ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠩᠭᠢ ᠶᠢᠨ ᠡᠷᠬᠢᠯᠡᠭᠴᠢ ᠶᠢᠨ ᠪᠣᠯᠪᠠᠰᠤᠷᠠᠯ ᠤᠨ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2023/8/15
    ᠠᠩᠭᠢ ᠶᠢᠨ ᠡᠷᠬᠢᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠩᠭᠢ ᠶᠢᠨ ᠡᠷᠬᠢᠯᠡᠭᠴᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 8 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 13 ᠤ ᠡᠳᠦᠷ ᠪᠣᠯᠲᠠᠯ᠎ᠠ᠂ ᠵᠠᠯᠠᠶᠢᠳ ᠬᠤᠰᠢᠭᠤᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ  ᠂ ᠠᠩᠭᠢ ᠶᠢᠨ ᠡᠷᠬᠢᠯᠡᠭᠴᠢ ᠶᠢᠨ ᠪᠣᠯᠪᠠᠰᠤᠷᠠᠯ ᠤᠨ ᠬᠤᠷᠠᠯ ᠡᠷᠭᠢᠯᠡᠪᠡ     ᠲᠤᠰ ᠤᠳᠠᠭᠠᠨ ᠤ ᠪᠣᠯᠪᠠᠰᠤᠷᠠᠯ ᠨᠢ ᠭᠡᠷ ᠪᠦᠯᠢ ᠶᠢᠨ ᠬᠥᠮᠦᠵᠢᠯ᠂ ᠬᠡᠷᠬᠢᠨ ᠪᠦᠯᠬᠦᠮ ᠨᠡᠶᠢᠲᠡ ᠵᠢᠴᠢ ᠠᠮᠢᠳᠤᠷᠠᠯ ᠤᠨ ᠲᠥᠯᠦᠪᠵᠢᠭᠦᠯᠭᠡ ᠶᠢ ᠵᠣᠬᠢᠶᠠᠨ ᠪᠠᠶᠢᠭᠤᠯᠬᠤ᠂ ᠢᠷᠡᠭᠡᠳᠦᠢ ᠳᠤ ᠪᠢ ᠡᠵᠡᠨ ᠮᠡᠳᠡᠬᠦ᠂ ᠵᠣᠬᠢᠶᠠᠨ ᠪᠠᠶᠢᠭᠤᠯᠤᠯᠲᠠ ᠶᠢᠨ ᠪᠠᠶᠠᠷ ᠬᠥᠷ ᠲᠠᠢ ᠠᠵᠢᠯ ᠳᠤ ᠠᠭᠤᠰᠤᠯᠴᠠᠬᠤ᠂ ᠭᠠᠷ ᠬᠤᠯᠪᠣᠨ ᠬᠠᠮᠲᠤ ᠪᠠᠷ ᠤᠷᠤᠭᠰᠢᠯᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠶᠠᠪᠤᠭᠳᠠᠵᠠᠢ᠃ ᠪᠣᠯᠪᠠᠰᠤᠷᠠᠯ ᠤᠨ ᠠᠭᠤᠯᠭ᠎ᠠ ᠨᠢ ᠨᠠᠷᠢᠯᠢᠭ ᠪᠥᠭᠡᠳ ᠪᠥᠬᠦ ᠲᠠᠯ᠎ᠠ ᠶᠢᠨ ᠪᠠᠶᠢᠵᠤ᠂ ᠠᠩᠭᠢ ᠶᠢᠨ ᠬᠠᠮᠢᠶᠠᠷᠤᠯᠲᠠ ᠶᠢᠨ ᠨᠠᠷᠢᠨ ᠵᠦᠢᠯᠡᠰ ᠨᠢᠭᠡᠪᠦᠷᠢ ᠳᠤ ᠬᠦᠷᠲᠡᠯ᠎ᠡ ᠪᠣᠳᠠᠲᠠᠶᠢᠵᠢᠭᠤᠯᠵᠤ᠂ ᠠᠩᠭᠢ ᠶᠢᠨ ᠡᠷᠬᠢᠯᠡᠭᠴᠢ ᠶᠢᠨ ᠠᠵᠢᠯ ᠤᠨ ᠪᠣᠶ ᠪᠦᠬᠦᠢ ᠭᠤᠭᠴᠤᠭ᠎ᠠ ᠶᠢ ᠬᠠᠮᠤᠷᠴᠤ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠯᠣᠭᠢᠭ ᠰᠡᠳᠬᠢᠴᠡ ᠲᠣᠳᠣᠷᠬᠠᠢ᠂ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠳᠠᠭ ᠪᠣᠯᠬᠤᠷ ᠲᠤᠬᠠᠢ ᠶᠢᠨ ᠲᠠᠯᠠᠪᠤᠷ ᠲᠤ ᠤᠷᠤᠯᠴᠠᠭᠰᠠᠳ᠂ ᠠᠩᠭᠢ ᠶᠢᠨ ᠬᠠᠮᠢᠶᠠᠷᠤᠯᠲᠠ ᠶᠢᠨ ᠲᠥᠯᠦᠪᠵᠢᠭᠦᠯᠭᠡ ᠶᠢᠨ ᠠᠷᠭ᠎ᠠ ᠶᠢ ᠣᠯᠣᠭᠰᠠᠨ ᠢᠶᠠᠷ ᠪᠠᠷᠠᠬᠤ ᠦᠭᠡᠢ᠂ ᠥᠪᠡᠷ ᠤᠨ ᠬᠥᠮᠥᠨ ᠬᠥᠮᠥᠵᠢᠭᠦᠯᠬᠦ ᠬᠠᠷᠠᠯᠲᠠ ᠪᠠᠨ ᠨᠠᠩ ᠲᠣᠳᠣᠷᠬᠠᠢ ᠪᠣᠯᠭᠠᠵᠤ᠂ ᠬᠦᠨᠳᠦ ᠡᠭᠦᠷᠭᠡ ᠶᠢ ᠡᠭᠦᠷᠭᠡᠯᠡᠬᠦ ᠶᠢ ᠭᠦᠨᠵᠡᠭᠡᠢ ᠣᠶᠢᠯᠠᠭᠠᠭᠰᠠᠨ ᠪᠠᠶᠢᠨ᠎ᠠ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号