦᠷᠦᠭᠦᠯᠡᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠬᠤᠰᠢᠭᠤᠨ ᠤ ᠳᠣᠲᠣᠷᠠᠬᠢ ᠠᠭᠤᠷᠬᠠᠢ ᠶᠢᠨ ᠠᠵᠤ ᠠᠬᠤᠶᠢᠯᠠᠯ ᠳᠤ ᠨᠢᠭᠡ ᠨᠢᠭᠡ ᠪᠠᠷ ᠬᠢᠨᠠᠨ ᠪᠠᠶᠢᠴᠠᠭᠠᠯᠲᠠ ᠬᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠰᠢᠭᠤᠨ ᠳᠣᠲᠣᠷᠠᠬᠢ ᠦᠢᠯᠡᠳᠪᠦᠷᠢᠯᠡᠯ ᠠᠮᠢᠳᠤᠷᠠᠯ ᠤᠨ ᠲᠦᠭᠦᠭᠡᠷᠠᠮᠵᠢᠳᠣ ᠲᠠᠷᠢᠶᠠᠯᠠᠩ ᠢ ᠰᠢᠨ᠎ᠡ ᠪᠠᠷ ᠪᠠᠶᠢᠭᠤᠯᠬᠤ᠂ ᠥᠷᠭᠡᠳᠬᠡᠨ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠶᠢ ᠣᠯᠵᠤ ᠮᠡᠳᠡᠪᠡᠯ᠂ ᠲᠡᠳᠡᠨ ᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠳᠠᠩᠰᠠᠯᠠᠭᠤᠯᠬᠤ ᠭᠠᠷᠳᠠᠮ ᠢ ᠭᠦᠢᠴᠡᠳᠬᠡᠬᠦ ᠳᠤ ᠬᠢᠨᠠᠯᠲᠠ ᠲᠠᠯᠪᠢᠬᠤ ᠶᠢᠨ ᠬᠠᠮᠲᠤ ᠂ ᠰᠤᠮᠤ ᠰᠢᠶᠠᠩ ᠪᠠᠯᠭᠠᠰᠤ ᠶᠢᠨ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠤᠳᠤᠷᠢᠳᠤᠯᠭ᠎ᠠ ᠶᠢ ᠴᠢᠩᠭᠠᠳᠬᠠᠵᠤ ᠂ ᠡᠭᠦᠷᠭᠡ ᠴᠢᠳᠠᠪᠬᠢ ᠶᠢᠨ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠲᠤᠬᠠᠢ ᠶᠢᠨ ᠲᠠᠯᠠᠪᠤᠷ ᠲᠤ ᠬᠠᠶᠢᠨ ᠬᠡᠮᠵᠢᠬᠦ ᠂ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠨ᠎ᠠ᠃     ︵ᠭᠤᠷᠪᠠ︶ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠦᠷᠦᠭᠦᠯᠡᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠪᠦᠬᠦ ᠬᠤᠰᠢᠭᠤᠨ ᠤ ᠡᠯᠡᠰᠦ ᠮᠠᠯᠲᠠᠬᠤ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠤᠰᠢᠭᠤᠨ ᠳᠣᠲᠣᠷᠠᠬᠢ ᠭᠤᠣᠯ ᠤᠨ ᠭᠤᠯᠳᠤᠷᠠᠯ ᠳᠤ ᠬᠤᠷᠠᠭᠰᠠᠨ ᠬᠤᠭ ᠨᠤᠪᠰᠢ ᠶᠢ ᠴᠡᠪᠡᠷᠯᠡᠬᠦ ᠪᠤᠶᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠠᠴᠠ ᠪᠣᠯᠵᠤ ᠮᠠᠲ᠋ᠧᠷᠢᠶᠠᠯ ᠠᠪᠬᠤ ᠲᠠᠯᠠᠪᠠᠶ ᠪᠠᠶᠢᠭᠤᠯᠬᠤ ᠳᠤ ᠬᠦᠷᠪᠡᠯ᠂ ᠡᠷᠬᠡᠪᠰᠢ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤ ᠬᠢᠨᠠᠨ ᠵᠥᠪᠰᠢᠶᠡᠷᠡᠬᠦᠯᠬᠦ ᠪᠤᠶᠤ ᠳᠠᠩᠰᠠᠯᠠᠭᠤᠯᠬᠤ ᠭᠠᠷᠳᠠᠮ ᠢ ᠭᠦᠢᠴᠡᠳᠬᠡᠵᠦ᠂ ᠬᠠᠤᠯᠢ ᠪᠤᠰᠤ ᠪᠠ ᠬᠠᠤᠯᠢ ᠠᠴᠠ ᠵᠥᠷᠢᠴᠡᠨ ᠡᠯᠡᠰᠦ ᠮᠠᠯᠲᠠᠭᠰᠠᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠬᠢᠷᠢ ᠬᠡᠮ ᠲᠠᠢ ᠮᠡᠷᠭᠡᠵᠢᠯ ᠤᠨ ᠨᠢᠭᠡᠴᠢ ᠶᠢ ᠵᠣᠬᠢᠶᠠᠨ ᠪᠠᠶᠢᠭᠤᠯᠵᠤ ᠲᠤᠬᠠᠢ ᠶᠢᠨ ᠲᠠᠯᠠᠪᠤᠷ ᠲᠤ ᠬᠠᠶᠢᠨ ᠬᠡᠮᠵᠢᠯᠲᠡ᠂ ᠬᠢᠨᠠᠨ ᠲᠣᠭᠲᠠᠭᠠᠯᠲᠠ ᠬᠢᠯᠭᠡᠨ᠎ᠡ᠃      ︵ᠳᠥᠷᠪᠡ︶ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠥᠬᠦ ᠬᠤᠰᠢᠭᠤᠨ ᠤ ᠬᠡᠪᠴᠢᠶᠡᠨ ᠳᠠᠬᠢ  ᠤᠢ ᠰᠢᠭᠤᠢ᠂ ᠨᠤᠳᠤᠭ ᠪᠡᠯᠴᠢᠭᠡᠷ ᠢ ᠲᠣᠭᠤᠷᠢᠨ ᠪᠠᠶᠢᠴᠠᠭᠠᠵᠤ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠤᠢ ᠰᠢᠭᠤᠢ᠂ ᠨᠤᠳᠤᠭ ᠪᠡᠯᠴᠢᠭᠡᠷ ᠤᠨ ᠬᠠᠤᠯᠢ ᠠᠴᠠ ᠵᠥᠷᠢᠴᠡᠨ ᠡᠵᠡᠯᠡᠵᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠮᠠᠯᠲᠠᠬᠤ ᠶᠢ ᠴᠠᠭᠠᠵᠠᠯᠠᠨ᠎ᠠ᠃     ︵ᠲᠠᠪᠤ︶ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠡᠪᠡᠰᠦ ᠪᠡᠯᠴᠢᠭᠡᠷ ᠤᠨ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠪᠠᠶᠢᠴᠠᠭᠠᠬᠤ᠂ ᠬᠡᠷᠡᠭ ᠪᠣᠯᠭᠠᠨ ᠳᠠᠩᠰᠠᠯᠠᠬᠤ ᠪᠠ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢ ᠬᠠᠷᠢᠭᠤᠴᠠᠨ᠎ᠠ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠴᠠᠭ ᠲᠤᠬᠠᠢ ᠳᠤᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠥᠭᠴᠦ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃     ︵ᠵᠢᠷᠭᠤᠭ᠎ᠠ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ ᠳᠤ ᠢᠳᠡᠪᠬᠢᠲᠡᠢ ᠬᠠᠮᠵᠢᠯᠴᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠳᠤᠭ ᠪᠡᠯᠴᠢᠭᠡᠷ ᠤᠨ ᠤᠰᠤᠨ ᠠᠰᠢᠭᠯᠠᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠰᠢᠯᠵᠢᠭᠦᠯᠦᠨ ᠬᠦᠷᠭᠡᠭᠰᠡᠨ ᠶᠠᠯᠠᠲᠤ ᠬᠡᠷᠡᠭ ᠲᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ ᠲᠤᠷᠰᠢᠨ ᠪᠠᠶᠢᠴᠠᠭᠠᠵᠤ᠂ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ ︽ᠡᠯᠡᠰᠦᠨ ᠤ ᠡᠵᠡᠷᠬᠡᠭᠴᠢ︾ ︽ᠠᠭᠤᠷᠬᠠᠢ ᠶᠢᠨ ᠡᠵᠡᠷᠬᠡᠭᠴᠢ︾ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠬᠤᠯᠠᠭᠠᠶᠢᠯᠠᠨ ᠮᠠᠯᠲᠠᠭᠰᠠᠨ ᠬᠦᠷᠢᠶ᠎ᠡ ᠴᠠᠷᠠᠭ᠎ᠠ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠶᠠᠯᠠᠲᠤ ᠠᠵᠢᠯᠯᠠᠭ᠎ᠠ ᠶᠢ ᠴᠢᠩᠭ᠎ᠠ ᠪᠠᠶᠢᠴᠠᠭᠠᠨ᠎ᠠ  ᠃     ︵ᠳᠣᠯᠤᠭ᠎ᠠ︶ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ ᠶᠢᠨ ᠬᠢᠨ ᠵᠠᠮ ᠬᠠᠷᠢᠯᠴᠠᠭᠠᠨ ᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠤᠰᠤ ᠪᠠᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠭᠡᠷᠡᠴᠢ ᠪᠠᠷᠢᠮᠲᠠ ᠶᠢ ᠲᠣᠭᠲᠠᠪᠤᠷᠢᠵᠢᠭᠤᠯᠬᠤ ᠶᠢᠨ ᠬᠠᠮᠲᠤ ᠴᠠᠭ ᠲᠤᠬᠠᠢ ᠳᠤᠨᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠳᠤᠭ ᠪᠡᠯᠴᠢᠭᠡᠷ ᠤᠰᠤᠨ ᠠᠰᠢᠭᠯᠠᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠮᠢ ᠠᠬᠤᠢ ᠣᠷᠴᠢᠨ ᠲᠣᠭᠤᠷᠢᠨ ᠢᠳᠡᠭᠡᠨ ᠪᠠ ᠡᠮ ᠤᠨ ᠵᠦᠢᠯᠡᠰ ᠤᠨ ᠶᠠᠯᠠᠲᠤ ᠠᠵᠢᠯᠯᠠᠭ᠎ᠠ ᠶᠢ ᠲᠤᠷᠰᠢᠨ ᠪᠠᠶᠢᠴᠠᠭᠠᠬᠤ ᠶᠡᠭᠡ ᠠᠩᠭᠢ ᠲᠠᠢ ᠬᠠᠷᠢᠯᠴᠠᠨ ᠬᠠᠷᠢᠭᠤ ᠲᠤᠰᠬᠠᠨ᠎ᠠ᠃     ︵ᠨᠠᠢᠮᠠ︶ ᠬᠤᠰᠢᠭᠤᠨ ᠤ ᠵᠠᠮ ᠬᠠᠷᠢᠯᠴᠠᠭᠠᠨ ᠤ ᠲᠣᠪᠴᠢᠶ᠎ᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ  ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠡᠲᠦᠷᠡᠲᠡᠯ᠎ᠡ ᠠᠴᠢᠶᠠᠯᠠᠭᠰᠠᠨ  ᠲᠡᠷᠭᠡ  ᠬᠦᠰᠭᠡ ᠶᠢ ᠣᠯᠵᠤ ᠮᠡᠳᠡᠪᠡᠯ᠂ ᠴᠠᠭ ᠲᠤᠬᠠᠢ ᠳᠤᠨᠢ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠨᠤᠳᠤᠭ ᠪᠡᠯᠴᠢᠭᠡᠷ ᠤᠰᠤᠨ ᠠᠰᠢᠭᠯᠠᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠰᠦᠪᠡᠭᠴᠢ ᠮᠡᠳᠡᠭᠦᠯᠬᠦ ᠬᠡᠷᠡᠭᠲᠡᠢ  ᠃     ︵ᠶᠢᠰᠦ︶ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠭᠤᠷᠬᠠᠢ ᠳᠤ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠬᠦ ᠶᠠᠪᠤᠴᠠ ᠳᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠤᠯᠠᠭᠠᠶᠢᠯᠠᠨ ᠮᠠᠯᠲᠠᠭᠰᠠᠨ ᠦᠶᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ ᠲᠡᠷᠡ ᠳᠠᠷᠤᠢ ᠳᠤᠨᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠢ ᠡᠪᠡᠰᠦ ᠪᠡᠯᠴᠢᠭᠡᠷ ᠤᠰᠤᠨ ᠠᠰᠢᠭᠯᠠᠯᠲᠠ ᠶᠢᠨ ᠶᠡᠷᠦᠩᠬᠡᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠮᠡᠳᠡᠭᠳᠡᠵᠦ ᠪᠠᠶᠢᠴᠠᠭᠠᠨ ᠰᠢᠢᠳᠪᠦᠷᠢᠯᠡᠨ᠎ᠡ᠃     ︵ᠠᠷᠪᠠ︶ ᠬᠢᠩᠭᠠᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠬᠤᠪᠢᠶᠠᠷᠢ ᠲᠣᠪᠴᠢᠶ᠎ᠠ ᠬᠠᠤᠯᠢ ᠠᠴᠠ ᠵᠥᠷᠢᠴᠡᠨ ᠠᠭᠤᠷᠬᠠᠢ ᠮᠠᠯᠲᠠᠵᠤ ᠣᠷᠴᠢᠨ ᠲᠣᠭᠤᠷᠢᠨ ᠢ ᠡᠪᠳᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠠᠤᠯᠢ ᠪᠤᠰᠤ ᠪᠠᠷ ᠬᠠᠤᠯᠢ ᠠᠴᠠ ᠵᠥᠷᠢᠴᠡᠨ ᠠᠭᠤᠷᠬᠠᠢ ᠮᠠᠯᠲᠠᠭᠰᠠᠨ   ᠠᠴᠠ ᠪᠣᠯᠤᠭᠰᠠᠨ ᠠᠮᠢ ᠠᠬᠤᠢ ᠶᠢᠨ ᠡᠪᠳᠡᠭᠳᠡᠯ ᠪᠠ ᠣᠷᠴᠢᠨ ᠲᠣᠭᠤᠷᠢᠨ ᠤ ᠪᠣᠬᠢᠷᠲᠤᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃     ︵ᠠᠷᠪᠠᠨ ᠨᠢᠭᠡ︶ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠠᠵᠢᠯ ᠢᠶᠠᠨ ᠵᠣᠯᠭᠠᠭᠤᠯᠬᠤ ᠪᠠᠨ ᠴᠢᠩᠭᠠᠳᠬᠠᠵᠤ᠂ ᠤᠯᠤᠰ ᠤᠨ ᠠᠯᠪᠠᠨ ᠲᠤᠰᠢᠶᠠᠯᠲᠠᠨ ᠪᠠ ᠭᠠᠴᠠᠭ᠎ᠠ ᠲᠣᠰᠬᠤᠨ ᠤ ︽ᠬᠤᠶᠠᠷ ᠵᠥᠪᠯᠡᠯ︾ ᠤᠨ ᠺᠠᠳ᠋ᠷᠴᠤᠳ ᠤᠨ ᠬᠠᠤᠯᠢ ᠪᠤᠰᠤ ᠪᠠᠷ ᠠᠭᠤᠷᠬᠠᠢ ᠮᠠᠯᠲᠠᠬᠤ ᠠᠵᠢᠯᠯᠠᠭ᠎ᠠ ᠳᠤ ᠣᠷᠣᠯᠴᠠᠭᠰᠠᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠳᠤ ᠰᠢᠯᠵᠢᠭᠦᠯᠦᠨ ᠬᠦᠷᠭᠡᠵᠦ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠴᠠ ᠬᠠᠤᠯᠢ ᠲᠣᠭᠲᠠᠭᠠᠯ ᠰᠠᠬᠢᠯᠭ᠎ᠠ ᠪᠠᠲᠤ ᠶᠢᠨ ᠶᠣᠰᠣᠭᠠᠷ ᠴᠢᠩᠭ᠎ᠠ ᠰᠢᠢᠳᠪᠦᠷᠢᠯᠡᠨ᠎ᠡ᠃       ᠲᠠᠪᠤ᠂  ᠠᠵᠢᠯ ᠤᠨ ᠱᠠᠭᠠᠷᠳᠠᠯᠭ᠎ᠠ       ︵ᠨᠢᠭᠡ︶ ᠦᠵᠡᠯ ᠰᠠᠨᠠᠭ᠎ᠠ ᠪᠠᠨ ᠨᠢᠭᠡᠳᠬᠡᠵᠦ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠤ ᠠᠵᠢᠯ ᠤᠨ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠶᠡᠭᠡ ᠲᠠᠯ᠎ᠠ ᠶᠢᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠠᠵᠢᠯᠯᠠᠭ᠎ᠠ ᠶᠢᠨ ᠬᠠᠷᠠᠯᠲᠠ ᠡᠭᠦᠷᠭᠡ ᠶᠢ ᠣᠨᠣᠪᠴᠢᠲᠠᠶ ᠡᠵᠡᠮᠳᠡᠵᠦ᠂ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃      ︵ᠬᠤᠶᠠᠷ︶ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠳᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠨᠢᠭᠡᠴᠢ ᠶᠢᠨ ᠬᠢᠨ ᠵᠣᠬᠢᠴᠠᠭᠤᠯᠭ᠎ᠠ ᠨᠡᠪᠲᠡᠷᠡᠯᠴᠡᠭᠡ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ︽ᠡᠷᠲᠡ ᠠᠴᠠ ᠢᠯᠡᠷᠡᠭᠦᠯᠬᠦ᠂ ᠡᠷᠲᠡ ᠠᠴᠠ ᠬᠤᠷᠢᠭᠯᠠᠬᠤ᠂ ᠴᠢᠩᠭ᠎ᠠ ᠪᠠᠶᠢᠴᠠᠭᠠᠨ ᠰᠢᠢᠳᠪᠦᠷᠢᠯᠡᠬᠦ︾ ᠶᠢ ᠪᠠᠷᠢᠮᠲᠠᠯᠠᠵᠤ᠂ ᠬᠦᠴᠦᠷᠬᠡᠭ ᠶᠡᠭᠡ  ᠬᠠᠮᠳᠤᠷᠠᠯ ᠤᠨ ᠬᠦᠴᠦᠨ ᠢ ᠪᠦᠷᠢᠯᠳᠦᠭᠦᠯᠵᠦ᠂ ᠬᠠᠮᠲᠤᠪᠠᠷ ᠰᠡᠷᠭᠡᠶᠢᠯᠡᠨ ᠡᠵᠡᠮᠳᠡᠵᠦ  ᠴᠢᠩᠭ᠎ᠠ ᠴᠣᠬᠢᠯᠲᠠ ᠥᠭᠬᠦ ᠬᠡᠷᠡᠭᠲᠡᠢ᠃      ︵ᠭᠤᠷᠪᠠ︶ ᠰᠠᠬᠢᠯᠭ᠎ᠠ ᠪᠠᠲᠤ ᠶᠢ ᠴᠢᠩᠳᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠬᠡᠷᠡᠭᠲᠡᠢ᠃ ᠡᠯ᠎ᠡ ᠨᠢᠭᠡᠴᠢ ᠨᠦᠭᠦᠳ ᠠᠵᠢᠯ ᠤᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ ᠠᠵᠢᠯ ᠢᠶᠠᠨ ᠥᠷᠨᠢᠭᠦᠯᠵᠦ᠂ ᠬᠠᠷᠢᠶ᠎ᠠ ᠣᠷᠣᠨ ᠤ ᠬᠠᠮᠢᠶᠠᠷᠤᠯᠲᠠ ᠪᠠ ᠠᠵᠢᠯ ᠲᠥᠷᠥᠯ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠤᠯᠢ ᠶᠢ ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠪᠠᠷ ᠬᠠᠤᠯᠢ ᠬᠡᠷᠡᠭᠵᠢᠭᠦᠯᠦᠨ᠂ ᠬᠠᠤᠯᠢ ᠶᠣᠰᠣᠭᠠᠷ ᠬᠡᠷᠡᠭ ᠰᠢᠢᠳᠪᠦᠷᠢᠯᠡᠵᠦ᠂ ᠬᠠᠤᠯᠢ ᠶᠢ ᠬᠡᠷᠡᠭᠵᠢᠭᠦᠯᠵᠦ ᠪᠠᠶᠢᠭᠠᠳ ᠬᠠᠤᠯᠢ ᠶᠢ ᠵᠥᠷᠢᠴᠡᠬᠦ᠂ ᠬᠠᠤᠯᠢ ᠶᠢ ᠬᠡᠷᠡᠭᠵᠢᠭᠦᠯᠵᠦ ᠪᠠᠶᠢᠭᠠᠳ ᠢᠯᠵᠢᠷᠠᠯ ᠤᠨ ᠦᠶᠯᠡ ᠠᠵᠢᠯᠯᠠᠭ᠎ᠠ   ᠭᠠᠷᠭᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃                                  2023 ᠣᠨ ᠤ 5 ᠰᠠᠷ᠎ᠠ ᠶᠢᠨ 15 ᠤ ᠡᠳᠣᠷ        
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号