ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 4 ᠰᠠᠷ᠎ᠠ ᠶᠢᠨ 1 ᠤ ᠡᠳᠦᠷ —31 ᠤ ᠡᠳᠦᠷ︶( ᠬᠤᠶᠠᠷ)
ᠨᠡᠶᠢᠲᠡᠯᠡᠭᠰᠡᠨ ᠴᠠᠭ᠄
2023/8/15
     ᠬᠤᠶᠠᠷ᠂ ᠴᠢᠬᠤᠯᠠ ᠠᠵᠢᠯᠯᠠᠭ᠎ᠠ      2 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ  ᠬᠦᠷᠡᠯ ᠪᠠᠯᠭᠠᠰᠤᠨ ᠤ ᠬᠤᠲᠠᠲᠠᠢ ᠭᠠᠴᠠᠭ᠎ᠠ ᠪᠠᠷ ᠬᠦᠷᠴᠦ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠭᠤᠣᠯ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠡᠭᠴᠡᠯᠡᠨ ᠰᠠᠶᠢᠵᠢᠷᠠᠭᠤᠯᠬᠤ ᠴᠢᠳᠠᠮᠵᠢ ᠶᠢᠨ ᠬᠡᠪᠴᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠲᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ 28 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ᠂ ᠱᠠᠨ ᠰᠢᠶᠠᠩ ᠪᠦᠯᠦᠭᠯᠡᠯ ᠤᠨ ᠬᠦᠮᠦᠰ ᠲᠤ ᠪᠠᠷ᠎ᠠ ᠪᠣᠯᠵᠤ ᠬᠤᠰᠢᠭᠤᠨ ᠤ ᠵᠤᠭᠠᠴᠠᠯ ᠤᠨ ᠠᠵᠢᠯ ᠢ ᠰᠢᠨᠵᠢᠯᠡᠨ ᠪᠠᠶᠢᠴᠠᠭᠠᠪᠠ᠃     3 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠪᠠᠷ ᠬᠦᠷᠴᠦ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢᠲᠤ ᠣᠷᠣᠨ ᠳᠤ ᠲᠣᠬᠢᠷᠠᠭᠤᠯᠤᠯᠲᠠ ᠬᠢᠬᠦ ᠶᠠᠪᠤᠳᠠᠯ ᠢ ᠵᠣᠯᠭᠠᠭᠤᠯᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠴᠢᠴᠢᠬᠠᠷ ᠤᠨ ᠺᠧᠳᠦ᠋ᠩ ᠰᠢᠶᠠᠨ ᠤ ᠶᠤᠸᠠᠨ ᠱᠧᠩ ᠢᠳᠡᠭᠡᠨ ᠤ ᠬᠢᠵᠠᠭᠠᠷᠲᠤ ᠺᠣᠮᠫᠠᠨᠢ ᠶᠢᠨ  ᠬᠦᠮᠦᠰ ᠲᠤ ᠪᠠᠷ᠎ᠠ ᠪᠣᠯᠵᠤ ᠵᠠᠯᠠᠶᠢᠳ ᠬᠤᠰᠢᠭᠤᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠬᠦᠷᠴᠦ ᠬᠦᠢᠲᠡᠨ ᠰᠣᠷᠭᠤᠭ ᠢᠳᠡᠭᠡᠨ ᠤ ᠦᠢᠯᠡᠳᠪᠦᠷᠢᠯᠡᠯ ᠤᠨ ᠲᠥᠷᠥᠯ ᠵᠦᠢᠯ ᠢ ᠪᠠᠶᠢᠴᠠᠭᠠᠨ ᠰᠤᠳᠤᠯᠪᠠ᠃      4 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠢᠶᠠᠷ ᠬᠦᠷᠴᠦ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ  ᠮᠠᠨ ᠱᠦᠢ ᠯᠦᠩ ᠬᠢᠩᠭᠠᠨ ᠠᠶᠢᠮᠠᠭ ᠤᠨ ᠶᠢᠨ ᠹᠧᠩ ᠰᠠᠯᠬᠢᠨ ᠴᠠᠬᠢᠯᠭᠠᠨ ᠤ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ ᠰᠢᠨ᠎ᠡ ᠡᠨᠧᠷᠭᠢ ᠶᠢᠨ ᠳᠦᠷᠦᠯ ᠵᠦᠢᠯ ᠤᠨ ᠠᠵᠢᠯ ᠤᠨ ᠠᠬᠢᠴᠠ ᠶᠢ ᠠᠬᠢᠭᠤᠯᠵᠠᠢ᠃      5 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ  ᠪᠤᠯᠭᠠᠨᠬᠤᠸᠠ ᠰᠤᠮᠤ᠂ ᠬᠦᠷᠡᠯ ᠪᠠᠯᠭᠠᠰᠤ᠂ ᠠᠯᠳᠠᠷᠲᠤ ᠰᠣᠮᠣ᠂ ᠡᠭᠦᠯᠳᠡᠷ ᠤᠨ ᠮᠠᠯ ᠢ ᠦᠷᠡᠵᠢᠭᠦᠯᠬᠦ  ᠲᠥᠪ᠂ ᠶᠠᠩ ᠱᠦ ᠭᠧᠦ ᠤᠢ ᠰᠢᠭᠤᠢ ᠶᠢᠨ ᠲᠠᠯᠠᠪᠠᠢ᠂  ᠪᠠᠶ᠋ᠬᠠᠤᠯᠠᠭᠠᠨ ᠰᠤᠮᠤ ᠵᠡᠷᠭᠡ ᠭᠠᠵᠠᠷ ᠢᠶᠠᠷ ᠬᠦᠷᠴᠦ ᠭᠠᠯ ᠰᠡᠷᠭᠡᠶᠢᠯᠡᠯᠳᠠ ᠶᠢᠨ ᠲᠤᠬᠠᠢ ᠪᠠᠶᠢᠴᠠᠭᠠᠯᠲᠠ ᠬᠢᠪᠡ᠃        6 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠂ ᠯᠦ ᠰᠢᠨ ᠱᠢ ᠫᠷᠤᠹᠧᠰᠰᠤᠷ ᠨᠠᠷ ᠲᠤ ᠪᠠᠷ᠎ᠠ ᠪᠣᠯᠵᠤ ᠬᠦᠷᠡᠯ ᠪᠠᠯᠭᠠᠰᠤᠨ ᠤ ᠬᠤᠳᠠᠲᠠᠢ ᠭᠠᠴᠠᠭ᠎ᠠ ᠪᠠᠷ ᠬᠦᠷᠴᠦ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠤᠷᠰᠢᠯᠲᠠ ᠶᠢᠨ ᠴᠡᠭ ᠤᠨ ᠭᠤᠣᠯ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠠᠵᠢᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃     7 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠸᠢᠳᠢᠤ᠋ ᠬᠡᠯᠪᠡᠷᠢ ᠪᠠᠷ ᠪᠡᠭᠡᠵᠢᠩ ᠳᠤ ᠡᠷᠭᠢᠯᠡᠭᠰᠡᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠭᠥᠩ ᠰᠢᠶᠣᠣ ᠱᠦᠨ ᠨᠦᠩ ︵ᠪᠡᠭᠡᠵᠢᠩ︶ ᠤᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠲᠥᠮᠥᠰᠥ ᠪᠠ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠡᠳ᠋ᠰᠢᠭᠦᠯᠬᠦ ᠲᠥᠷᠥᠯ ᠵᠦᠢᠯ  ᠢ ᠠᠬᠢᠭᠤᠯᠬᠤ ᠬᠤᠷᠠᠯ ᠳᠤ ᠣᠷᠣᠯᠴᠠᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠵᠠᠳᠠᠯᠤᠯᠲᠠ ᠶᠢᠨ ᠬᠤᠷᠠᠯ ᠳᠤ ᠣᠷᠣᠯᠴᠠᠵᠤ᠂ ᠠᠶᠢᠮᠠᠭ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠳᠤ ᠬᠦᠷᠴᠦ ᠰᠢᠭᠦᠯᠲᠡ ᠳᠤ ᠣᠷᠣᠯᠴᠠᠪᠠ᠃       8 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ᠂ ᠬᠤᠢ ᠹᠧᠩ ᠲᠠᠷᠢᠶᠠᠯᠠᠩ ᠮᠠᠯ ᠠᠵᠤ ᠠᠬᠤᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠸᠧᠢ ᠹᠧᠩ ᠨᠠᠷ ᠢ ᠳᠠᠭᠠᠭᠤᠯᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ ᠪᠠᠷ ᠬᠦᠷᠴᠦ ᠠᠭᠤᠷ ᠤᠨ ᠳᠠᠷᠤᠯᠲᠠᠲᠤ ᠡᠷᠳᠡᠨᠢ ᠰᠢᠰᠢ ᠶᠢᠨ ᠲᠥᠷᠥᠯ ᠵᠦᠢᠯ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠲᠤ ᠪᠠᠶᠢᠴᠠᠭᠠᠯᠲᠠ ᠬᠢᠵᠡᠢ᠃      9 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠲᠤᠰ ᠡᠳᠦᠷ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋  ᠲᠠᠷᠤᠭ᠎ᠠ ᠮᠠᠨ ᠱᠦᠢ ᠯᠥᠩ ᠪᠦᠯᠬᠦᠮ ᠲᠠᠭᠠᠭᠤᠯᠤᠨ ᠭᠤᠸᠠᠩᠵᠧᠦ ᠬᠤᠲᠠ ᠪᠠᠷ ᠬᠦᠷᠴᠦ ᠭᠤᠸᠠᠩᠵᠧᠦ ᠶᠢᠨ ᠲᠤᠶᠠᠭ᠎ᠠ ᠢᠳᠡᠭᠡᠨ ᠤᠮᠳᠠᠭᠠᠨ ᠤ ᠬᠠᠮᠢᠶᠠᠷᠤᠯᠲᠠ ᠶᠢᠨ ᠺᠣᠮᠫᠠᠨᠢ ᠪᠣᠯᠣᠨ ᠭᠤᠸᠠᠩᠵᠧᠦ ᠶᠢᠨ ᠳ᠋ᠧ ᠾᠧ ᠶᠤᠸᠠᠨ ᠠᠵᠤ ᠦᠢᠯᠡᠰ ᠤᠨ ᠬᠦᠷᠢᠶᠡᠯᠡᠩ ᠲᠠᠢ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭ᠎ᠠ ᠵᠢᠴᠢ ᠴᠡᠭ ᠠᠴᠠ ᠴᠡᠭ ᠲᠤ ᠬᠦᠷᠭᠡᠬᠦ ᠬᠥᠳᠡᠯᠮᠦᠷᠢ ᠦᠢᠯᠡᠴᠢᠯᠡᠭᠡᠨ ᠤ ᠭᠠᠷᠭᠠᠯᠭ᠎ᠠ ᠶᠢᠨ ᠰᠠᠭᠤᠷᠢᠨ ᠭᠠᠵᠠᠷ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠵᠤᠭᠠᠴᠠᠯ ᠤᠨ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ︽ᠭᠠᠷ ᠬᠤᠯᠪᠣᠯᠴᠠᠬᠤ ᠲᠥᠯᠥᠪᠯᠡᠭᠡ︾ ᠶᠢᠨ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠮᠵᠢᠯᠴᠠᠭᠠᠨ ᠤ ᠨᠢᠭᠡᠴᠢ ᠶᠢᠨ ᠵᠠᠯᠠᠶᠢᠳ ᠬᠤᠰᠢᠭᠤᠨ ᠤ ᠨᠡᠶᠢᠭᠡᠮ ᠤᠨ ᠠᠵᠢᠯᠲᠠᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠥᠷᠲᠡᠭᠡ ᠶᠢᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠵᠤ᠂ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠴᠣᠭᠴᠠ ᠶᠢᠨ ᠰᠤᠷᠭᠠᠨ ᠬᠥᠮᠦᠵᠢᠯ ᠤᠨ ᠠᠵᠢᠯ ᠤᠨ ᠬᠤᠷᠠᠯ ᠂ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠵᠠᠬᠢᠷᠭ᠎ᠠ ᠶᠢᠨ  ᠴᠢᠬᠡᠴᠢ ᠵᠠᠰᠠᠭ ᠤᠨ ᠠᠵᠢᠯ ᠤᠨ ᠬᠤᠷᠠᠯ ᠳᠤ ᠣᠷᠣᠯᠴᠠᠪᠠ᠃      10 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠤᠪᠢᠶᠠᠷᠢ ᠬᠤᠷᠠᠯ ᠤᠨ ᠲᠠᠯᠠᠪᠠᠶ ᠳᠤ ᠠᠶᠢᠮᠠᠭ ᠤᠨ ᠵᠠᠬᠢᠷᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠳᠤ ᠣᠷᠣᠯᠴᠠᠵᠤ᠂ ᠠᠶᠢᠮᠠᠭ ᠤᠨ ᠬᠢᠨᠠᠨ ᠪᠤᠳᠤᠬᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠬᠢᠨᠠᠨ ᠪᠤᠳᠤᠬᠤ ᠠᠵᠢᠯ ᠤᠨ ᠬᠤᠷᠠᠯ᠂ ᠤᠯᠠᠭᠠᠨᠬᠤᠲᠠ ᠪᠠᠷ ᠬᠦᠷᠴᠤ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠪᠠ ᠴᠢᠳᠠᠮᠵᠢᠲᠤ ᠣᠷᠣᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠢᠯᠢᠳᠡᠭᠵᠢᠭᠦᠯᠦᠨ ᠲᠣᠬᠢᠷᠠᠭᠤᠯᠬᠤ ᠲᠤᠰᠬᠠᠢ ᠠᠵᠢᠯ ᠤᠨ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠭᠤᠸᠠᠩᠵᠧᠦ ᠶᠢᠨ ᠴᠠᠩ ᠳ᠋ᠠ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠳᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ᠂ ᠭᠤᠸᠠᠩᠵᠧᠦ ᠶᠢᠨ ᠴᠠᠢ ᠶᠢᠨ ᠰᠤᠳᠤᠯᠭᠠᠨ ᠤ ᠮᠠᠲ᠋ᠧᠷᠢᠶᠠᠯ ᠤᠨ ᠢᠳᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠤ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ  ᠲᠠᠨᠢᠯᠴᠠᠭᠤᠯᠭ᠎ᠠ ᠶᠢᠨ ᠬᠤᠷᠠᠯ ᠳᠤ ᠤᠷᠤᠯᠴᠠᠵᠠᠢ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ᠂ ᠠᠶᠢᠮᠠᠭ ᠤᠨ ᠵᠠᠬᠢᠷᠭ᠎ᠠ ᠶᠢᠨ ᠴᠢᠬᠡᠴᠢ ᠵᠠᠰᠠᠭ ᠤᠨ ᠠᠵᠢᠯ ᠤᠨ ᠬᠤᠷᠠᠯ ᠳᠤ ᠣᠷᠣᠯᠴᠠᠪᠠ᠃      11 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠠᠶᠢᠮᠠᠭ ᠤᠨ ᠵᠠᠬᠢᠷᠭ᠎ᠠ ᠪᠠᠷ ᠬᠦᠷᠴᠦ ᠵᠦᠩ ᠾᠧ ᠾᠧᠩ ᠷᠦᠢ ᠪᠦᠯᠦᠭᠯᠡᠯ ᠲᠠᠢ ᠶᠠᠷᠢᠯᠴᠠᠬᠤ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠠᠶᠢᠮᠠᠭ ᠤᠨ ᠵᠠᠬᠢᠷᠭ᠎ᠠ ᠪᠠᠷ ᠬᠦᠷᠴᠦ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢᠲᠤ ᠣᠷᠣᠨ ᠳᠤ ᠲᠣᠬᠢᠷᠠᠭᠤᠯᠤᠯᠲᠠ ᠬᠢᠬᠦ ᠶᠠᠪᠤᠳᠠᠯ ᠢ ᠵᠣᠯᠭᠠᠭᠤᠯᠪᠠ᠃      11 ᠤ ᠡᠳᠦᠷ ᠠᠴᠠ 12 ᠤᠨ ᠡᠳᠦᠷ ᠪᠣᠯᠲᠠᠯ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠲᠠᠷᠤᠭ᠎ᠠ ᠮᠠᠨ ᠱᠦᠢ ᠯᠦᠩ ᠬᠠᠶᠢᠺᠧᠦ ᠪᠠᠷ ᠬᠦᠷᠴᠦ ᠬᠢᠩᠭᠠᠨ ᠠᠶᠢᠮᠠᠭ ᠤᠨ ᠪᠡᠯᠡ ᠣᠷᠣᠭᠤᠯᠤᠯᠲᠠ ᠶᠢᠨ ᠠᠷᠠᠯᠵᠢᠶᠠᠨ ᠤ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠳᠤᠮᠳᠠᠳᠤ ᠤᠯᠤᠰ ᠤᠨ ᠮᠠᠯ ᠠᠵᠤ ᠠᠬᠤᠢ ᠶᠢᠨ ᠨᠡᠶᠢᠭᠡᠮᠯᠢᠭ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ᠂ ᠮᠠᠨ ᠤ ᠬᠤᠰᠢᠭᠤᠨ ᠤ ᠲᠢᠶᠠᠨ ᠮᠦ ᠵᠧᠨ ᠮᠠᠯ ᠠᠵᠤ ᠠᠬᠤᠢ ᠶᠢᠨ ᠺᠣᠮᠫᠠᠨᠢ ᠶᠢᠨ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      12 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠯᠤᠰ ᠤᠨ ᠬᠤᠯᠪᠣᠭᠳᠠᠯ ᠪᠦᠬᠦᠢ ᠶᠠᠮᠤᠨ ᠬᠤᠷᠢᠶ᠎ᠠ ᠪᠠᠷ ᠬᠦᠷᠴᠦ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢᠲᠤ ᠣᠷᠣᠨ ᠳᠤ ᠲᠣᠬᠢᠷᠠᠭᠤᠯᠤᠯᠲᠠ ᠬᠢᠬᠦ ᠶᠠᠪᠤᠳᠠᠯ ᠢ ᠵᠣᠯᠭᠠᠭᠤᠯᠪᠠ᠃      13 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ᠂ ᠮᠠᠨ ᠤ ᠬᠤᠰᠢᠭᠤᠨ ᠤ ᠸᠧᠢ ᠵᠢᠶᠠ ᠠᠮᠤ ᠪᠤᠳᠠᠭᠠᠨ ᠤ ᠦᠢᠯᠡᠰ ᠤᠨ  ᠪᠦᠷᠢᠨ  ᠪᠤᠰᠣ ᠬᠠᠷᠢᠭᠤᠴᠠᠯᠭᠠᠲᠤ ᠺᠣᠮᠫᠠᠨᠢ ᠶᠢᠨ ᠲᠤᠲᠤᠷᠭ᠎ᠠ ᠶᠢ ᠨᠠᠷᠢᠯᠢᠭ ᠡᠳ᠋ᠰᠢᠭᠦᠯᠬᠦ ᠪᠠ ᠬᠡᠷᠡᠭᠯᠡᠭᠡ ᠶᠢ ᠬᠠᠪᠰᠤᠷᠤᠨ ᠲᠡᠳᠬᠦᠬᠦ᠂ ᠬᠥ᠋ ᠮᠢᠶᠣᠣ ᠲᠣᠰᠬᠤᠨ ᠤ ᠲᠠᠷᠢᠶᠠᠯᠠᠩ ᠵᠤᠭᠠᠴᠠᠯ ᠢ ᠠᠭᠤᠰᠤᠯᠴᠠᠭᠤᠯᠬᠤ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠪᠡ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠲᠡᠳ᠋ ᠳᠠᠷᠤᠭ᠎ᠠ ᠯᠢᠦ ᠮᠢᠨ᠂ ᠠᠶᠢᠮᠠᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶᠠᠨ ᠳᠠᠷᠤᠭ᠎ᠠ ᠯᠢᠦ ᠬᠠᠢ ᠲᠤᠤ ᠨᠠᠷ ᠲᠤ ᠪᠠᠷ᠎ᠠ ᠪᠣᠯᠵᠤ᠂ ᠬᠠᠶᠢᠨᠠᠨ ᠮᠤᠵᠢ ᠶᠢᠨ ᠬᠤᠳᠠᠯᠳᠤᠭᠠᠨ ᠤ ᠶᠠᠪᠤᠳᠠᠯ ᠤᠨ ᠶᠡᠷᠦᠩᠬᠡᠢ ᠡᠪᠯᠡᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠦᠮᠦᠰ ᠲᠤ ᠪᠠᠷ᠎ᠠ ᠪᠣᠯᠵᠤ ᠬᠤᠰᠢᠭᠤᠨ ᠤ ᠠᠮᠤ ᠪᠤᠳᠠᠭᠠᠨ ᠤ ᠠᠷᠠᠯᠵᠢᠶᠠᠨ ᠤ ᠠᠵᠤ ᠠᠬᠤᠶᠢᠯᠠᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠠᠶᠢᠮᠠᠭ ᠤᠨ ᠵᠠᠬᠢᠳᠠᠯ ᠰᠣᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠬᠤᠶᠠᠳᠤᠭᠠᠷ ᠤᠳᠠᠭ᠎ᠠ ᠶᠢᠨ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠵᠠᠬᠢᠳᠠᠯ ᠰᠣᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃      14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ ᠠᠶᠢᠮᠠᠭ ᠤᠨ ᠵᠠᠬᠢᠷᠭ᠎ᠠ ᠪᠠᠷ ᠬᠦᠷᠴᠦ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠪᠠᠴᠢᠮ ᠲᠣᠬᠢᠷᠠᠭᠤᠯᠤᠯᠳᠠ ᠶᠢᠨ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠯᠠᠭᠠᠨᠬᠤᠲᠠ ᠪᠠᠷ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠦᠷ᠎ᠡ ᠪᠦᠲᠦᠭᠡᠯ  ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠠᠬᠢᠴᠠ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠬᠤᠰᠢᠭᠤ ᠰᠢᠶᠠᠨ ᠬᠤᠲᠠ ᠶᠢᠨ ᠱᠠᠲᠤᠨ ᠤ ᠶᠠᠷᠢᠯᠴᠠᠬᠤ ᠬᠤᠷᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠵᠢᠴᠢ ᠬᠢᠨᠠᠨ ᠵᠢᠯᠤᠭᠤᠳᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠮᠠᠨ ᠱᠦᠢ ᠯᠦᠩ ᠪᠡᠭᠡᠵᠢᠩ ᠤᠨ ᠭᠥᠩ ᠰᠢᠶᠣᠣ ᠱᠦᠨ ᠨᠦᠩ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠪᠠᠷ ᠬᠦᠷᠴᠦ ᠲᠥᠮᠥᠰᠥᠨ ᠵᠦᠰᠦᠮ ᠪᠣᠯᠪᠠᠰᠤᠷᠠᠭᠤᠯᠬᠤ ᠪᠠ ᠬᠦᠢᠲᠡᠨ ᠰᠣᠷᠭᠤᠭ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠳᠦᠷᠦᠯ ᠵᠦᠢᠯ ᠢ ᠵᠣᠯᠭᠠᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠭᠢᠯᠡᠭᠴᠢ ᠬᠠᠰᠪᠦ᠋ᠬᠡ ᠳᠤ ᠪᠠᠷ᠎ᠠ ᠪᠣᠯᠵᠤ ᠪᠡᠭᠡᠵᠢᠩ ᠤᠨ ᠳᠤᠮᠳᠠᠳᠤ ᠤᠯᠤᠰ ᠤᠨ ᠮᠧᠬᠠᠨᠢᠭ ᠤᠨ ᠠᠵᠤ ᠦᠢᠯᠡᠳᠪᠦᠷᠢ ᠶᠢᠨ ᠢᠨᠵᠧᠨᠧᠷᠢᠩ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠤ ᠠᠵᠢᠯ ᠢ ᠵᠣᠯᠭᠠᠭᠤᠯᠪᠠ᠃      15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ ᠬᠤᠰᠢᠭᠤᠨ ᠤ ᠨᠠᠮ ᠤᠨ ᠬᠤᠷᠢᠶᠠᠨ ᠤ ᠭᠤᠤᠯᠳᠠᠯᠭ᠎ᠠ ᠲᠠᠢ ᠠᠵᠢᠯ ᠤᠨ ᠬᠤᠷᠠᠯ ᠳᠤ ᠤᠷᠤᠯᠴᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠠᠷ ᠬᠦᠷᠴᠦ 2023 ᠣᠨ ᠤ ᠬᠠᠪᠤᠷ ᠤᠨ ᠲᠠᠷᠢᠶᠠᠯᠠᠭ᠎ᠠ ᠶᠢᠨ ᠲᠤᠬᠠᠢ ᠶᠢᠨ ᠲᠠᠯᠠᠪᠠᠶ ᠶᠢᠨ ᠬᠤᠷᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠵᠠᠩ ᠰᠢᠶᠣᠣ ᠪᠢᠩ ᠱᠦᠵᠢ ᠳᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠬᠤᠰᠢᠭᠤᠨ ᠲᠡᠰ ᠤᠨ ᠤᠳᠤᠷᠢᠳᠤᠯᠭ᠎ᠠ ᠶᠢᠨ ᠠᠭᠤᠯᠵᠠᠨ ᠶᠠᠷᠢᠯᠴᠠᠬᠤ ᠬᠤᠷᠠᠯ ᠳᠤ ᠣᠷᠣᠯᠴᠠᠪᠠ᠃       ᠲᠣᠰ ᠡᠳᠦᠷ ᠰᠦᠨ ᠰᠢᠩ ᠢᠦᠢ ᠱᠦᠵᠢ ᠶᠢᠨ ᠬᠤᠷᠠᠯᠳᠤᠭᠤᠯᠤᠭᠰᠠᠨ ᠠᠵᠢᠯ ᠤᠨ ᠬᠤᠷᠠᠯ ᠳᠤ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠣᠷᠣᠯᠴᠠᠵᠤ ᠬᠤᠯᠪᠣᠭᠳᠠᠯ ᠪᠦᠬᠦᠢ ᠠᠵᠢᠯ ᠢ ᠰᠤᠳᠤᠯᠵᠠᠢ᠃      16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠭᠦ ᠣᠷᠣᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠵᠢᠴᠢ ᠮᠧᠬᠠᠨᠢᠭᠵᠢᠭᠰᠠᠨ ᠲᠠᠷᠢᠶᠠᠯᠠᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠦᠵᠡᠭᠦᠯᠭᠡ ᠶᠢᠨ ᠴᠤᠭᠯᠠᠭᠠᠨ ᠳᠤ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠯᠠᠶᠢᠳ ᠬᠤᠰᠢᠭᠤᠨ ᠤ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃      16 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠮᠠᠨ ᠤ ᠬᠤᠰᠢᠭᠤᠨ ᠤ ᠬᠠᠷ᠎ᠠ ᠬᠥᠷᠥᠰᠥ ᠶᠢᠨ ᠬᠠᠮᠠᠭᠠᠯᠠᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠵᠠᠯᠠᠶᠢᠳ ᠬᠤᠰᠢᠭᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠴᠢᠩᠳᠣᠣ ᠶᠢᠨ ᠮᠧᠢ ᠱᠦ ᠵᠢᠶᠠ ᠲᠠᠷᠢᠶᠠᠯᠠᠩ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢᠶᠠᠩ ᠢᠦᠢ ᠵᠧᠨ ᠨᠠᠷ ᠲᠠᠢ ᠬᠠᠮᠲᠤ ᠢᠨᠳᠡᠷ ᠪᠠᠯᠭᠠᠰᠤᠨ ᠤ ᠴᠠᠩ ᠹᠠ ᠲᠣᠰᠬᠤᠨ ᠪᠣᠯᠣᠨ ᠬᠤᠯᠪᠤᠭ᠎ᠠ ᠪᠠᠯᠭᠠᠰᠤᠨ ᠤ ᠭᠦ᠋ ᠮᠢᠶᠣᠣ ᠲᠣᠰᠬᠤᠨ ᠢᠶᠠᠷ ᠭᠦᠨᠵᠡᠭᠡᠶᠢᠷᠡᠵᠦ᠂ ᠲᠥᠬᠦᠭᠡᠷᠦᠮᠵᠢᠲᠦ ᠲᠠᠷᠢᠶᠠᠯᠠᠩ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠶᠢᠨ ᠬᠠᠮᠲᠤ ᠢᠩᠲᠣᠣᠷ ᠲᠠᠷᠢᠬᠤ ᠳᠦᠷᠦᠯ ᠵᠦᠢᠯ ᠢ ᠵᠣᠯᠭᠠᠭᠤᠯᠵᠠᠢ᠃     17 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠬᠢᠳᠠᠯ ᠰᠣᠷᠪᠤᠯᠵᠢᠯᠠᠯ ᠤᠨ ᠲᠣᠪᠴᠢᠶᠠᠨ ᠤ ᠬᠦᠯᠢᠶᠡᠨ ᠠᠪᠬᠤ ᠲᠢᠩᠬᠢᠮ ᠢᠶᠠᠷ ᠬᠦᠷᠴᠦ ᠰᠣᠷᠪᠤᠯᠵᠢᠯᠠᠭ᠎ᠠ ᠶᠢ ᠬᠦᠯᠢᠶᠡᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠲᠥᠪ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ᠂ ᠮᠠᠨ ᠤ ᠬᠤᠰᠢᠭᠤᠨ ᠤ ᠣᠶᠤᠨᠲᠤ ᠲᠠᠷᠢᠶᠠᠯᠠᠩ ᠤᠨ ᠬᠡᠷᠡᠭᠯᠡᠭᠡᠨ ᠤ ᠣᠳᠣᠬᠢ ᠪᠠᠶᠢᠳᠠᠯ᠂ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ᠂ ᠣᠶᠤᠨᠲᠤ ᠲᠠᠷᠢᠶᠠᠯᠠᠩ ᠢ ᠠᠬᠢᠭᠤᠯᠬᠤ ᠭᠤᠣᠯ ᠠᠷᠭ᠎ᠠ ᠬᠢᠳᠡᠯ᠂ ᠲᠤᠯᠭᠠᠷᠠᠵᠤ ᠪᠠᠶᠢᠭ᠎ᠠ ᠠᠰᠠᠭᠤᠳᠠᠯ ᠪᠠ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠵᠡᠷᠭᠡ ᠳᠤ ᠪᠠᠶᠢᠴᠠᠭᠠᠨ ᠰᠤᠳᠤᠯᠤᠯᠲᠠ ᠬᠢᠵᠦ᠂ ᠬᠦᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠵᠠᠯᠠᠶᠢᠳ ᠬᠤᠰᠢᠭᠤᠨ ᠤ ︽ᠣᠶᠤᠨᠲᠤ ᠲᠠᠷᠢᠶᠠᠯᠠᠩ ᠤᠨ ᠲᠠᠷᠢᠶᠠᠨ ᠭᠠᠵᠠᠷ ᠤᠨ ᠦᠢᠯᠡᠳᠪᠦᠷᠢᠯᠡᠯ ᠳᠠᠬᠢ ᠬᠡᠷᠡᠭᠯᠡᠭᠡᠨ ᠤ ᠰᠤᠳᠤᠯᠤᠯ︾ ᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ  ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠢᠩᠭᠠᠨ ᠠᠶᠢᠮᠠᠭ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠡᠭᠦᠷᠭᠡ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠬᠢᠷᠠᠭᠤᠯᠤᠯᠳᠠ ᠶᠢᠨ ᠬᠤᠷᠠᠯ ᠳᠤ ᠣᠷᠣᠯᠴᠠᠵᠠᠢ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠠᠶᠢᠮᠠᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠥᠭᠡᠷᠡᠴᠢᠯᠡᠯᠲᠡ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠬᠢᠨᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ᠂ ᠬᠢᠨᠠᠨ ᠪᠠᠶᠢᠴᠠᠭᠠᠬᠤ ᠠᠵᠢᠯ ᠥᠷᠨᠢᠭᠦᠯᠪᠡ᠃      18 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠥᠪᠡᠷᠲᠡᠭᠡᠨ ᠵᠠᠰᠠᠬᠤ ᠣᠷᠣᠨ ᠤ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠨ ᠰᠤᠳᠤᠯᠤᠯᠲᠠ ᠶᠢᠨ ᠶᠠᠷᠢᠯᠴᠠᠬᠤ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ  ᠯᠢᠦ ᠭᠦᠸᠧ ᠮᠢᠨ᠂ ᠯᠢᠦ ᠢᠦᠢ ᠪᠥᠸᠧ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ 2023 ᠣᠨ ᠤ 10 ᠳ᠋ᠤᠭᠠᠷ ᠤᠳᠠᠭᠠᠨ ᠤ ᠬᠤᠷᠠᠯ ᠵᠢᠴᠢ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠵᠠᠯᠠᠶᠢᠳ ᠤᠨ ᠮᠧᠩ ᠶᠢᠨ ᠲᠣᠰᠬᠤᠨ ᠪᠠᠯᠭᠠᠰᠤ ᠶᠢᠨ ᠪᠠᠩᠬᠢ ᠶᠢᠨ ᠠᠶᠤᠯ ᠲᠦᠭᠰᠢᠭᠦᠷᠢ ᠶᠢ ᠠᠷᠢᠯᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃      18 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠤᠯᠪᠤᠭ᠎ᠠ ᠪᠠᠯᠭᠠᠰᠤᠨ ᠤ ᠦ᠋ ᠳ᠋ᠣᠣ ᠾᠧ ᠽᠢ ᠲᠣᠰᠬᠤᠨ ᠢᠶᠠᠷ ᠬᠦᠷᠴᠦ ᠵᠠᠯᠠᠶᠢᠳ ᠬᠤᠰᠢᠭᠤᠨ ᠤ 2023 ᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠶ ᠶᠢᠨ ᠬᠤᠷᠠᠯ ᠤᠨ ᠪᠠᠶᠢᠷᠢᠯᠠᠭᠤᠯᠤᠯᠲᠠ ᠶᠢᠨ ᠪᠠᠶᠢᠳᠠᠯ ᠢ ᠪᠠᠶᠢᠴᠠᠭᠠᠪᠠ᠃      19 ᠠᠴᠠ 21 ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠱᠦᠵᠢ᠂ ᠬᠤᠰᠢᠭᠤᠨ ᠳᠠᠷᠤᠭ᠎ᠠ ᠴᠢ ᠯᠢᠨ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ ᠳᠠᠶᠢᠴᠢᠨ  ᠂ ᠠᠶᠢᠮᠠᠭ ᠤᠨ ᠳᠠᠷᠤᠭ᠎ᠠ ᠰᠦᠬᠡ ᠶᠢ ᠳᠠᠭᠠᠵᠤ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠪᠠ ᠤᠯᠤᠰ ᠤᠨ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠪᠠᠷ ᠬᠦᠷᠴᠦ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠪᠠ ᠴᠢᠳᠠᠮᠵᠢᠲᠤ ᠣᠷᠣᠨ ᠤ ᠰᠢᠯᠢᠳᠡᠭᠵᠢᠭᠦᠯᠦᠨ ᠲᠣᠬᠢᠷᠠᠭᠤᠯᠬᠤ ᠶᠠᠪᠤᠳᠠᠯ ᠢ ᠵᠣᠯᠭᠠᠭᠤᠯᠪᠠ᠃      19 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠵᠠᠯᠠᠶᠢᠳ ᠬᠤᠰᠢᠭᠤᠨ ᠤ 2023 ᠣᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠲᠤᠬᠠᠢ ᠶᠢᠨ ᠲᠠᠯᠠᠪᠠᠶ ᠶᠢᠨ ᠬᠤᠷᠠᠯ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠢ ᠶᠢ ᠰᠡᠷᠭᠦᠭᠡᠬᠦ ᠠᠵᠢᠯ ᠢ ᠨᠡᠶᠢᠲᠡ ᠶᠢᠨ ᠠᠰᠠᠷᠠᠮᠵᠢ ᠶᠢᠨ ᠣᠶ ᠳᠤ ᠣᠷᠣᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ᠂ ᠨᠤᠲᠤᠭ ᠪᠡᠯᠴᠢᠭᠡᠷ ᠤᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠤᠷᠰᠢᠯᠲᠠ ᠶᠢᠨ ᠠᠵᠢᠯ ᠤᠨ ᠡᠬᠢᠯᠡᠯᠲᠡ ᠶᠢᠨ ᠬᠤᠷᠠᠯ ᠳᠤ ᠤᠷᠤᠯᠴᠠᠵᠤ᠂ ᠲᠡᠮᠡᠭᠡᠴᠢ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ  ᠤᠷᠤᠨ   ᠢᠶᠠᠷ ᠭᠦᠷᠴᠤ ᠠᠵᠢᠯ ᠢ  ᠪᠠᠶᠢᠷᠢᠯᠠᠭᠤᠯᠪᠠ᠃       20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠳᠤ ᠥᠪᠡᠷᠲᠡᠭᠡᠨ ᠵᠠᠰᠠᠬᠤ ᠣᠷᠣᠨ ᠤ 2023 ᠣᠨ ᠤ ᠨᠢᠭᠡᠳᠦᠭᠡᠷ ᠬᠤᠭᠤᠴᠠᠭᠠᠨ ᠤ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠬᠤᠷᠠᠯ ᠵᠢᠴᠢ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠢᠴᠢᠶᠡᠯ ᠤᠨ ᠲᠠᠩᠬᠢᠮ ᠤᠨ ᠠᠷᠪᠠ ᠶᠢᠰᠦᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠳᠤ ᠣᠷᠣᠯᠴᠠᠵᠤ᠂ ᠡᠯ᠎ᠡ ᠰᠤᠮᠤ ᠰᠢᠶᠠᠩ ᠪᠠᠯᠭᠠᠰᠤᠨ ᠳᠤ ᠬᠦᠷᠴᠦ ᠭᠠᠯ ᠰᠡᠷᠭᠡᠶᠢᠯᠡᠵᠤ ᠤᠨᠲᠠᠷᠠᠭᠠᠬᠤ ᠠᠵᠢᠯ ᠢ ᠵᠢᠯᠣᠭᠤᠳᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ 2023 ᠣᠨ ᠤ ᠪᠥᠬᠦ ᠠᠶᠢᠮᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠢᠴᠢ ᠬᠠᠶᠠᠭᠳᠠᠮᠠᠯ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠥᠪᠡᠷᠲᠡᠭᠡᠨ ᠵᠠᠰᠠᠬᠤ ᠣᠷᠣᠨ ᠤ 2023 ᠣᠨ ᠤ ᠨᠢᠭᠡᠳᠦᠭᠡᠷ ᠬᠤᠭᠤᠴᠠᠭᠠᠨ ᠤ ᠴᠠᠭ ᠤᠨ ᠪᠠᠶᠢᠳᠠᠯ ᠲᠦᠷᠦ ᠶᠢᠨ ᠪᠣᠳᠣᠯᠭ᠎ᠠ ᠶᠢᠨ ᠬᠤᠷᠠᠯ ᠵᠢᠴᠢ ᠬᠢᠩᠭᠠᠨ ᠠᠶᠢᠮᠠᠭ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ ᠬᠢᠴᠢᠶᠡᠯ ᠤᠨ ᠲᠠᠩᠬᠢᠮ ᠤᠨ ᠠᠷᠪᠠ ᠶᠢᠰᠦᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠬᠠᠪᠰᠣᠷᠭᠠᠭᠰᠠᠨ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ 2023 ᠣᠨ ᠤ ᠪᠥᠬᠦ ᠠᠶᠢᠮᠠᠭ ᠤᠨ ᠠᠵᠢᠯ ᠣᠯᠭᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠪᠥᠬᠦᠳᠡ ᠬᠤᠷᠠᠯ ᠪᠠ ᠪᠥᠬᠦ ᠠᠶᠢᠮᠠᠭ ᠤᠨ ᠬᠦᠯᠦᠰᠣᠨ ᠠᠵᠢᠯᠴᠢᠨ ᠤ ᠠᠵᠢᠯ ᠵᠢᠴᠢ ᠬᠦᠯᠦᠰᠣᠨ ᠠᠵᠢᠯᠴᠢᠨ ᠤ ᠴᠠᠯᠢᠩ ᠢ ᠥᠷᠢᠳᠤᠭ᠍ᠰᠡᠨ ᠠᠰᠠᠭᠤᠳᠠᠯ ᠢ ᠤᠷᠢᠳᠴᠢᠯᠠᠨ ᠰᠡᠷᠭᠡᠶᠢᠯᠡᠵᠦ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠧᠯᠸᠢᠰ ᠤᠳᠠᠰᠣᠳᠣ ᠬᠤᠷᠠᠯ ᠢ ᠳᠠᠶᠢᠴᠢᠯᠠᠨ ᠪᠠᠶᠢᠷᠢᠯᠠᠭᠤᠯᠪᠠ᠃      20 ︱ 26 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ  ᠳᠡᠳ᠋ ᠳᠠᠷᠤᠭ᠎ᠠ ᠯᠢᠦ ᠢᠦᠢ ᠪᠥᠸᠧ ᠪᠡᠭᠡᠵᠢᠩ ᠢᠶᠠᠷ ᠬᠦᠷᠴᠦ ᠵᠤᠭᠠᠴᠠᠯ ᠤᠨ ᠬᠠᠮᠢᠶ᠎ᠠ ᠪᠦᠬᠦᠢ ᠠᠵᠢᠯ ᠢ ᠰᠢᠨᠵᠢᠯᠡᠨ ᠪᠠᠶᠢᠴᠠᠭᠠᠪᠠ᠃       21 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ᠂ ᠵᠠᠯᠠᠶᠢᠳ ᠬᠤᠰᠢᠭᠤᠨ ᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠲᠤᠷᠰᠢᠯᠲᠠ ᠶᠢᠨ ᠴᠡᠭ ᠤᠨ ᠭᠠᠴᠠᠭ᠎ᠠ ᠲᠣᠰᠬᠤᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠤᠨ ᠪᠠᠶᠢᠭᠤᠯᠤᠭᠳᠠᠬᠤ ᠶᠡᠭᠡ ᠬᠤᠷᠠᠯ᠂ ᠵᠠᠯᠠᠶᠢᠳ ᠬᠤᠰᠢᠭᠤᠨ ᠤ ︽ᠭᠤᠷᠪᠠ ᠶᠢ ᠬᠤᠪᠢᠷᠠᠭᠤᠯᠬᠤ ᠥᠭᠡᠷᠡᠴᠢᠯᠡᠯᠲᠡ︾ ᠶᠢᠨ ᠲᠠᠪᠤᠨ ᠶᠡᠭᠡ ᠬᠤᠪᠢ ᠣᠷᠣᠭᠤᠯᠤᠭᠰᠠᠨ ᠬᠤᠷᠰᠢᠶᠠᠵᠢᠯ ᠤᠨ ᠠᠵᠢᠯᠯᠠᠭᠠᠨ ᠤ ᠲᠣᠭᠲᠠᠴᠠ ᠶᠢᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃      22 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠂ ᠮᠠᠨ ᠱᠦᠢ ᠯᠦᠩ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ ᠳᠤ ᠣᠷᠣᠯᠴᠠᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠴᠧᠨ ᠬᠠᠢ ᠱᠠᠨ ᠪᠠᠳᠠᠷᠠᠬᠤ ᠪᠠᠯᠭᠠᠰᠤᠨ ᠤ ᠤᠳᠤᠳᠠᠢ ᠭᠠᠴᠠᠭ᠎ᠠ ᠪᠠᠷ ᠬᠦᠷᠴᠤ᠂ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠵᠢᠴᠢ ︽ᠲᠠᠪᠤᠨ ᠶᠡᠭᠡ ᠬᠤᠷᠰᠢᠶᠠᠵᠢᠯ︾ ᠪᠠᠶᠢᠭᠤᠯᠤᠭᠳᠠᠭᠰᠠᠨ ᠫᠠᠶᠢᠰᠠ ᠰᠡᠬᠦᠬᠦ ᠶᠣᠰᠣᠯᠠᠯ ᠢ ᠡᠷᠭᠢᠯᠠᠵᠤ᠂ ᠬᠦᠷᠡᠯ ᠪᠠᠯᠭᠠᠰᠣ ᠪᠠᠷ ᠬᠦᠷᠴᠤ ᠵᠠᠬᠢᠳᠠᠯ ᠰᠣᠷᠪᠤᠯᠵᠢᠯᠠᠯ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃       23 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠢᠨᠳᠡᠷ ᠪᠠᠯᠭᠠᠰᠤ ᠶᠢᠨ ᠦᠵᠤᠭᠦᠷ ᠲᠣᠰᠬᠤᠨ ᠢᠶᠠᠷ ᠬᠦᠷᠴᠦ ᠬᠥᠳᠡᠭᠡ ᠲᠣᠰᠬᠤᠨ ᠤ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠵᠢᠴᠢ ︽ᠲᠠᠪᠤᠨ ᠶᠡᠭᠡ ᠬᠤᠷᠰᠢᠶᠠᠵᠢᠯ︾ ᠪᠠᠶᠢᠭᠤᠯᠤᠭᠳᠠᠭᠰᠠᠨ ᠫᠠᠶᠢᠰᠠ ᠰᠡᠬᠦᠬᠦ ᠶᠣᠰᠣᠯᠠᠯ ᠢ ᠡᠷᠬᠢᠯᠡᠪᠡ᠃        ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠭᠤᠸ ᠢ ᠠᠮᠤ ᠪᠤᠳᠠᠭᠠᠨ ᠤ ᠦᠢᠯᠡᠰ ᠤᠨ ᠪᠦᠷᠢᠨ ᠪᠤᠰᠣ ᠬᠠᠷᠢᠭᠤᠴᠠᠯᠭᠠᠲᠤ ᠺᠣᠮᠫᠠᠨᠢ ᠪᠣᠯᠣᠨ ᠬᠠᠩᠵᠧᠦ ᠶᠢᠨ ᠵᠢᠶᠠ ᠯᠠᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠠᠢ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠭᠥᠩ ᠰᠢᠶᠣᠣ ᠱᠦᠨ ᠨᠦᠩ ︵ᠪᠡᠭᠡᠵᠢᠩ︶ ᠤᠨ ᠬᠠᠩᠭᠠᠯᠭ᠎ᠠ ᠶᠢᠨ ᠬᠡᠯᠬᠢᠶᠡᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ  ᠸᠢᠳᠢᠣ᠋ ᠪᠠᠷ ᠵᠣᠯᠭᠠᠭᠤᠯᠬᠤ ᠬᠤᠷᠠᠯ ᠳᠤ ᠣᠷᠣᠯᠴᠠᠵᠤ᠂ ᠲᠥᠮᠥᠰᠥ ᠪᠠ ᠰᠢᠨ᠎ᠡ ᠰᠣᠷᠭᠤᠭ ᠢᠳᠡᠭᠡᠨ ᠤ ᠡᠷᠳᠡᠨᠢ ᠰᠢᠰᠢ ᠡᠳ᠋ᠰᠢᠭᠦᠯᠬᠦ ᠲᠥᠷᠥᠯ ᠵᠦᠢᠯ ᠢ ᠵᠣᠯᠭᠠᠭᠤᠯᠬᠤ ᠠᠵᠢᠯ ᠢ ᠠᠬᠢᠭᠤᠯᠵᠠᠢ᠃       24  ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠦᠷᠡᠯ ᠪᠠᠯᠭᠠᠰᠣ ᠪᠠᠷ ᠬᠦᠷᠴᠦ ᠵᠠᠬᠢᠳᠠᠯ ᠰᠣᠷᠪᠤᠯᠵᠢᠯᠠᠯ ᠤᠨ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠣᠶᠢᠯᠠᠭᠠᠵᠤ᠂ ᠪᠦᠬᠦ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ  ᠬᠦᠮᠦᠰ ᠢ ᠳᠠᠭᠠᠭᠤᠯᠤᠨ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠪᠠᠷ ᠪᠠᠶᠢᠴᠠᠭᠠᠨ ᠰᠤᠳᠤᠯᠤᠯᠲᠠ ᠬᠢᠵᠦ᠂ ᠠᠶᠢᠮᠠᠭ ᠤᠨ ᠵᠠᠬᠢᠷᠭ᠎ᠠ ᠪᠠᠷ ᠬᠦᠷᠴᠦ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠠᠶᠢᠮᠠᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠸᠢᠳᠢᠣ᠋ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠠᠶᠢᠮᠠᠭ ᠤᠨ ᠵᠠᠮ ᠬᠠᠷᠢᠯᠴᠠᠭᠠᠨ ᠤ ᠠᠮᠤᠷ ᠲᠦᠪᠰᠢᠨ ᠪᠠ ᠲᠡᠭᠡᠭᠡᠪᠦᠷᠢ ᠶᠢᠨ ᠬᠠᠤᠯᠢ ᠬᠡᠷᠡᠭᠵᠢᠭᠦᠯᠬᠦ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠳᠤ ᠣᠷᠣᠯᠴᠠᠪᠠ᠃       25 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠪᠦᠭᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃       ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠪᠦᠭᠦ ᠣᠷᠣᠨ ᠤ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠶᠤᠯᠭᠦᠢ ᠦᠢᠯᠡᠳᠪᠦᠷᠢᠯᠡᠯ ᠢ ᠰᠣᠯᠪᠢᠴᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠶᠦᠨ ᠶᠣᠣ ᠵᠤᠭᠠᠴᠠᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ ᠢ ᠵᠣᠯᠭᠠᠭᠤᠯᠬᠤ ᠶᠠᠷᠢᠯᠴᠠᠬᠤ ᠬᠤᠷᠠᠯ᠂ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠵᠠᠢ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠪᠦᠭᠦ ᠤᠯᠤᠰ ᠤᠨ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ  ᠭᠠᠴᠠᠭ᠎ᠠ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠶᠢᠨ ᠢᠳᠡᠭᠡᠨ ᠤ ᠪᠣᠯᠪᠠᠰᠤᠷᠠᠯ ᠤᠨ ᠠᠩᠭᠢ ᠶᠢᠨ ᠵᠠᠯᠠᠶᠢᠳ ᠬᠤᠰᠢᠭᠤᠨ ᠳᠠᠬᠢ ᠬᠤᠪᠢᠶᠠᠷᠢ ᠬᠢᠴᠢᠶᠡᠯ ᠤᠨ ᠠᠷᠪᠠᠳᠤᠭᠠᠷ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠲᠠᠷᠤᠭ᠎ᠠ  ᠴᠧᠨ ᠬᠠᠢ ᠱᠠᠨ ᠬᠤᠰᠢᠭᠤᠨ ᠤ ᠨᠡᠶᠢᠭᠡᠮ ᠤᠨ ᠵᠠᠰᠠᠯᠲᠠ ᠶᠢᠨ ᠲᠥᠪ ᠤᠨ ᠨᠢᠭᠡᠳᠦᠭᠡᠷ ᠳᠠᠪᠬᠤᠷᠯᠢᠭ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ ᠲᠢᠩᠬᠢᠮ ᠳᠤ ᠰᠣᠷᠪᠤᠯᠵᠢᠯᠠᠭ᠎ᠠ ᠬᠦᠯᠢᠶᠡᠪᠡ᠃  26 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠠᠶᠢᠮᠠᠭ ᠤᠨ ᠵᠠᠬᠢᠷᠭ᠎ᠠ ᠪᠠᠷ ᠬᠦᠷᠴᠦ ᠬᠤᠰᠢᠭᠤ ᠰᠢᠶᠠᠨ ᠬᠤᠲᠠ ᠳᠤ ᠲᠣᠮᠢᠯᠠᠨ ᠰᠠᠭᠤᠯᠭᠠᠭᠰᠠᠨ ᠬᠢᠨᠠᠨ ᠵᠢᠯᠤᠭᠤᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃       ᠲᠤᠰ ᠡᠳᠦᠷ ᠬᠤᠰᠢᠭᠤᠨ ᠤ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ︽ᠰᠠᠷ᠎ᠠ ᠶᠢᠨ ᠡᠭᠡᠯᠵᠢᠳᠣ ᠬᠤᠷᠠᠯ︾ ᠳᠤ ᠣᠷᠣᠯᠴᠠᠵᠤ᠂ ᠠᠮᠤᠷ  ᠠᠮᠤᠭᠤᠯᠠᠩ ᠵᠠᠯᠠᠶᠢᠳ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ ᠠᠩᠬᠠᠳᠤᠭᠠᠷ  ᠤᠳᠠᠭᠠᠨ ᠤ ᠬᠤᠷᠠᠯ ᠳᠤ ᠣᠷᠣᠯᠴᠠᠪᠠ᠃    27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠵᠠᠯᠠᠶᠢᠳ ᠬᠤᠰᠢᠭᠤᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠴᠡᠭᠴᠡᠯᠡᠨ ᠵᠠᠰᠠᠵᠤ ᠳ᠋ᠤᠭᠠᠷ ᠢ ᠬᠠᠰᠤᠬᠤ ᠠᠩᠬᠠᠨ ᠤ ᠬᠢᠨᠠᠯᠲᠠ ᠶᠢᠨ ᠬᠤᠷᠠᠯ ᠳᠤ ᠣᠷᠣᠯᠴᠠᠵᠤ᠂ ᠢᠦᠢ ᠹᠧᠩ ᠠᠮᠤ ᠪᠤᠳᠠᠭᠠᠨ ᠤ ᠠᠷᠠᠯᠵᠢᠶᠠᠨ ᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃   ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠂ ᠵᠢᠶᠠ ᠯᠢ ᠮᠢᠩ ᠬᠤᠭᠤᠯᠠᠢ ᠲᠤᠤᠷ ᠤᠨ ᠦᠢᠯᠡᠰ᠂ ᠥᠪᠥᠷ ᠮᠣᠩᠭᠤᠯ ᠤᠨ ᠯᠢ ᠪᠠᠢ ᠴᠤᠸᠠᠨ ᠣᠶᠤᠨᠲᠤ ᠲᠠᠷᠢᠶᠠᠯᠠᠩ ᠤᠨ ᠬᠢᠵᠠᠭᠠᠷᠲᠤ ᠺᠣᠮᠫᠠᠨᠢ ᠪᠠᠷ ᠬᠦᠷᠴᠦ ᠲᠤᠬᠠᠢ ᠶᠢᠨ ᠭᠠᠵᠠᠷ ᠲᠤᠨᠢ ᠪᠠᠶᠢᠴᠠᠭᠠᠯᠲᠠ ᠬᠢᠵᠡᠢ᠃   27 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠨᠡᠭᠡᠭᠡᠨ ᠬᠥᠭᠵᠢᠭᠦᠯᠦᠯᠲᠡ ᠶᠢᠨ ᠣᠷᠣᠨ ᠤ ᠰᠤᠯᠠ ᠪᠠᠶᠢᠭ᠎ᠠ ᠡᠬᠢ ᠪᠠᠶᠠᠯᠢᠭ ᠤᠨ ᠡᠯᠧᠮᠧᠨ᠋ᠲ ᠢ ᠶᠡᠭᠡ ᠪᠠᠷ ᠴᠡᠭᠴᠡᠯᠡᠨ ᠵᠠᠰᠠᠵᠤ ᠳ᠋ᠤᠭᠠᠷ ᠢ ᠬᠠᠰᠤᠬᠤ ᠠᠩᠬᠠᠨ ᠤ ᠬᠢᠨᠠᠯᠲᠠ ᠶᠢᠨ ᠬᠤᠷᠠᠯ ᠳᠤ ᠣᠷᠣᠯᠴᠠᠪᠠ  ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠵᠠᠬᠢᠳᠠᠯ ᠰᠣᠷᠪᠤᠯᠵᠢᠯᠠᠯ ᠢ ᠬᠦᠯᠢᠶᠡᠨ ᠠᠪᠬᠤ ᠡᠳᠦᠷ ᠲᠤ ᠵᠢᠵᠢᠭᠦᠷᠯᠡᠪᠡ᠃  28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠪᠠ᠃  ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠪᠠᠶᠠᠨᠭᠤᠣᠯ ᠪᠠᠯᠭᠠᠰᠤᠨ ᠤ ᠢᠦᠢ ᠵᠧᠨ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶᠠᠵᠢᠯ ᠢᠶᠠᠷ ᠬᠦᠷᠴᠦ ᠵᠠᠯᠠᠶᠢᠳ ᠬᠤᠰᠢᠭᠤᠨ ᠤ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ︾ ᠶᠢᠨ ᠵᠢᠮᠢᠰ ᠤᠨ ᠮᠤᠳᠤᠨ ᠴᠢᠬᠢ ᠬᠦᠷᠭᠡᠬᠦ ᠶᠣᠰᠣᠯᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2023 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠢᠨᠠᠷᠲᠠᠢ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠮᠡᠳᠡᠭᠦᠯᠦᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃  ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯᠯᠠᠭ᠎ᠠ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃ 29 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ  ᠴᠧᠨ ᠬᠠᠢ ᠱᠠᠨ ᠲᠡᠮᠡᠭᠡᠴᠢ ᠬᠠᠮᠠᠭᠠᠯᠠᠯᠲᠠ ᠶᠢᠨ ᠣᠷᠣᠨ ᠤ ᠴᠢᠳᠠᠪᠬᠢᠲᠤ ᠣᠷᠣᠨ ᠤ ᠬᠤᠯᠪᠣᠭᠳᠠᠯ ᠪᠦᠬᠦᠢ ᠤᠴᠢᠷ ᠶᠠᠪᠤᠳᠠᠯ ᠳᠤ ᠲᠣᠬᠢᠷᠠᠭᠤᠯᠤᠯᠲᠠ ᠬᠢᠪᠡ᠃  30 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠡᠯ᠎ᠡ ᠭᠠᠵᠠᠷ ᠢᠶᠠᠷ ᠭᠦᠨᠵᠡᠭᠡᠶᠢᠷᠡᠨ ᠬᠥᠮᠥᠰ ᠤᠨ ᠣᠷᠣᠰᠢᠨ ᠰᠠᠭᠤᠷᠢᠰᠢᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠪᠡ᠃  
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号