ᠴᠧᠨ ᠬᠠᠢ ᠱᠠᠨ
ᠨᠡᠶᠢᠲᠡᠯᠡᠭᠰᠡᠨ ᠴᠠᠭ᠄
2023/7/5
      ᠬᠤᠪᠢ ᠬᠥᠮᠥᠨ ᠤ ᠲᠣᠪᠴᠢ ᠨᠠᠮᠲᠠᠷ᠄     ᠴᠧᠨ ᠬᠠᠢ ᠱᠠᠨ᠂ ᠡᠷᠡᠭᠲᠡᠢ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1970 ᠣᠨ ᠤ 7 ᠰᠠᠷ᠎ᠠ ᠳᠤ ᠳᠦᠷᠦᠵᠡᠶ᠂ ᠵᠢᠩᠬᠢᠨᠢ ᠠᠩᠭᠢ ᠶᠢᠨ ᠰᠤᠷᠤᠯᠭ᠎ᠠ ᠶᠢᠨ ᠨᠠᠮᠲᠠᠷ ᠲᠠᠢ᠂ ᠣᠲᠣ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠬᠤᠰᠢᠭᠤᠨ ᠤ ᠲᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠤᠢ᠃     ᠠᠵᠢᠯ ᠤᠨ ᠬᠤᠪᠢᠶᠠᠷᠢᠯᠠᠯ᠄     ᠬᠤᠰᠢᠭᠤᠨ ᠳᠠᠷᠤᠭ᠎ᠠ ᠶᠢ ᠬᠠᠪᠰᠤᠷᠤᠨ ᠲᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠢ ᠨᠤᠲᠤᠭ ᠪᠡᠯᠴᠢᠭᠡᠷ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠦᠶᠡᠷ ᠢ ᠰᠡᠷᠭᠡᠶᠢᠯᠡᠬᠦ᠂ ᠭᠤᠣᠯ ᠮᠥᠷᠡᠨ ᠨᠠᠭᠤᠷ ᠴᠥᠭᠦᠷᠥᠮ ᠪᠠ ᠣᠶ ᠰᠢᠭᠤᠢ ᠨᠤᠳᠤᠭ ᠪᠡᠯᠴᠢᠭᠡᠷ ᠤᠨ ᠬᠠᠮᠢᠶᠠᠷᠤᠯᠲᠠ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ  ᠶᠢ ᠬᠤᠪᠢᠳᠠᠨ ᠬᠠᠮᠢᠶᠠᠷᠴᠤ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︵ᠣᠶ ᠰᠢᠭᠤᠢ ᠨᠤᠳᠤᠭ ᠪᠡᠯᠴᠢᠭᠡᠷ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ︶᠂ ᠤᠰᠤᠨ ᠠᠰᠢᠭᠯᠠᠯᠲᠠ ᠶᠢᠨ ᠲᠣᠪᠴᠢᠶ᠎ᠠ ︵ᠭᠤᠣᠯ  ᠮᠦᠷᠡᠨ ᠨᠠᠭᠤᠷ ᠴᠦᠭᠦᠷᠦᠮ ᠤᠨ ᠳᠠᠷᠤᠭ᠎ᠠ ᠶᠢᠨ ᠳᠦᠷᠢᠮ ᠤᠨ ᠠᠯᠪᠠᠨ ᠭᠡᠷ︶᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠴᠤᠤᠯ ᠤᠰᠤᠨ ᠠᠰᠢᠭᠯᠠᠯᠲᠠ ᠶᠢᠨ ᠬᠦᠢᠰᠤ  ᠪᠠᠷᠢᠯᠭ᠎ᠠ ᠶᠢᠨ ᠳᠣᠣᠷᠠᠳᠤ ᠤᠷᠤᠰᠬᠠᠯ ᠤᠨ ᠤᠰᠤᠯᠠᠯᠲᠠ ᠶᠢᠨ ᠣᠷᠣᠨ ᠤ ᠠᠵᠢᠯ ᠦᠢᠯᠡᠰ ᠤᠨ ᠬᠥᠭᠵᠢᠭᠦᠯᠦᠯᠲᠡ ᠶᠢᠨ ᠲᠥᠪ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ᠂ ᠴᠤᠤᠯ ᠲᠦᠰᠢᠨ ᠭᠤᠣᠯ ᠤᠨ ᠤᠯᠤᠰ ᠤᠨ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠤᠭᠳᠠ ᠠᠭᠤᠯᠠ ᠤᠯᠤᠰ ᠤᠨ ᠣᠶ ᠰᠢᠭᠤᠢ ᠶᠢᠨ ᠴᠡᠴᠡᠷᠯᠢᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ᠂ ᠬᠤᠸᠠ ᠱᠧᠩ ᠲᠠᠷᠢᠶᠠᠯᠠᠩ ᠮᠠᠯ ᠠᠵᠤ ᠠᠬᠤᠢ ᠶᠢᠨ ᠪᠡᠯᠡ ᠣᠷᠤᠭᠤᠯᠤᠯᠲᠠ ᠶᠢᠨ ᠪᠦᠷᠢᠨ ᠪᠤᠰᠣ ᠬᠠᠷᠢᠭᠤᠴᠠᠯᠭᠠᠲᠤ ᠺᠣᠮᠫᠠᠨᠢ   ᠶᠢ ᠬᠤᠪᠢᠳᠠᠨ ᠬᠠᠮᠢᠶᠠᠷᠤᠨ᠎ᠠ︔ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃      ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠴᠠᠭ ᠠᠭᠤᠷ ᠤᠨ ᠲᠣᠪᠴᠢᠶ᠎ᠠ᠂ ᠢᠲᠡᠭᠡᠮᠵᠢ ᠶᠢᠨ ᠬᠤᠯᠪᠣᠭᠠᠲᠤ ᠬᠤᠷᠰᠢᠶ᠎ᠠ᠂ ᠲᠠᠷᠢᠶᠠᠯᠠᠩ ᠤᠨ ᠪᠠᠩᠬᠢ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ᠂ ᠮᠧᠩ ᠶᠢᠨ ᠲᠣᠰᠬᠤᠨ ᠪᠠᠯᠭᠠᠰᠤ ᠶᠢᠨ ᠪᠠᠩᠬᠢ᠂ ᠴᠤᠤᠯ ᠤᠰᠤᠨ ᠠᠰᠢᠭᠯᠠᠯᠲᠠ ᠤᠰᠣ ᠴᠠᠬᠢᠯᠭᠠᠨ ᠤ ᠬᠢᠵᠠᠭᠠᠷᠲᠤ ᠺᠣᠮᠫᠠᠨᠢ᠂ ᠠᠨ ᠬᠤᠸᠠ ᠲᠠᠷᠢᠶᠠᠯᠠᠩ ᠤᠨ ᠳᠠᠭᠠᠳᠬᠠᠯ ᠤᠨ ᠺᠣᠮᠫᠠᠨᠢ᠂ ᠳ᠋ᠠ ᠳ᠋ᠢ ᠳᠠᠭᠠᠳᠬᠠᠯ ᠤᠨ ᠺᠣᠮᠫᠠᠨᠢ᠂ ᠬᠠᠭᠤᠴᠢᠨ ᠰᠠᠭᠤᠭᠠᠯᠢ ᠠᠷᠠᠳ  ᠤᠨ ᠲᠤᠭᠤᠷᠢᠭ ᠢ ᠦᠭᠡᠷᠡᠴᠢᠯᠡᠨ ᠪᠠᠶᠢᠭᠤᠯᠬᠤ ᠶᠢ ᠠᠬᠢᠭᠤᠯᠬᠤ ᠨᠡᠶᠢᠭᠡᠮᠯᠢᠭ᠂ ᠠᠳᠤᠭᠤᠨ ᠤ ᠦᠢᠯᠡᠰ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠠᠬᠠᠮᠠᠳ ᠠᠵᠢᠯᠲᠠᠨ ᠤ ᠨᠡᠶᠢᠭᠡᠮᠯᠢᠭ᠂ ᠬᠤᠸᠠ ᠹᠦ᠋ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号