ᠵᠠᠯᠠᠶᠢᠳ ᠬᠤᠰᠢᠭᠤᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/7/11
  ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ  ᠪᠠᠶᠢᠭᠤᠯᠭ᠎ᠠ ᠨᠢᠭᠡᠴᠢ ᠳᠤ᠄     ᠠᠵᠢᠯᠲᠠᠨ ᠤ ᠬᠤᠪᠢᠷᠠᠯᠲᠠ ᠶᠢᠨ ᠪᠠᠶᠢᠳᠠᠯ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠤᠳᠤᠯᠤᠯᠲᠠ ᠪᠠᠷ ᠳᠡᠮᠵᠢᠨ᠂ ᠵᠠᠯᠠᠶᠢᠳ ᠬᠤᠰᠢᠭᠤᠨ ᠤ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠳᠤ ᠲᠣᠬᠢᠷᠠᠭᠤᠯᠤᠯᠲᠠ ᠬᠢᠬᠦ ᠪᠠᠷ ᠲᠣᠭᠲᠠᠪᠠ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃     ᠨᠢᠭᠡ᠂ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ     ᠳᠤᠭᠤᠶᠢᠯᠠᠩ ᠤᠨ ᠳᠠᠷᠤᠭ᠎ᠠ᠄ ᠴᠢ ᠯᠢᠨ  ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ     ᠳᠤᠭᠤᠶᠢᠯᠠᠩ ᠤᠨ ᠳᠡᠳ᠋ ᠳᠠᠷᠤᠭ᠎ᠠ᠄ ᠮᠧᠩ ᠰᠢᠶᠠᠩ ᠢᠦᠢ   ᠬᠤᠰᠢᠭᠤᠨ ᠤ ᠳᠡᠳ᠋ ᠳᠠᠷᠤᠭ᠎ᠠ     ᠪᠦᠷᠢᠯᠳᠦᠭᠦᠨ᠄ ᠵᠠᠩ ᠸᠧᠢ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠤᠰᠢᠶᠠᠯ ᠬᠠᠪᠰᠤᠷᠭᠠᠬᠤ ᠳᠡᠳ᠋ ᠡᠷᠬᠢᠯᠡᠭᠴᠢ       ᠯᠢ ᠵᠠᠨ ᠱᠧᠩ  ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠭᠠᠳᠠᠭᠠᠳᠤ ᠤᠬᠠᠭᠤᠯᠭ᠎ᠠ ᠶᠢᠨ ᠠᠯᠪᠠᠨ ᠭᠡᠷ ᠤᠨ ᠡᠷᠬᠢᠯᠡᠭᠴᠢ      ᠵᠠᠩ ᠰᠢ ᠺᠦᠢ   ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠲᠣᠪᠴᠢᠶᠠᠨ ᠤ ᠳᠠᠷᠤᠭ᠎ᠠ     ᠫᠠᠨ ᠪᠥᠸᠧ    ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ ᠶᠢᠨ ᠲᠣᠪᠴᠢᠶᠠᠨ ᠤ ᠳᠠᠷᠤᠭ᠎ᠠ     ᠵᠧᠦ ᠭᠦᠸᠧ ᠪᠢᠨ   ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡᠯᠡᠯᠲᠡ ᠶᠢᠨ ᠲᠤᠪᠴᠢᠶ᠎ᠠ ᠶᠢᠨ ᠲᠣᠪᠴᠢᠶᠠᠨ ᠤ ᠳᠠᠷᠤᠭ᠎ᠠ     ᠳ᠋ᠦᠩ ᠸᠧᠢ ᠹᠧᠩ   ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠲᠣᠪᠴᠢᠶᠠᠨ ᠤ ᠳᠠᠷᠤᠭ᠎ᠠ     ᠯᠢ ᠰᠢᠤᠸᠠᠢ ᠱᠠᠨ  ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠲᠣᠪᠴᠢᠶᠠᠨ ᠤ ᠳᠠᠷᠤᠭ᠎ᠠ     ᠰᠦᠨ ᠵᠢᠶᠠᠨ  ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠭᠡᠷ ᠤᠨ ᠡᠷᠬᠢᠯᠡᠭᠴᠢ     ᠵᠣᠣ ᠹᠧᠩ ᠵᠢᠶᠠᠩ  ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ     ᠵᠦ ᠮᠠᠨᠳᠠ  ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ ᠶᠢᠨ ᠲᠣᠪᠴᠢᠶᠠᠨ ᠤ ᠲᠡᠳ᠋ ᠳᠠᠷᠤᠭ᠎ᠠ    ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠪᠠᠶᠢᠭᠤᠯᠵᠤ᠂ ᠠᠯᠪᠠᠨ ᠭᠡᠷ ᠢ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︵ᠪᠥᠬᠦ ᠬᠤᠰᠢᠭᠤᠨ ᠤ ︽ᠰᠢᠮ᠎ᠡ ᠲᠡᠵᠢᠭᠡᠯ ᠤᠨ ᠠᠯᠪᠠᠨ ᠭᠡᠷ︾ ᠭᠡᠵᠦ ᠲᠣᠪᠴᠢᠯᠠᠨ᠎ᠠ︶ ᠳᠤ ᠲᠣᠬᠢᠷᠠᠭᠤᠯᠤᠨ᠂ ᠡᠷᠬᠢᠯᠡᠭᠴᠢ ᠶᠢᠨ ᠲᠤᠰᠢᠶᠠᠯ ᠢ ᠵᠠᠩ ᠰᠢ ᠺᠦᠢ ᠨᠥᠬᠦᠷ ᠬᠠᠪᠰᠤᠷᠭᠠᠨ ᠬᠠᠷᠢᠭᠤᠴᠠᠵᠤ᠂ ᠳᠡᠳ᠋ ᠡᠷᠬᠢᠯᠡᠭᠴᠢ ᠶᠢᠨ ᠲᠤᠰᠢᠶᠠᠯ ᠢ ᠵᠦ  ᠮᠠᠨᠳᠠ ᠨᠥᠬᠦᠷ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠠᠵᠢᠯᠲᠠᠨ ᠢ ᠡᠯ᠎ᠡ ᠪᠦᠷᠢᠯᠳᠦᠭᠦᠨ ᠨᠢᠭᠡᠴᠢ ᠠᠴᠠ ᠰᠣᠩᠭᠤᠨ ᠲᠣᠬᠢᠷᠠᠭᠤᠯᠤᠨ᠎ᠠ᠃     ᠬᠤᠶᠠᠷ᠂ ᠠᠵᠢᠯ ᠤᠨ ᠡᠭᠦᠷᠭᠡ ᠬᠠᠷᠢᠭᠤᠴᠠᠯᠭ᠎ᠠ     ᠨᠢᠭᠡ᠂ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠲᠦᠷᠦᠭᠦᠯᠡᠨ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠵᠢᠭᠦᠯᠬᠦ ᠲᠥᠰᠥᠯ ᠢ ᠲᠡᠭᠦᠯᠳᠡᠷᠵᠢᠭᠦᠯᠵᠦ᠂ ᠬᠠᠮᠢᠶᠠᠷᠤᠯᠲᠠ ᠶᠢᠨ ᠲᠣᠭᠲᠠᠴᠠ ᠪᠠ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠬᠤᠭᠤᠯᠠᠨ ᠭᠡᠷ ︵ᠲᠣᠭᠤᠭᠠᠨ ᠭᠡᠷ︶ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠬᠤᠭᠤᠯᠠ ᠬᠠᠩᠭᠠᠬᠤ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠯᠪᠣᠭᠳᠠᠯ ᠪᠦᠬᠦᠢ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢ ᠦᠷᠨᠢᠭᠦᠯᠵᠦ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠱᠠᠯᠠᠪᠳᠠᠭᠤᠯᠤᠨ ᠭᠦᠢᠴᠡᠳᠭᠡᠨ᠎ᠡ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠠᠢ ᠬᠠᠮᠵᠢᠯᠴᠠᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠥᠮᠦᠵᠢᠯ᠂ ᠬᠤᠭᠤᠯᠠ ᠤᠮᠳᠠ ᠶᠢᠨ ᠵᠢᠯᠣᠭᠤᠳᠤᠯᠭ᠎ᠠ ᠪᠠ ᠰᠤᠷᠤᠭᠴᠢᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠨᠠᠨ ᠬᠡᠮᠵᠢᠯᠲᠡ ᠦᠨᠡᠯᠡᠯᠲᠡ ᠶᠢ ᠥᠷᠨᠢᠭᠦᠯᠦᠨ᠎ᠡ᠃ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠢᠳᠡᠭᠡᠨ ᠤᠮᠳᠠᠭᠠᠨ ᠤ ᠠᠮᠤᠷ ᠲᠦᠪᠰᠢᠨ ᠤ ᠡᠳᠦᠷ ᠲᠤᠲᠤᠮ ᠤᠨ ᠬᠠᠮᠢᠶᠠᠷᠤᠯᠲᠠ ᠪᠠ ᠢᠳᠡᠭᠡᠨ ᠤᠮᠳᠠᠭᠠᠨ ᠤ ᠠᠮᠤᠷ ᠲᠦᠪᠰᠢᠨ ᠤ ᠰᠤᠷᠭᠠᠨ ᠭᠦᠮᠦᠵᠢᠯ ᠢ ᠴᠢᠩᠭᠠᠳᠬᠠᠵᠤ᠂ ᠰᠤᠷᠭᠠᠭᠤᠯᠢ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ ᠪᠥᠬᠦ ᠶᠠᠪᠤᠴᠠ ᠶᠢᠨ ᠲᠤᠬᠠᠢ ᠶᠢᠨ ᠴᠠᠭ ᠤᠨ ᠸᠢᠳᠢᠤ᠋ ᠬᠢᠨᠠᠨ ᠡᠵᠡᠮᠳᠡᠬᠦ ᠪᠠᠷ ᠰᠠᠭᠤᠷᠢ ᠪᠣᠯᠭᠠᠭᠰᠠᠨ ᠡᠳᠦᠷ ᠲᠤᠲᠤᠮ ᠤᠨ ᠬᠢᠨᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠯᠧᠺᠲᠷᠣᠨ ᠢᠶᠠᠷ ᠪᠠᠷᠠᠭ᠎ᠠ ᠰᠢᠯᠭᠠᠬᠤ᠂ ᠢᠯᠡ ᠪᠠᠷ ᠨᠡᠶᠢᠲᠡᠯᠡᠬᠦ᠂ ᠠᠦ᠋ᠲ᠋ᠣ᠋ ᠲᠠᠩᠰᠠ ᠮᠡᠳᠡᠭᠦᠯᠬᠦ ᠵᠡᠷᠭᠡ ᠴᠢᠳᠠᠮᠵᠢ ᠶᠢ ᠠᠯᠬᠤᠮ ᠠᠯᠬᠤᠮ ᠢᠶᠠᠷ ᠳᠡᠭᠦᠯᠳᠡᠷᠵᠢᠭᠦᠯᠦᠨ᠎ᠡ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢ ᠵᠢᠯᠣᠭᠤᠳᠤᠨ ᠡᠷᠡᠭᠦᠯ ᠮᠡᠨᠳᠦ ᠶᠢᠨ ᠬᠥᠮᠦᠵᠢᠯ᠂ ᠬᠥᠳᠡᠯᠮᠦᠷᠢ ᠶᠢᠨ ᠬᠥᠮᠦᠵᠢᠯ᠂ ᠠᠴᠢ ᠬᠠᠷᠢᠭᠤᠯᠠᠬᠤ ᠬᠥᠮᠦᠵᠢᠯ ᠵᠡᠷᠭᠡ ᠶᠢ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠪᠥᠬᠦ ᠶᠠᠪᠤᠴᠠ ᠳᠤ ᠠᠭᠤᠰᠬᠠᠨ ᠣᠷᠣᠭᠤᠯᠤᠨ᠎ᠠ᠃      ᠬᠤᠶᠠᠷ᠂ ᠬᠤᠰᠢᠭᠤᠨ   ᠤ ᠡᠳ᠋ ᠤᠨ ᠵᠠᠰᠠᠭ ᠤᠨ ᠰᠠᠯᠠᠭ᠎ᠠ ᠮᠥᠴᠢᠷ ᠣᠯᠠᠨ ᠨᠡᠶᠢᠲᠡ ᠶᠢᠨ ᠡᠳ᠋ ᠤᠨ ᠵᠠᠰᠠᠭ ᠤᠨ ᠡᠭᠦᠷᠭᠡ ᠴᠢᠳᠠᠪᠬᠢ ᠶᠢ ᠭᠦᠢᠴᠡᠳ ᠪᠠᠳᠠᠷᠠᠭᠤᠯᠵᠤ᠂ ᠬᠠᠮᠢᠶ᠎ᠠ ᠪᠦᠬᠦᠢ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃     ᠭᠤᠷᠪᠠ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠥᠳᠡᠭᠡ ᠲᠣᠰᠬᠤᠨ ᠤ ᠰᠤᠷᠭᠠᠭᠤᠯᠢ ᠶᠢᠨ ᠬᠤᠭᠤᠯᠠ ᠬᠠᠩᠭᠠᠬᠤ ᠨᠥᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠦᠨ᠎ᠡ ᠬᠠᠩᠰᠢ ᠶᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠭᠤᠭᠴᠤᠭᠠᠨ ᠳᠠᠬᠢ ᠵᠠᠷᠤᠳᠠᠯ ᠢ ᠪᠠᠭᠤᠷᠠᠭᠤᠯᠬᠤ ᠠᠵᠢᠯ ᠢ ᠲᠦᠯᠬᠢᠨ ᠠᠬᠢᠭᠤᠯᠤᠨ᠎ᠠ᠃ ᠬᠤᠰᠢᠭᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠢᠮ᠎ᠡ ᠲᠡᠵᠢᠭᠡᠯ ᠲᠠᠢ ᠢᠳᠡᠭᠡᠨ ᠤ ᠵᠠᠷᠤᠳᠠᠯ ᠢ ᠬᠤᠪᠢᠶᠠᠨ ᠡᠭᠦᠷᠭᠡᠯᠡᠬᠦ ᠲᠣᠭᠲᠠᠴᠠ ᠶᠢ ᠬᠡᠷᠡᠭᠵᠢᠭᠦᠯᠵᠦ ᠪᠠᠶᠢᠭ᠎ᠠ ᠭᠠᠵᠠᠷ ᠣᠷᠣᠨ ᠪᠠ ᠰᠤᠷᠭᠠᠭᠤᠯᠢ ᠶᠢ ᠵᠢᠯᠤᠭᠤᠳᠴᠤ᠂ ᠬᠤᠭᠤᠯᠠᠨ ᠤ ᠵᠠᠷᠤᠳᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠰᠲᠠᠢ ᠲᠣᠭᠲᠠᠭᠠᠬᠤ ᠶᠢᠨ ᠬᠠᠮᠲᠤ ᠳᠤᠮᠳᠠᠳᠤ ᠪᠠᠭ᠎ᠠ ᠰᠤᠷᠭᠠᠭᠤᠯᠢ ᠶᠢᠨ ᠦᠢᠯᠡᠴᠢᠯᠡᠭᠡᠨ ᠤ ᠴᠢᠨᠠᠷᠲᠠᠢ ᠰᠦᠢᠳᠬᠡᠯ ᠬᠤᠷᠢᠶᠠᠬᠤ ᠪᠠ ᠣᠷᠣᠯᠠᠨ ᠰᠦᠢᠳᠬᠡᠯ ᠬᠤᠷᠢᠶᠠᠬᠤ ᠬᠠᠮᠢᠶᠠᠷᠤᠯᠲᠠ ᠳᠤ ᠣᠷᠣᠭᠤᠯᠤᠨ᠎ᠠ᠃      ᠳᠥᠷᠪᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠠᠴᠠ ᠰᠤᠷᠭᠠᠭᠤᠯᠢ ᠶᠢᠨ ᠲᠤᠭᠳᠠᠭᠰᠠᠨ ᠬᠤᠳᠠᠯᠳᠤᠨ ᠠᠪᠬᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠭᠤᠭᠴᠤᠭ᠎ᠠ ᠶᠢᠨ ᠶᠠᠰᠤ ᠴᠢᠨᠠᠷ ᠤᠨ ᠠᠮᠤᠷ ᠲᠦᠪᠰᠢᠨ ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠶᠢ ᠬᠠᠷᠢᠭᠤᠴᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠬᠥᠳᠡᠭᠡ ᠲᠣᠰᠬᠤᠨ ᠤ ᠰᠤᠷᠭᠠᠭᠤᠯᠢ ᠳᠤ ᠪᠠᠷᠢᠮᠵᠢᠶ᠎ᠠ ᠳᠤ ᠬᠦᠷᠦᠭᠰᠡᠨ ᠬᠢᠷᠢ  ᠭᠡᠮ ᠤᠨ ᠦᠨᠡᠮᠯᠡᠯ ᠳᠠᠭᠠᠯᠳᠤᠭᠤᠯᠤᠭᠰᠠᠨ ᠠᠶᠤᠯᠭᠦᠢ ᠴᠢᠨᠠᠷ ᠰᠠᠶᠢᠲᠠᠢ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠬᠠᠩᠭᠠᠨ᠎ᠠ᠃     ᠲᠠᠪᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠪᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠢᠳᠡᠭᠡᠨ ᠤᠮᠳᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠢᠳᠡᠭᠡᠨ ᠤᠮᠳᠠᠭᠠᠨ ᠤ ᠠᠮᠤᠷ ᠲᠦᠪᠰᠢᠨ ᠤ ᠡ᠊ᠨᠳᠡᠯ ᠤᠨ ᠡᠪᠡᠳᠴᠢᠲᠡᠨ ᠢ ᠠᠪᠤᠷᠠᠨ ᠵᠠᠰᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠪᠠ ᠡᠷᠡᠭᠦᠯ ᠬᠠᠮᠠᠭᠠᠯᠠᠯ ᠤᠨ ᠤᠬᠠᠭᠠᠨ ᠤ ᠰᠢᠢᠳᠪᠦᠷᠢᠯᠡᠯᠲᠡ ᠶᠢ ᠵᠢᠯᠣᠭᠤᠳᠤᠨ᠎ᠠ᠃ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠠᠯ᠎ᠠ ᠪᠠᠷ ᠢᠳᠡᠭᠡᠨ ᠤᠮᠳᠠᠭᠠᠨ ᠤ ᠲᠤᠬᠠᠢ ᠵᠢᠯᠤᠭᠤᠳᠬᠤ ᠰᠠᠨᠠᠯ ᠳᠤᠷᠠᠳᠴᠤ᠂ ᠰᠢᠮ᠎ᠡ ᠲᠡᠵᠢᠭᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠰᠢᠮ᠎ᠡ ᠲᠡᠵᠢᠭᠡᠯ ᠡᠷᠡᠭᠦᠯ ᠮᠡᠨᠳᠦ ᠶᠢ ᠬᠢᠨᠠᠨ ᠬᠡᠮᠵᠢᠵᠦ ᠦᠨᠡᠯᠡᠨ ᠵᠢᠱᠢᠬᠦ ᠲᠥᠰᠥᠯ ᠢ ᠲᠣᠭᠲᠠᠭᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠠᠮᠵᠢᠯᠴᠠᠭ᠎ᠠ ᠳᠣᠣᠷ᠎ᠠ᠂ ᠰᠢᠮ᠎ᠡ ᠲᠡᠵᠢᠭᠡᠯ ᠤᠨ ᠮᠡᠳᠡᠯᠭᠡ ᠶᠢᠨ ᠤᠬᠠᠭᠤᠯᠭ᠎ᠠ ᠬᠥᠮᠦᠵᠢᠯ᠂ ᠢᠳᠡᠭᠡᠨ ᠤᠮᠳᠠᠭᠠᠨ ᠤ ᠵᠢᠯᠣᠭᠤᠳᠤᠯᠭ᠎ᠠ ᠪᠠ ᠰᠢᠮ᠎ᠡ ᠲᠡᠵᠢᠭᠡᠯ ᠡᠷᠡᠭᠦᠯ ᠮᠡᠨᠳᠦ ᠶᠢ ᠬᠢᠨᠠᠨ ᠬᠡᠮᠵᠢᠵᠦ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃     ᠵᠢᠷᠭᠤᠭ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠢᠴᠢ ᠬᠤᠭᠤᠯᠠ ᠬᠠᠩᠭᠠᠬᠤ ᠨᠢᠭᠡᠴᠢ ᠶᠢᠨ ᠭᠤᠣᠯ ᠴᠣᠭᠴᠠ ᠶᠢᠨ ᠬᠢᠷᠢ ᠬᠡᠮ ᠢ ᠳᠡᠩᠰᠡᠯᠡᠨ ᠬᠠᠮᠢᠶᠠᠷᠬᠤ ᠶᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠣᠰᠣᠭᠠᠷ ᠰᠤᠷᠭᠠᠭᠤᠯᠢ ᠶᠢᠨ ᠲᠥᠪᠯᠡᠷᠡᠭᠦᠯᠦᠨ ᠬᠤᠭᠤᠯᠠᠯᠠᠬᠤ ᠢᠳᠡᠭᠡᠨ ᠤᠮᠳᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠳᠤ ᠬᠤᠯᠪᠣᠭᠳᠠᠭᠰᠠᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠨ᠎ᠡ᠃ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠤᠮᠳᠠᠭᠠᠨ ᠤ ᠠᠮᠤᠷ ᠲᠦᠪᠰᠢᠨ ᠤ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠵᠤ᠂ ᠬᠤᠰᠢᠭᠤᠨ   ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠰᠤᠷᠭᠠᠭᠤᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶ᠎ᠠ ᠪᠦᠬᠦᠢ ᠰᠤᠷᠠᠭ ᠵᠠᠩᠭᠢ ᠶᠢ ᠴᠠᠭ ᠲᠤᠬᠠᠢ ᠳᠤᠨᠢ ᠮᠡᠳᠡᠭᠦᠯᠦᠨ᠎ᠡ᠃ ᠰᠤᠷᠭᠠᠭᠤᠯᠢ ᠶᠢᠨ ᠬᠤᠭᠤᠯᠠᠨ ᠭᠡᠷ ᠤᠨ ᠢᠳᠡᠭᠡᠨ ᠣᠮᠳᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠳᠤ ᠰᠤᠭᠤᠴᠢᠨ ᠪᠠᠶᠢᠴᠠᠭᠠᠬᠤ ᠬᠢᠨᠠᠨ ᠰᠢᠯᠭᠠᠯᠳᠠ ᠶᠢ ᠶᠠᠪᠤᠭᠳᠠᠭᠤᠯᠵᠤ᠂ ᠰᠤᠷᠭᠠᠭᠤᠯᠢ ᠶᠢ ᠵᠢᠯᠣᠭᠤᠳᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠪᠠ ᠤᠬᠠᠭᠤᠯᠭ᠎ᠠ ᠬᠥᠮᠦᠵᠢᠯ ᠢ ᠰᠠᠶᠢᠲᠤᠷ ᠬᠢᠨ᠎ᠡ᠃ ᠬᠠᠤᠯᠢ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠭᠤᠯᠢ ᠶᠢᠨ ᠢᠳᠡᠭᠡᠨ ᠣᠮᠳᠠᠭᠠᠨ ᠤ ᠠᠶᠤᠯᠭᠦᠢ ᠶᠢᠨ ᠡ᠊ᠨᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠷᠨᠢᠬᠦᠯᠦᠨ᠎ᠡ᠃     ᠳᠣᠯᠤᠭ᠎ᠠ᠂ ᠬᠤᠰᠢᠭᠤᠨ ᠤ ᠤᠬᠠᠭᠤᠯᠭ᠎ᠠ ᠶᠢᠨ ᠰᠠᠯᠠᠭ᠎ᠠ ᠮᠥᠴᠢᠷ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ ᠳᠡᠯᠭᠡᠷᠡᠭᠦᠯᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠳᠡᠮᠵᠢᠬᠦ᠂ ᠬᠠᠮᠲᠤ ᠪᠠᠷ ᠬᠢᠨᠠᠯᠲᠠ ᠲᠠᠯᠪᠢᠬᠤ᠂ ᠬᠠᠮᠲᠤ ᠪᠠᠷ ᠠᠬᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠤᠯᠭᠠᠨ᠎ᠠ᠃                                2022 ᠣᠨ ᠤ 12 ᠰᠠᠷ᠎ᠠ ᠶᠢᠨ 13 ᠤ ᠡᠳᠦᠷ
 
ᠢᠷᠡᠯᠲᠡ᠄ ᠵᠠᠯᠠᠶᠢᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号