ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠠᠯᠪᠠᠨ ᠭᠡᠷ ᠤᠨ ᠲᠠᠷᠬᠠᠭᠠᠭᠰᠠᠨ | 〔2023〕4 ᠳ᠋ᠤᠭᠡᠷ ᠲᠣᠭᠠᠲᠤ | ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠵᠠᠯᠠᠶᠢᠳ ᠬᠤᠰᠢᠭᠤᠨ ᠤ 2023 ᠣᠨ ᠤ ᠰᠢᠯᠢᠳᠡᠭ ᠡᠭᠦᠯᠳᠡᠷ ᠤᠨ ᠡᠬᠡ ᠮᠠᠯ ᠤᠨ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠵᠦ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | 2023 ᠣᠨ ᠤ 3 ᠰᠠᠷ᠎ᠠ ᠶᠢᠨ 12 ᠤ ᠡᠳᠣᠷ | ᠵᠠᠯᠠᠶᠢᠳ ᠬᠤᠰᠢᠭᠤᠨ ᠤ 2023 ᠣᠨ ᠤ ᠰᠢᠯᠢᠳᠡᠭ ᠡᠭᠦᠯᠳᠡᠷ ᠤᠨ ᠡᠬᠡ ᠮᠠᠯ ᠤᠨ ᠠᠵᠤ ᠦᠢᠯᠡᠰ ᠤᠨ | ᠬᠥᠭᠵᠢᠯᠲᠡ ᠶᠢ ᠲᠡᠳᠬᠦᠨ ᠳᠡᠮᠵᠢᠵᠦ ᠬᠡᠷᠡᠭᠵᠢᠭᠦᠯᠬᠦ ᠲᠥᠰᠥᠯ | ︽︿ᠵᠠᠯᠠᠶᠢᠳ ᠬᠤᠰᠢᠭᠤᠨ ᠤ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠲᠠᠪᠤᠨ ᠵᠢᠯ ᠤᠨ ᠲᠥᠯᠦᠪᠵᠢᠭᠦᠯᠭᠡ ︵2021 ︱ 2025 ᠣᠨ︶﹀ ᠶᠢ ᠳᠠᠷᠤᠮᠠᠯᠯᠠᠨ ᠲᠠᠷᠬᠠᠭᠠᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠬᠤᠷᠢᠶ᠎ᠠ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠤ ᠮᠡᠳᠡᠭᠳᠡᠯ︾ ︵ᠵᠠᠯᠠᠶᠢᠳ ᠬᠤᠰᠢᠭᠤᠨ ᠤ ᠨᠠᠮ ᠤᠨ ᠬᠤᠷᠢᠶ᠎ᠠ ᠠᠴᠠ ᠲᠠᠷᠬᠠᠭᠠᠭᠰᠠᠨ ﹇ | 2021﹈ 13 ᠳ᠋ᠤᠭᠠᠷ ᠲᠣᠭᠠᠲᠤ︶ ᠶᠣᠰᠣᠭᠠᠷ᠂ ᠮᠢᠬᠠᠨ ᠦᠬᠡᠷ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠳᠠᠪᠠᠭᠤᠯᠢᠭ ᠡᠬᠢ ᠪᠠᠶᠠᠯᠢᠭ ᠤᠨ ᠠᠵᠤ | ᠠᠬᠤᠢ ᠶᠢᠨ ᠦᠷ᠎ᠡ ᠠᠰᠢᠭ ᠢ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠮᠠᠯ ᠠᠵᠤ ᠠᠬᠤᠢ ᠶᠢᠨ | ᠨᠡᠮᠡᠭᠳᠡᠯ ᠤᠨ ᠴᠡᠭ ᠢ ᠪᠤᠢ ᠪᠤᠯᠭᠠᠵᠤ᠂ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ | ᠪᠠᠷ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠬᠥᠭᠵᠢᠯᠲᠡ ᠶᠢᠨ ᠬᠠᠷᠠᠯᠲᠠ | ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ ᠳᠡᠮᠵᠢᠨ᠂ ᠪᠥᠬᠦ ᠬᠤᠰᠢᠭᠤᠨ ᠤ ᠰᠢᠯᠢᠳᠡᠭ | ᠡᠭᠦᠯᠳᠡᠷ ᠤᠨ ᠮᠢᠬᠠᠨ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠰᠢᠮᠧᠨ᠋ᠳᠡᠷ᠂ ᠠᠩᠭᠧᠰ ᠢᠶᠠᠷ | ᠭᠤᠣᠯᠯᠠᠭᠤᠯᠤᠨ ᠡᠭᠦᠯᠳᠡᠷ ᠢ ᠳᠡᠯᠭᠡᠷᠡᠭᠦᠯᠵᠦ᠂ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠨ᠂ 2023 | ᠣᠨ ᠳᠤ 5 ᠲᠦᠮᠠ ᠨᠡᠮᠡᠭᠳᠡᠭᠦᠯᠵᠦ᠂ ᠪᠦᠬᠦ ᠲᠤᠭ᠎ᠠ ᠶᠢ 43 ᠲᠦᠮᠠ ᠳᠤ ᠬᠦᠷᠦᠭᠦᠯᠵᠤ᠂ ᠴᠢᠨᠠᠷ ᠰᠠᠶᠢᠲᠠᠢ ᠮᠢᠬᠠᠨ | ᠦᠬᠡᠷ ᠤᠨ ᠡᠭᠦᠯᠳᠡᠷ ᠢ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠵᠢᠯ ᠤᠨ ᠳᠣᠲᠣᠷ᠎ᠠ 2 ᠲᠦᠮᠡᠨ ᠡᠭᠦᠯᠳᠡᠷ ᠢ | ᠰᠠᠶᠢᠵᠢᠷᠠᠭᠤᠯᠦᠨᠡ᠃ | ᠬᠤᠶᠠᠷ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠵᠣᠬᠢᠶᠠᠨ ᠪᠠᠶᠢᠭᠤᠯᠤᠨ ᠳᠡᠭᠡᠭᠰᠢ ᠮᠡᠳᠡᠭᠦᠯᠬᠦ ᠶᠠᠪᠤᠴᠠ᠃ ᠡᠯ᠎ᠡ ᠰᠤᠮᠤ ᠰᠢᠶᠠᠩ ᠪᠠᠯᠭᠠᠰᠤ ︵ᠲᠥᠪ︶ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠳᠡᠵᠢᠭᠡᠨ ᠦᠷᠡᠵᠢᠬᠦᠯᠬᠦ | ᠬᠦᠰᠡᠯ ᠲᠠᠢ ᠮᠠᠯᠴᠢᠨ ᠲᠠᠷᠢᠶᠠᠴᠢᠨ ᠡᠷᠦᠬᠡ ᠶᠢ ᠵᠣᠬᠢᠶᠠᠨ ᠪᠠᠶᠢᠭᠤᠯᠤᠨ ︽ᠰᠠᠭᠤᠷᠢ ᠡᠬᠡ ᠮᠠᠯ ᠬᠤᠳᠠᠯᠳᠤᠨ ᠠᠪᠬᠤ | ᠭᠤᠶᠤᠴᠢᠯᠠᠯ ᠤᠨ ᠬᠦᠰᠦᠨᠦᠭᠲᠦ︾ ︵ᠳᠠᠭᠠᠯᠳᠤᠭᠤᠯᠤᠯ 1 ︶ ᠲᠠᠭᠯᠠᠭᠤᠯᠬᠤ ᠶᠢᠨ ᠬᠠᠮᠲᠤ᠂ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠬᠦᠷᠭᠡᠵᠦ ᠬᠢᠨᠠᠭᠤᠯᠤᠨ᠎ᠠ᠃ | ︵ᠬᠤᠶᠠᠷ︶ ᠦᠨᠢᠶ᠎ᠡ ᠬᠤᠳᠠᠯᠳᠤᠨ ᠠᠪᠬᠤ ᠶᠠᠪᠤᠴᠠ᠃ ᠲᠡᠵᠢᠭᠡᠨ ᠦᠷᠡᠵᠢᠭᠦᠯᠬᠦ ᠬᠦᠰᠡᠯ ᠲᠠᠢ ᠬᠦᠮᠦᠰ ᠤᠨ | ᠪᠠᠶᠢᠳᠠᠯ ᠢ ᠦᠨᠳᠦᠰᠦᠯᠡᠨ᠂ ᠡᠬᠡ ᠮᠠᠯ ᠬᠤᠳᠠᠯᠳᠤᠨ ᠠᠪᠬᠤ ᠲᠤᠭ᠎ᠠ ᠬᠡᠮᠵᠢᠶ᠎ᠡ ᠵᠢᠴᠢ ᠨᠥᠬᠦᠪᠦᠷᠢ ᠪᠡᠯᠡ ᠮᠥᠩᠭᠦ ᠶᠢᠨ | ᠶᠡᠷᠦᠩᠬᠡᠢ ᠬᠡᠮᠵᠢᠶ᠎ᠡ ᠶᠢ ᠵᠣᠬᠢᠰᠲᠠᠢ ᠲᠥᠯᠥᠪᠯᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠠᠶᠢᠮᠠᠭ ᠤᠨ ᠭᠠᠳᠠᠨᠠᠬᠢ ᠰᠢᠯᠢᠳᠡᠭ ᠡᠭᠦᠯᠳᠡᠷ ᠤᠨ ᠡᠬᠡ ᠮᠠᠯ ᠬᠤᠳᠠᠯᠳᠤᠨ | ᠠᠪᠬᠤ ᠦᠢᠯᠡᠴᠢᠯᠡᠭᠡᠨ ᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠬᠤᠳᠠᠯᠳᠤᠨ ᠠᠪᠤᠭᠰᠠᠨ ᠰᠢᠯᠢᠳᠡᠭ ᠡᠭᠦᠯᠳᠡᠷ | ᠤᠨ ᠡᠬᠡ ᠮᠠᠯ ᠢ ᠬᠤᠰᠢᠭᠤᠨ ᠤ ᠲᠣᠭᠲᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠳᠤ 21 ᠡᠳᠦᠷ | ᠲᠤᠰᠠᠭᠠᠷᠯᠠᠨ᠎ᠠ᠃ ᠬᠢᠵᠢᠭ ᠪᠠᠶᠢᠴᠠᠭᠠᠵᠤ ᠲᠤᠰᠠᠭᠠᠷᠯᠠᠬᠤ ᠬᠤᠭᠤᠴᠠᠭᠠᠨ ᠳᠤ ᠨᠡᠶᠢᠭᠡᠮᠴᠢᠯᠡᠭᠰᠡᠨ ᠦᠢᠯᠡᠴᠢᠯᠡᠭᠡᠨ ᠤ | ᠪᠠᠶᠢᠭᠤᠯᠤᠮᠵᠢ ᠠᠴᠠ ᠪᠷᠦ᠋ᠼᠧᠯ ᠡᠪᠡᠳᠴᠢᠨ᠂ ᠰᠢᠯᠦᠬᠡᠢ ᠡᠪᠡᠳᠴᠢᠨ ᠵᠢᠴᠢ ᠪᠤᠰᠤᠳ ᠬᠢᠵᠢᠭ ᠡᠪᠡᠳᠴᠢᠨ ᠢ | ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ ᠬᠢᠨ᠎ᠡ᠃ | 1. ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ | ᠬᠢᠨᠠᠨ ᠬᠠᠷᠭᠤᠭᠤᠯᠵᠤ ᠥᠩᠭᠡᠷᠡᠭᠰᠡᠨ ᠮᠠᠯᠴᠢᠨ ᠲᠠᠷᠢᠶᠠᠴᠢᠨ ᠡᠷᠦᠬᠡ ᠬᠤᠰᠢᠭᠤᠨ ᠤ ᠲᠣᠭᠲᠠᠭᠠᠭᠰᠠᠨ ᠬᠢᠵᠢᠭ | ᠪᠠᠶᠢᠴᠠᠭᠠᠵᠤ ᠲᠤᠰᠠᠭᠠᠷᠯᠠᠬᠤ ᠲᠠᠯᠠᠪᠠᠶ ᠳᠤ ᠬᠦᠷᠴᠦ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠳᠤ ᠬᠦᠷᠦᠭᠰᠡᠨ ᠡᠬᠡ ᠮᠠᠯ | ᠬᠤᠳᠠᠯᠳᠤᠨ ᠠᠪᠴᠤ ᠪᠣᠯᠣᠨ᠎ᠠ᠃ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠢ ᠠᠴᠠ ᠰᠢᠯᠭᠠᠨ ᠠᠪᠬᠤ ᠭᠠᠷ | ᠭᠦᠢᠴᠡᠳᠬᠡᠯ ︵ᠠᠭᠤᠯᠭ᠎ᠠ ᠳᠤ᠄ ᠭᠤᠶᠤᠴᠢᠯᠠᠯ ᠤᠨ ᠪᠢᠴᠢᠭ᠂ ᠬᠤᠳᠠᠯᠳᠤᠨ ᠠᠪᠬᠤ ᠭᠡᠷ᠎ᠡ᠂ ᠣᠷᠣᠭᠤᠯᠵᠤ | ᠠᠪᠴᠢᠷᠠᠭᠰᠠᠨ ᠭᠠᠵᠠᠷ ᠤᠨ ᠬᠢᠵᠢᠭ ᠪᠠᠶᠢᠴᠠᠭᠠᠭᠰᠠᠨ ᠭᠡᠷᠡᠴᠢ᠂ ᠪᠠᠷᠢᠮᠲᠠ᠂ ᠬᠡᠷᠡᠯ ᠵᠢᠷᠤᠭ᠂ ᠡᠯᠧᠺᠲᠷᠣᠨ ᠴᠢᠬᠢᠨ ᠤ | ᠲᠡᠮᠳᠡᠭ ᠵᠡᠷᠭᠡ ᠶᠢ ᠪᠠᠭᠲᠠᠭᠠᠨ᠎ᠠ︶ ᠭᠠᠷᠭᠠᠵᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠤᠨ᠎ᠠ᠃ | 2. ᠮᠠᠯᠴᠢᠨ ᠲᠠᠷᠢᠶᠠᠴᠢᠨ ᠡᠷᠦᠬᠡ ᠡᠬᠡ ᠮᠠᠯ ᠢ ᠥᠪᠡᠷ ᠢᠶᠠᠨ ᠣᠷᠣᠭᠤᠯᠤᠭᠰᠠᠨ ᠪᠠᠶᠢᠪᠠᠯ᠂ ᠬᠤᠰᠢᠭᠤᠨ ᠤ | ᠭᠠᠳᠠᠨ᠎ᠠ ᠠᠴᠠ ᠦᠨᠢᠶ᠎ᠡ ᠬᠤᠳᠠᠯᠳᠤᠨ ᠠᠪᠬᠤ ᠶᠢᠨ ᠬᠠᠮᠲᠤ ᠦᠨᠢᠶ᠎ᠡ ᠬᠤᠳᠠᠯᠳᠤᠨ ᠠᠪᠬᠤ ᠭᠠᠷ ᠭᠦᠢᠴᠡᠳᠬᠡᠯ ︵ | ᠠᠭᠤᠯᠭ᠎ᠠ ᠳᠤ᠄ ᠭᠤᠶᠤᠴᠢᠯᠠᠯ ᠤᠨ ᠪᠢᠴᠢᠭ᠂ ᠬᠤᠳᠠᠯᠳᠤᠨ ᠠᠪᠬᠤ ᠭᠡᠷ᠎ᠡ᠂ ᠣᠷᠣᠭᠤᠯᠵᠤ ᠠᠪᠴᠢᠷᠠᠭᠰᠠᠨ | ᠭᠠᠵᠠᠷ ᠤᠨ ᠬᠢᠵᠢᠭ ᠤᠨ ᠪᠠᠶᠢᠴᠠᠭᠠᠯᠲᠠ ᠶᠢᠨ ᠭᠡᠷᠡᠴᠢ᠂ ᠪᠠᠷᠢᠮᠲᠠ᠂ ᠬᠡᠷᠡᠯ ᠵᠢᠷᠤᠭ᠂ ᠡᠯᠧᠺᠲᠷᠣᠨ ᠴᠢᠬᠢᠨ ᠤ ᠲᠡᠮᠳᠡᠭ | ᠵᠡᠷᠭᠡ ᠶᠢ ᠪᠠᠭᠲᠠᠭᠠᠨ᠎ᠠ︶ ᠢ ᠬᠠᠩᠭᠠᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠭᠲᠠᠭᠰᠠᠨ ᠬᠢᠵᠢᠭ ᠪᠠᠶᠢᠴᠠᠭᠠᠵᠤ | ᠲᠤᠰᠠᠭᠠᠷᠯᠠᠬᠤ ᠲᠠᠯᠠᠪᠠᠶ ᠳᠤ 21 ᠡᠳᠦᠷ ︵ᠲᠤᠰᠠᠭᠠᠷᠯᠠᠬᠤ ᠬᠤᠭᠤᠴᠠᠭᠠᠨ ᠳᠤ ᠦᠬᠡᠷ ᠪᠦᠷᠢ ᠶᠢᠨ ᠲᠡᠵᠢᠭᠡᠯ | ᠪᠣᠷᠳᠤᠭ᠎ᠠ ᠵᠢᠴᠢ ᠬᠥᠮᠥᠨ ᠤ ᠬᠦᠴᠦᠨ ᠤ ᠵᠠᠷᠤᠳᠠᠯ 300 ᠲᠥᠭᠦᠷᠢᠭ᠂ ᠸᠠᠺᠼᠢᠨ ᠤ ᠵᠠᠷᠤᠳᠠᠯ 80 ᠲᠥᠭᠦᠷᠢᠭ᠂ | ᠨᠡᠶᠢᠲᠡ 380 ᠲᠥᠭᠦᠷᠢᠭ᠂ ᠮᠠᠯᠴᠢᠨ ᠲᠠᠷᠢᠶᠠᠴᠢᠨ ᠡᠷᠦᠬᠡ ᠥᠪᠡᠷᠲᠡᠭᠡᠨ ᠰᠢᠢᠳᠪᠦᠷᠢᠯᠡᠨ᠎ᠡ︶ ᠲᠤᠰᠠᠭᠠᠷᠯᠠᠬᠤ ᠶᠢᠨ | ᠬᠠᠮᠲᠤ ᠬᠠᠮᠢᠶ᠎ᠠ ᠪᠦᠬᠦᠢ ᠭᠠᠷ ᠭᠦᠢᠴᠡᠳᠬᠡᠯ ᠢ ᠭᠦᠢᠴᠡᠳᠬᠡᠨ᠎ᠡ᠂ ᠡᠰᠡ ᠲᠡᠭᠡᠪᠡᠯ ᠲᠣᠰ ᠲᠥᠰᠥᠯ ᠤᠨ ᠨᠥᠬᠦᠪᠦᠷᠢ ᠶᠢ | ᠭᠥᠷᠳᠡᠭᠡᠬᠦ ᠦᠭᠡᠢ᠃ ᠬᠢᠨᠠᠨ ᠬᠠᠷᠭᠤᠭᠤᠯᠤᠯᠲᠠ ᠳᠤ ᠬᠢᠷᠢ ᠲᠡᠩᠴᠡᠭᠰᠡᠨ ᠦᠭᠡᠢ ᠪᠤᠶᠤ ᠬᠢᠨᠠᠨ ᠬᠠᠷᠭᠤᠭᠤᠯᠤᠭᠠᠳ | ᠬᠤᠰᠢᠭᠤᠨ ᠭᠠᠳᠠᠨ᠎ᠠ ᠠᠴᠠ ᠬᠤᠳᠠᠯᠳᠤᠨ ᠠᠪᠤᠭᠰᠠᠨ ᠢᠶᠠᠷ ᠮᠠᠭᠠᠳᠯᠠᠨ ᠲᠣᠭᠲᠠᠭᠠᠵᠤ ᠳᠡᠶᠢᠯᠬᠦ ᠦᠭᠡᠢ ᠪᠠᠶᠢᠪᠠᠯ᠂ | ᠲᠣᠰ ᠲᠥᠰᠥᠯ ᠤᠨ ᠨᠥᠬᠦᠪᠦᠷᠢ ᠶᠢ ᠭᠥᠷᠳᠡᠭᠡᠬᠦ ᠦᠭᠡᠢ᠃ | 3. ᠡᠭᠦᠯᠳᠡᠷ ᠰᠠᠶᠢᠵᠢᠷᠠᠭᠤᠯᠬᠤ ᠭᠤᠣᠯ ᠡᠷᠦᠬᠡ ᠲᠣᠭᠲᠠᠭᠰᠠᠨ ᠬᠢᠵᠢᠭ ᠪᠠᠶᠢᠴᠠᠭᠠᠵᠤ ᠲᠤᠰᠠᠭᠠᠷᠯᠠᠬᠤ | ᠲᠠᠯᠠᠪᠠᠶ ᠳᠤ ᠲᠤᠰᠠᠭᠠᠷᠯᠠᠬᠤ ︵ᠵᠠᠷᠤᠳᠠᠯ ᠢ ᠬᠢᠵᠢᠭ ᠪᠠᠶᠢᠴᠠᠭᠠᠵᠤ ᠲᠤᠰᠠᠭᠠᠷᠯᠠᠬᠤ ᠲᠠᠯᠠᠪᠠᠶ ᠶᠢᠨ ᠨᠡᠶᠢᠭᠡᠮᠴᠢᠯᠡᠭᠰᠡᠨ | ᠦᠢᠯᠡᠴᠢᠯᠡᠭᠡᠨ ᠤ ᠪᠠᠶᠢᠭᠤᠯᠤᠮᠵᠢ ᠠᠴᠠ ᠡᠭᠦᠷᠭᠡᠯᠡᠨ᠎ᠡ︶ ᠵᠢᠴᠢ ᠬᠠᠮᠢᠶ᠎ᠠ ᠪᠦᠬᠦᠢ ᠭᠠᠷᠳᠠᠮ ᠢ ᠭᠦᠢᠴᠡᠳᠬᠡᠬᠦ ᠶᠢᠨ | ᠬᠠᠮᠲᠤ ᠦᠬᠡᠷ ᠰᠣᠩᠭᠤᠭᠰᠠᠨ ᠤ ᠳᠠᠷᠠᠭ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠢᠷᠢ ᠬᠡᠮ ᠲᠠᠢ ᠭᠤᠷᠪᠠᠳᠤᠭᠠᠷ ᠡᠲᠡᠭᠡᠳ ᠢ ᠤᠷᠢᠵᠤ ᠰᠣᠩᠭᠤᠨ | ᠲᠣᠭᠲᠠᠭᠠᠭᠰᠠᠨ ᠦᠨᠢᠶ᠎ᠡ ᠳᠤ ᠬᠦᠪᠦᠷᠡᠯ ᠰᠢᠯᠵᠢᠭᠦᠯᠵᠤ᠂ ᠬᠦᠪᠦᠷᠡᠯ ᠨᠢ 45 ᠡᠳᠦᠷ ᠪᠤᠯᠤᠭᠠᠳ ᠬᠢᠷᠢ ᠳᠡᠩᠴᠡᠭᠰᠡᠨ | ᠤ ᠳᠠᠷᠠᠭ᠎ᠠ ᠲᠡᠵᠢᠭᠡᠨ ᠦᠷᠡᠵᠢᠭᠦᠯᠬᠦ ᠡᠷᠦᠬᠡ ᠳᠤ ᠲᠤᠰᠢᠶᠠᠨ᠎ᠠ᠃ | ︵ᠭᠤᠷᠪᠠ︶ ᠲᠠᠬᠢᠨ ᠪᠠᠶᠢᠴᠠᠭᠠᠵᠤ ᠬᠢᠨᠠᠨ ᠰᠢᠯᠭᠠᠬᠤ ᠶᠠᠪᠤᠴᠠ᠃ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ᠂ | ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ︵ᠲᠥᠪ︶ ᠶᠢ ᠵᠣᠬᠢᠶᠠᠨ ᠪᠠᠶᠢᠭᠤᠯᠵᠤ᠂ ᠬᠢᠵᠢᠭ ᠪᠠᠶᠢᠴᠠᠭᠠᠵᠤ | ᠲᠤᠰᠠᠭᠠᠷᠯᠠᠬᠤ ᠲᠠᠯᠠᠪᠠᠶ᠂ ᠬᠤᠳᠠᠯᠳᠤᠨ ᠠᠪᠤᠭᠴᠢ ᠶᠢ ᠲᠣᠭᠲᠠᠭᠠᠵᠤ᠂ ᠰᠢᠯᠭᠠᠨ ᠠᠪᠬᠤ ᠭᠠᠷ ᠭᠦᠢᠴᠡᠳᠬᠡᠯ ᠵᠡᠷᠭᠡ | ᠮᠠᠲ᠋ᠧᠷᠢᠶᠠᠯ ᠢ ᠦᠨᠳᠦᠰᠦᠯᠡᠨ᠂ ᠲᠤᠬᠠᠢ ᠶᠢᠨ ᠲᠠᠯᠠᠪᠤᠷ ᠲᠤ ᠬᠠᠮᠲᠤᠷᠠᠨ ᠲᠠᠬᠢᠨ ᠪᠠᠶᠢᠴᠠᠭᠠᠵᠤ ᠬᠢᠨᠠᠨ ᠰᠢᠯᠭᠠᠭᠠᠳ | ᠬᠢᠷᠢ ᠲᠡᠩᠴᠡᠭᠰᠡᠨ ᠤ ᠳᠠᠷᠠᠭ᠎ᠠ᠂ ᠪᠠᠶᠢᠴᠠᠭᠠᠨ ᠰᠢᠯᠭᠠᠬᠤ ᠳᠤ ᠣᠷᠣᠯᠴᠠᠭᠰᠠᠨ ᠪᠥᠬᠦ ᠠᠵᠢᠯᠲᠠᠨ ᠢᠶᠠᠷ ᠭᠠᠷ ᠤᠨ | ᠥᠰᠥᠭ ᠵᠢᠷᠤᠭᠤᠯᠵᠤ ᠨᠤᠲᠠᠯᠠᠭᠤᠯᠵᠤ᠂ ᠪᠠᠶᠢᠴᠠᠭᠠᠨ ᠰᠢᠯᠭᠠᠬᠤ ᠮᠠᠲ᠋ᠧᠷᠢᠶᠠᠯ ᠪᠣᠯᠭᠠᠬᠤ ᠶᠢᠨ ᠬᠠᠮᠲᠤ ᠪᠥᠬᠦ | ᠶᠠᠪᠤᠴᠠ ᠳᠤ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ᠎ᠡ᠃ ᠪᠠᠶᠢᠴᠠᠭᠠᠨ ᠰᠢᠯᠭᠠᠯᠳᠠ ᠳᠤ ᠬᠢᠷᠢ ᠲᠡᠩᠴᠡᠭᠰᠡᠨ | ᠦᠭᠡᠢ ᠪᠤᠯ᠂ ᠨᠥᠬᠦᠪᠦᠷᠢ ᠥᠭᠬᠦ ᠭᠦᠢᠴᠡᠳᠬᠡᠯ ᠲᠤᠭ᠎ᠠ ᠶᠢ ᠭᠤᠶᠤᠴᠢᠯᠠᠭᠰᠠᠨ ᠴᠠᠭ ᠤᠨ ᠳᠠᠷᠠᠭᠠᠯᠠᠯ ᠢᠶᠠᠷ ᠪᠤᠰᠤᠳ | ᠲᠡᠵᠢᠭᠡᠨ ᠦᠷᠡᠵᠢᠭᠦᠯᠬᠦ ᠡᠷᠦᠬᠡ ᠳᠤ ᠤᠯᠭᠤᠨ᠎ᠠ᠃ | ︵ᠳᠥᠷᠪᠡ︶ ᠢᠯᠡ ᠨᠡᠶᠢᠲᠡᠯᠡᠬᠦ ᠪᠠ ᠨᠥᠬᠦᠪᠦᠷᠢ ᠣᠯᠭᠤᠬᠤ ᠶᠠᠪᠤᠴᠠ᠃ ᠬᠤᠯᠪᠣᠭᠳᠠᠯ ᠪᠦᠬᠦᠢ ᠰᠤᠮᠤ ᠰᠢᠶᠠᠩ | ᠪᠠᠯᠭᠠᠰᠤ ︵ᠲᠥᠪ︶ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠤᠨ ᠲᠤᠬᠠᠢ ᠶᠢᠨ ᠭᠠᠵᠠᠷ ᠲᠤᠨᠢ ᠳᠠᠬᠢᠨ | ᠪᠠᠶᠢᠴᠠᠭᠠᠵᠤ ᠬᠢᠨᠠᠨ ᠰᠢᠯᠭᠠᠭᠠᠳ ᠬᠢᠷᠢ ᠲᠡᠩᠴᠡᠭᠰᠡᠨ ᠤ ᠳᠠᠷᠠᠭᠠᠬᠢ ᠨᠥᠬᠦᠪᠦᠷᠢ ᠭᠥᠷᠳᠡᠬᠦ ᠡᠲᠡᠭᠡᠳ᠂ ᠦᠨᠢᠶ᠎ᠡ | ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠵᠢᠴᠢ ᠨᠥᠬᠦᠪᠦᠷᠢ ᠪᠡᠯᠡ ᠮᠥᠩᠭᠦ ᠶᠢᠨ ᠲᠤᠭ᠎ᠠ ᠬᠡᠮᠵᠢᠶ᠎ᠡ ᠵᠡᠷᠭᠡ | ᠦᠨᠳᠦᠰᠦᠨ ᠰᠤᠷᠠᠭ ᠵᠠᠩᠭᠢ ᠶᠢ ᠢᠯᠡ ᠨᠡᠶᠢᠲᠡᠯᠡᠬᠦ ᠪᠦᠭᠡᠳ ᠢᠯᠡ ᠨᠡᠶᠢᠲᠡᠯᠡᠬᠦ ᠬᠤᠭᠤᠴᠠᠭ᠎ᠠ ᠨᠢ 7 ᠡᠳᠦᠷ ᠪᠤᠯᠤᠨ᠎ᠠ | ᠃ ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ᠂ ᠨᠥᠬᠦᠪᠦᠷᠢ ᠪᠡᠯᠡ ᠮᠥᠩᠭᠦ ᠶᠢ ᠬᠤᠰᠢᠭᠤᠨ ᠤ ᠡᠳ᠋ ᠤᠨ | ᠵᠠᠰᠠᠭ ᠤᠨ ᠲᠣᠪᠴᠢᠶ᠎ᠠ ᠠᠴᠠ ︽ᠪᠦᠷᠢᠨ ᠴᠢᠳᠠᠮᠵᠢᠳᠣ ᠺᠠᠷᠲ︾ ᠢᠶᠠᠷ ᠲᠡᠵᠢᠭᠡᠨ ᠦᠷᠡᠵᠢᠭᠦᠯᠬᠦ ᠡᠷᠦᠬᠡ ᠳᠤ | ᠨᠢᠭᠡᠳᠦᠯᠲᠡᠢ ᠲᠠᠷᠬᠠᠭᠠᠨ᠎ᠠ᠃ | ︵ᠲᠠᠪᠤ︶ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠶᠠᠪᠤᠴᠠ᠃ ᠬᠤᠰᠢᠭᠤᠨ ᠤ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠠᠮᠢᠶ᠎ᠠ ᠪᠦᠬᠦᠢ ᠰᠤᠮᠤ ᠰᠢᠶᠠᠩ ᠪᠠᠯᠭᠠᠰᠤ ︵ᠲᠥᠪ︶ | ᠶᠢᠨ ᠪᠥᠬᠦ ᠶᠠᠪᠤᠴᠠ ᠶᠢᠨ ᠮᠠᠲ᠋ᠧᠷᠢᠶᠠᠯ ᠢ ᠴᠠᠭ ᠲᠤᠬᠠᠢ ᠳᠤᠨᠢ ᠴᠤᠭᠯᠠᠭᠤᠯᠵᠤ᠂ ᠡᠮᠬᠢᠯᠡᠵᠦ᠂ ᠲᠠᠩᠰᠠ ᠡᠪᠬᠡᠮᠡᠯ ᠳᠤ | ᠣᠷᠣᠭᠤᠯᠵᠤ᠂ ᠴᠠᠭᠠᠰᠤᠨ ᠬᠡᠪᠯᠡᠯ᠂ ᠡᠯᠧᠺᠲᠷᠣᠨ ᠬᠡᠪᠯᠡᠯ ᠬᠤᠶᠠᠷ ᠢᠵᠢ ᠪᠦᠷᠢᠨ ᠪᠦᠲᠦᠨ ᠲᠠᠩᠰᠠ ᠡᠪᠬᠡᠮᠡᠯ ᠢ | ᠪᠦᠷᠢᠯᠳᠦᠭᠦᠯᠦᠨ᠎ᠡ᠃ | ᠭᠤᠷᠪᠠ᠂ ᠲᠡᠳᠬᠦᠮᠵᠢ ᠶᠢᠨ ᠲᠥᠷᠥ ᠶᠢᠨ ᠪᠣᠳᠣᠯᠭ᠎ᠠ | ︵ᠨᠢᠭᠡ︶ ᠱᠠᠭᠠᠷᠳᠠᠯᠭ᠎ᠠ ᠶᠣᠰᠣᠭᠠᠷ ᠰᠢᠯᠢᠳᠡᠭ ᠡᠭᠦᠯᠳᠡᠷ ᠤᠨ ᠰᠠᠭᠤᠷᠢ ᠡᠬᠡ ᠮᠠᠯ ᠬᠤᠳᠠᠯᠳᠤᠨ ᠠᠪᠤᠭᠰᠠᠨ | ᠶᠠᠳᠠᠭᠤ ᠠᠴᠠ ᠠᠩᠭᠢᠵᠢᠷᠠᠭᠰᠠᠨ ᠡᠷᠦᠬᠡ ︵ᠬᠢᠨᠠᠨ ᠬᠡᠮᠵᠢᠯᠲᠡ ᠶᠢᠨ ᠡᠷᠦᠬᠡ︶ ᠳᠤ᠂ ᠦᠨᠢᠶ᠎ᠡ ᠨᠢᠭᠡᠪᠦᠷᠢ ᠳᠤ 4000 | ᠲᠥᠭᠦᠷᠢᠭ ᠢᠶᠠᠷ ᠨᠥᠬᠦᠪᠦᠷᠢ ᠣᠯᠭᠤᠵᠤ᠂ ᠭᠥᠷᠳᠡᠬᠦ ᠨᠥᠬᠦᠪᠦᠷᠢ ᠶᠢᠨ ᠲᠤᠭ᠎ᠠ ᠶᠢ 5 ᠦᠨᠢᠶ᠎ᠡ ᠠᠴᠠ ᠬᠡᠳᠦᠷᠡᠬᠦᠯᠬᠦ | ᠦᠭᠡᠢ᠂ 5 ᠦᠨᠢᠶ᠎ᠡ ᠬᠦᠷᠬᠦ ᠦᠭᠡᠢ ᠪᠠᠶᠢᠪᠠᠯ᠂ ᠪᠣᠳᠠᠲᠠᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠷ ᠨᠥᠬᠦᠪᠦᠷᠢ | ᠣᠯᠭᠤᠨ᠎ᠠ᠃ | ︵ᠬᠤᠶᠠᠷ︶ ᠱᠠᠭᠠᠷᠳᠠᠯᠭ᠎ᠠ ᠶᠣᠰᠣᠭᠠᠷ ᠰᠢᠯᠢᠳᠡᠭ ᠡᠭᠦᠯᠳᠡᠷ ᠤᠨ ᠰᠠᠭᠤᠷᠢ ᠡᠬᠡ ᠮᠠᠯ ᠬᠤᠳᠠᠯᠳᠤᠨ ᠠᠪᠤᠭᠰᠠᠨ | ᠡᠩ ᠤᠨ ᠡᠷᠦᠬᠡ ᠳᠤ᠂ ᠦᠨᠢᠶ᠎ᠡ ᠨᠢᠭᠡᠪᠦᠷᠢ ᠳᠤ 3000 ᠲᠥᠭᠦᠷᠢᠭ ᠤᠨ ᠨᠥᠬᠦᠪᠦᠷᠢ ᠣᠯᠭᠤᠵᠤ᠂ ᠭᠥᠷᠳᠡᠬᠦ | ᠨᠥᠬᠦᠪᠦᠷᠢ ᠶᠢᠨ ᠲᠤᠭ᠎ᠠ ᠶᠢ 5 ᠦᠨᠢᠶ᠎ᠡ ᠠᠴᠠ ᠬᠡᠳᠦᠷᠡᠬᠦᠯᠬᠦ ᠦᠭᠡᠢ᠂ 5 ᠦᠨᠢᠶ᠎ᠡ ᠬᠦᠷᠬᠦ ᠦᠭᠡᠢ ᠪᠠᠶᠢᠪᠠᠯ᠂ | ᠪᠣᠳᠠᠲᠠᠢ ᠬᠤᠳᠠᠯᠳᠤᠨ ᠠᠪᠤᠭᠰᠠᠨ ᠲᠤᠭ᠎ᠠ ᠬᠡᠮᠵᠢᠶ᠎ᠡ ᠪᠠᠷ ᠨᠥᠬᠦᠪᠦᠷᠢ ᠣᠯᠭᠤᠨ᠎ᠠ᠃ | ︵ᠭᠤᠷᠪᠠ︶ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠶᠢᠨ ᠰᠣᠩᠭᠤᠨ ᠲᠣᠭᠲᠠᠭᠠᠭᠰᠠᠨ ᠭᠤᠣᠯ ᠡᠭᠦᠯᠳᠡᠷ ᠰᠠᠶᠢᠵᠢᠷᠠᠭᠤᠯᠬᠤ ᠡᠷᠦᠬᠡ ᠳᠤ᠂ ᠦᠨᠢᠶ᠎ᠡ | ᠬᠤᠳᠠᠯᠳᠤᠨ ᠠᠪᠤᠭᠰᠠᠨ ᠤ ᠳᠠᠷᠠᠭ᠎ᠠ ᠬᠦᠪᠦᠷᠡᠯ ᠰᠢᠯᠵᠢᠭᠦᠯᠬᠦ ᠶᠢ ᠪᠡᠶᠡᠯᠡᠭᠦᠯᠦᠭᠰᠡᠨ ᠪᠥᠭᠡᠳ ᠬᠦᠪᠦᠷᠡᠯ ᠨᠢ ᠬᠢᠷᠢ | ᠲᠡᠩᠴᠡᠭᠰᠡᠨ ᠪᠠᠶᠢᠪᠠᠯ ︵ᠬᠦᠪᠦᠷᠡᠯ ᠪᠦᠷᠢ ᠵᠢᠴᠢ ᠰᠢᠯᠵᠢᠭᠦᠯᠬᠦ ᠦᠢᠯᠡᠴᠢᠯᠡᠭᠡᠨ ᠤ ᠵᠠᠷᠤᠳᠠᠯ 3000 ᠲᠥᠭᠦᠷᠢᠭ᠂ | ᠡᠭᠦᠯᠳᠡᠷ ᠰᠠᠶᠢᠵᠢᠷᠠᠭᠤᠯᠬᠤ ᠡᠷᠦᠬᠡ ᠥᠪᠡᠷ ᠢᠶᠠᠨ ᠬᠠᠷᠢᠭᠤᠴᠠᠨ᠎ᠠ︶ ᠦᠨᠢᠶ᠎ᠡ ᠪᠦᠷᠢ ᠳᠤ 3000 ᠲᠥᠭᠦᠷᠢᠭ ᠢᠶᠠᠷ | ᠨᠥᠬᠦᠪᠦᠷᠢ ᠥᠭᠴᠦ᠂ ᠡᠷᠦᠬᠡ ᠪᠦᠷᠢ ᠨᠠᠭᠠᠲᠤ ᠵᠠᠬ᠎ᠠ ᠳᠠᠭᠠᠨ 50 ᠦᠨᠢᠶ᠎ᠡ ᠬᠤᠳᠠᠯᠳᠤᠨ ᠠᠪᠴᠤ᠂ 50 ᠦᠨᠢᠶ᠎ᠡ | ᠬᠦᠷᠬᠦ ᠦᠭᠡᠢ ᠪᠣᠯ ᠨᠥᠬᠦᠪᠦᠷᠢ ᠥᠭᠬᠦ ᠦᠭᠡᠢ᠂ ᠬᠠᠮᠤᠭ ᠤᠨ ᠥᠨᠳᠥᠷ ᠨᠥᠬᠦᠪᠦᠷᠢ ᠥᠭᠬᠦ ᠲᠤᠭ᠎ᠠ ᠨᠢ 200 | ᠦᠨᠢᠶ᠎ᠡ ᠪᠠᠶᠢᠵᠤ᠂ ᠬᠡᠲᠦᠷᠡᠭᠰᠡᠨ ᠬᠡᠰᠡᠭ ᠲᠤ ᠨᠥᠬᠦᠪᠦᠷᠢ ᠥᠭᠬᠦ ᠦᠭᠡᠢ᠃ ᠬᠦᠪᠦᠷᠡᠯ ᠰᠢᠯᠵᠢᠭᠦᠯᠬᠦ ᠳᠤ ︽ | ᠭᠤᠶᠤᠴᠢᠯᠠᠯ ᠤᠨ ᠲᠠᠰ ᠳᠠᠷᠠᠭᠠᠯᠠᠯ ᠢᠶᠠᠷ ᠭᠥᠯᠢᠶᠡᠨ ᠠᠪᠴᠤ ᠰᠢᠢᠳᠪᠦᠷᠢᠯᠡᠬᠦ᠂ ᠲᠤᠭ᠎ᠠ ᠬᠡᠮᠵᠢᠶ᠎ᠡ ᠳᠤᠨᠢ ᠬᠦᠷᠪᠡᠯ | ᠳᠠᠷᠤᠶᠢᠬᠠᠨ ᠵᠣᠭᠰᠤᠭᠠᠬᠤ︾ ᠵᠠᠷᠴᠢᠮ ᠶᠣᠰᠣᠭᠠᠷ᠂ ᠰᠢᠯᠵᠢᠭᠦᠯᠦᠭᠰᠡᠨ ᠶᠡᠷᠦᠩᠬᠡᠢ ᠲᠤᠭ᠎ᠠ ᠬᠡᠮᠵᠢᠶ᠎ᠡ ᠶᠢ 5000 | ᠦᠨᠢᠶ᠎ᠡ ᠠᠴᠠ ᠬᠡᠲᠦᠷᠡᠭᠦᠯᠵᠦ ᠪᠣᠯᠬᠤ ᠦᠭᠡᠢ᠃ | ︵ᠳᠥᠷᠪᠡ︶ ᠰᠠᠭᠤᠭ᠎ᠠ ᠰᠤᠮᠤ ᠰᠢᠶᠠᠩ ᠪᠠᠯᠭᠠᠰᠤ ᠶᠢᠨ ᠲᠠᠨᠢᠯᠴᠠᠭᠤᠯᠭ᠎ᠠ᠂ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠬᠢᠨᠠᠨ ᠵᠥᠪᠰᠢᠶᠡᠷᠡᠭᠦᠯᠦᠭᠡᠳ᠂ ᠰᠠᠭᠤᠷᠢ ᠡᠬᠡ ᠮᠠᠯ | ᠬᠤᠳᠠᠯᠳᠤᠨ ᠠᠪᠤᠭᠰᠠᠨ ᠲᠡᠵᠢᠭᠡᠨ ᠦᠷᠡᠵᠢᠭᠦᠯᠬᠦ ᠡᠷᠦᠬᠡ ᠶᠢᠨ ᠦᠨᠢᠶ᠎ᠡ ᠨᠢᠭᠡᠪᠦᠷᠢ 10000 ᠲᠥᠭᠦᠷᠢᠭ ᠤᠨ | ᠵᠢᠭᠡᠯᠡᠯᠭᠡ ᠭᠤᠶᠤᠴᠢᠯᠠᠵᠤ ᠪᠣᠯᠣᠨ᠎ᠠ᠂ ᠬᠤᠭᠤᠴᠠᠭ᠎ᠠ ᠬᠢᠵᠠᠭᠠᠷ ᠨᠢ 1 — 3 ᠵᠢᠯ ᠪᠣᠯᠣᠨ᠎ᠠ᠃ ᠵᠢᠭᠡᠯᠡᠯᠭᠡ | ᠭᠤᠶᠤᠴᠢᠯᠠᠵᠤ ᠦᠨᠢᠶ᠎ᠡ ᠬᠤᠳᠠᠯᠳᠤᠨ ᠠᠪᠬᠤ ᠲᠡᠵᠢᠭᠡᠨ ᠦᠷᠡᠵᠢᠭᠦᠯᠬᠦ ᠡᠷᠦᠬᠡ ᠡᠷᠬᠡᠪᠰᠢ ᠲᠡᠵᠢᠭᠡᠨ ᠦᠷᠡᠵᠢᠭᠦᠯᠬᠦ | ᠳᠠᠭᠠᠳᠬᠠᠯ ᠬᠤᠳᠠᠯᠳᠤᠨ ᠠᠪᠬᠤ ᠶᠢᠨ ᠬᠠᠮᠲᠤ ᠲᠥᠷᠥ ᠶᠢᠨ ᠪᠣᠳᠣᠯᠭ᠎ᠠ ᠶᠢᠨ ᠴᠢᠨᠠᠷᠲᠠᠢ ᠲᠡᠵᠢᠭᠡᠨ ᠦᠷᠡᠵᠢᠭᠦᠯᠬᠦ | ᠳᠠᠭᠠᠳᠬᠠᠯ ᠤᠨ ᠨᠥᠬᠦᠪᠦᠷᠢ ᠶᠢ ᠬᠦᠷᠲᠡᠵᠦ᠂ ᠲᠡᠵᠢᠭᠡᠨ ᠦᠷᠡᠵᠢᠭᠦᠯᠬᠦ ᠬᠤᠭᠤᠴᠠᠭᠠᠨ ᠳᠤ ᠳᠠᠭᠠᠳᠬᠠᠯ ᠤᠨ ᠺᠣᠮᠫᠠᠨᠢ | ᠠᠴᠠ ᠳᠠᠭᠠᠳᠬᠠᠯ ᠤᠨ ᠵᠥᠪᠯᠡᠯᠴᠡᠭᠡᠷ ᠪᠣᠯᠣᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠲᠥᠯᠥᠪᠦᠷᠢ | ᠥᠭᠴᠦ᠂ ᠬᠠᠮᠤᠭ ᠤᠨ ᠶᠡᠭᠡ ᠲᠥᠯᠥᠪᠦᠷᠢ ᠥᠭᠬᠦ ᠵᠣᠭᠤᠰ ᠤᠨ ᠲᠤᠭ᠎ᠠ ᠨᠢ 10000 ᠲᠥᠭᠦᠷᠢᠭ ᠪᠣᠯᠣᠨ᠎ᠠ᠃ | ︵ᠲᠠᠪᠤ︶ ᠲᠡᠳᠬᠦᠮᠵᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠦᠬᠦᠢ ᠲᠡᠵᠢᠭᠡᠨ ᠦᠷᠡᠵᠢᠭᠦᠯᠬᠦ ᠡᠷᠦᠬᠡ | ᠨᠢ ᠡᠷᠬᠡᠪᠰᠢ ᠵᠠᠯᠠᠶᠢᠳ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠪᠠᠶᠢᠬᠤ ᠬᠡᠷᠡᠭᠲᠡᠢ᠃ ᠡᠭᠦᠨ ᠤ ᠵᠡᠷᠭᠡᠴᠡᠭᠡᠪᠡᠷ | ᠂ ᠦᠷᠭᠦᠯᠵᠢᠯᠡᠨ ᠲᠡᠵᠢᠭᠡᠨ ᠦᠷᠡᠵᠢᠭᠦᠯᠬᠦ ᠪᠤᠶᠤ 3 ᠵᠢᠯ ᠣᠷᠣᠯᠠᠨ ᠲᠡᠵᠢᠭᠡᠬᠦ᠂ ᠨᠠᠶᠢᠳᠠᠨ ᠲᠡᠵᠢᠭᠡᠯᠭᠡᠬᠦ ᠶᠢ ᠡᠷᠬᠡᠪᠰᠢ | ᠪᠠᠲᠤᠯᠠᠬᠤ ᠬᠡᠷᠡᠭᠲᠡᠢ᠂ 3 ᠵᠢᠯ ᠤᠨ ᠳᠣᠲᠣᠷ᠎ᠠ ᠰᠠᠭᠤᠷᠢ ᠡᠬᠡ ᠮᠠᠯ ᠢ ᠬᠤᠳᠠᠯᠳᠤᠵᠤ ᠪᠣᠯᠬᠤ ᠦᠭᠡᠢ᠂ ᠡᠰᠡ ᠲᠡᠭᠡᠪᠡᠯ | ᠨᠥᠬᠦᠪᠦᠷᠢ ᠥᠭᠬᠦ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠬᠦᠴᠦᠨ ᠦᠭᠡᠢ ᠪᠣᠯᠭᠠᠵᠤ᠂ ᠨᠥᠬᠦᠪᠦᠷᠢ ᠪᠡᠯᠡ | ᠮᠥᠩᠭᠦ ᠶᠢ ᠨᠡᠬᠡᠮᠵᠢᠯᠡᠨ ᠲᠤᠰᠢᠶᠠᠯᠭᠠᠨ᠎ᠠ᠃ ᠡᠯ᠎ᠡ ᠰᠤᠮᠤ ᠰᠢᠶᠠᠩ ᠪᠠᠯᠭᠠᠰᠤ ︵ᠲᠥᠪ︶ ᠨᠢ ᠭᠠᠴᠠᠭ᠎ᠠ ᠲᠣᠰᠬᠤᠨ ᠢ | ᠵᠣᠬᠢᠶᠠᠨ ᠪᠠᠶᠢᠭᠤᠯᠤᠨ ᠠᠶᠢᠯ ︵ᠳᠤᠭᠤᠶᠢᠯᠠᠩ︶ ᠢᠶᠠᠷ ᠨᠢᠭᠡᠴᠢ ᠪᠣᠯᠭᠠᠨ ᠪᠣᠳᠠᠲᠠᠢ ᠬᠢᠨᠠᠨ ᠬᠠᠮᠢᠶᠠᠷᠤᠭᠴᠢ ᠶᠢ | ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠬᠢᠨᠠᠨ ᠬᠠᠮᠢᠶᠠᠷᠬᠤ ᠠᠵᠢᠯ ᠢ ᠰᠠᠶᠢᠲᠤᠷ ᠬᠢᠵᠦ᠂ ᠨᠥᠬᠦᠪᠦᠷᠢ | ᠬᠦᠷᠲᠡᠵᠦ ᠪᠦᠬᠦᠢ ᠲᠡᠵᠢᠭᠡᠨ ᠦᠷᠡᠵᠢᠭᠦᠯᠬᠦ ᠡᠷᠦᠬᠡ ᠶᠢᠨ ᠰᠠᠭᠤᠷᠢ ᠡᠬᠡ ᠮᠠᠯ ᠤᠨ ᠲᠡᠵᠢᠭᠡᠨ ᠦᠷᠡᠵᠢᠭᠦᠯᠬᠦ ᠲᠤᠭ᠎ᠠ | ᠬᠡᠮᠵᠢᠶ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠵᠦ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ | ︵ᠵᠢᠷᠭᠤᠭ᠎ᠠ︶ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠳᠤ ᠨᠥᠬᠦᠪᠦᠷᠢ ᠥᠭᠬᠦ ᠲᠤᠰᠬᠠᠢ ᠵᠦᠢᠯ ᠤᠨ | ᠪᠡᠯᠡ ᠮᠥᠩᠭᠦ ᠶᠢ ᠠᠰᠢᠭᠯᠠᠨ᠂ ᠲᠤᠰ ᠲᠥᠰᠥᠯ ᠤᠨ ᠱᠠᠭᠠᠷᠳᠠᠯᠭ᠎ᠠ ᠶᠣᠰᠣᠭᠠᠷ ᠲᠡᠵᠢᠭᠡᠨ ᠦᠷᠡᠵᠢᠭᠦᠯᠬᠦ᠂ ᠪᠣᠷᠳᠤᠭ᠎ᠠ | ᠲᠠᠷᠤᠰᠢᠭᠤᠯᠵᠤ ᠬᠤᠷᠢᠶᠠᠬᠤ ᠮᠠᠰᠢᠨ᠂ ᠳᠠᠷᠤᠵᠤ ᠪᠣᠭᠤᠵᠢᠯᠠᠬᠤ ᠮᠠᠰᠢᠨ᠂ ᠪᠣᠷᠳᠤᠭ᠎ᠠ ᠪᠣᠯᠪᠠᠰᠤᠷᠠᠭᠤᠯᠬᠤ ᠮᠠᠰᠢᠨ | ᠵᠢᠴᠢ ᠲᠣᠮᠣ ᠬᠡᠯᠪᠡᠷᠢ ᠶᠢᠨ ᠬᠥᠳᠡᠯᠭᠡᠬᠦ ᠬᠦᠴᠦᠨ ᠤ ᠮᠠᠰᠢᠨ ᠵᠡᠷᠭᠡ ᠲᠠᠷᠢᠶᠠᠯᠠᠩ ᠤᠨ ᠮᠠᠰᠢᠨ ᠬᠤᠳᠠᠯᠳᠤᠨ ᠠᠪᠬᠤ | ᠲᠡᠵᠢᠭᠡᠨ ᠦᠷᠡᠵᠢᠭᠦᠯᠬᠦ ᠡᠷᠥᠭᠡ ᠳᠤ ᠡᠩ ᠲᠡᠷᠢᠭᠦᠨ ᠳᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ | ᠣᠯᠭᠤᠨ᠎ᠠ᠃ | ︵ᠳᠣᠯᠤᠭ᠎ᠠ︶ ᠤᠯᠤᠰ ᠤᠨ ᠮᠢᠬᠠᠨ ᠦᠬᠡᠷ ᠤᠨ ᠪᠠᠷᠢᠮᠵᠢᠶᠠᠵᠢᠭᠰᠠᠨ ᠬᠡᠪᠴᠢᠶᠡᠲᠦ ᠲᠡᠵᠢᠭᠡᠨ ᠦᠷᠡᠵᠢᠭᠦᠯᠬᠦ | ᠲᠥᠷᠥᠯ ᠵᠦᠢᠯ ᠢ ᠴᠢᠷᠮᠠᠶᠢᠨ ᠣᠯᠵᠤ᠂ ᠰᠠᠭᠤᠷᠢ ᠡᠬᠡ ᠮᠠᠯ ᠤᠨ ᠬᠡᠪᠴᠢᠶᠡᠲᠦ ᠲᠡᠵᠢᠭᠡᠪᠦᠷᠢ ᠶᠢᠨ ᠲᠠᠯᠠᠪᠠᠶ ᠲᠡᠰᠢ | ᠭᠤᠣᠯᠳᠠᠯᠭ᠎ᠠ ᠲᠠᠢ ᠬᠡᠯᠪᠡᠶᠢᠯᠭᠡᠵᠦ᠂ ᠢᠯᠭᠠᠳᠠᠰᠣᠨ ᠪᠣᠬᠢᠷᠳᠤᠯ ᠢ ᠰᠢᠢᠳᠪᠦᠷᠢᠯᠡᠵᠦ ᠠᠰᠢᠭᠯᠠᠬᠤ᠂ ᠡᠪᠡᠰᠦ | ᠪᠣᠷᠳᠤᠭ᠎ᠠ ᠶᠢᠨ ᠰᠠᠭᠤᠷᠢᠨ ᠭᠠᠵᠠᠷ᠂ ᠬᠢᠵᠢᠭ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ ᠲᠡᠵᠢᠭᠡᠨ ᠦᠷᠡᠵᠢᠭᠦᠯᠬᠦ ᠲᠠᠭᠠᠭᠤᠯᠤᠭᠴᠢ ᠠᠵᠤ ᠠᠬᠤᠶᠢᠯᠠᠯ ᠪᠠ | ᠬᠤᠪᠢ ᠣᠷᠣᠭᠤᠯᠵᠤ ᠬᠤᠷᠰᠢᠬᠤ᠂ ᠨᠠᠶᠢᠳᠠᠨ ᠬᠠᠮᠢᠶᠠᠷᠤᠭᠤᠯᠵᠤ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ | ᠳᠡᠮᠵᠢᠨ ᠡᠮᠬᠢᠯᠡᠨ ᠨᠡᠶᠢᠯᠡᠭᠦᠯᠬᠦ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠵᠤ | ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠶ ︵ᠬᠤᠷᠰᠢᠶ᠎ᠠ︶᠂ ᠢᠯᠭᠠᠳᠠᠰᠣ ᠪᠠ ᠡᠰᠢ ᠰᠦᠷᠡᠯ ᠢ | ᠰᠢᠢᠳᠪᠦᠷᠢᠯᠡᠵᠦ ᠠᠰᠢᠭᠯᠠᠬᠤ ᠲᠤᠰᠬᠠᠶᠢᠵᠢᠭᠰᠠᠨ ᠠᠵᠤ ᠠᠬᠤᠶᠢᠯᠠᠯ ᠵᠢᠴᠢ ᠠᠵᠤ ᠦᠢᠯᠡᠰ ᠤᠨ ᠬᠤᠯᠪᠣᠭᠳᠠᠬᠤ | ᠬᠡᠮᠵᠢᠶ᠎ᠡ ᠪᠠᠷ ᠥᠨᠳᠥᠷ ᠪᠤᠰᠤᠳ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠵᠣᠬᠢᠬᠤ | ᠲᠥᠷᠥᠯ ᠵᠦᠢᠯ ᠤᠨ ᠲᠡᠳᠬᠦᠮᠵᠢ ᠣᠯᠭᠤᠨ᠎ᠠ᠃ | ᠳᠥᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ | ᠬᠡᠷᠪᠡ ᠲᠣᠰ ᠬᠡᠷᠡᠭᠵᠢᠭᠦᠯᠬᠦ ᠲᠥᠰᠥᠯ ᠨᠢ ᠤᠯᠤᠰ᠂ ᠣᠷᠣᠨ᠂ ᠠᠶᠢᠮᠠᠭ ᠤᠨ ᠬᠤᠯᠪᠣᠭᠳᠠᠯ ᠪᠦᠬᠦᠢ | ᠲᠥᠷᠥ ᠶᠢᠨ ᠪᠣᠳᠣᠯᠭ᠎ᠠ ᠲᠠᠢ ᠬᠠᠷᠰᠢᠯᠳᠤᠪᠠᠯ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠪᠠᠷ ᠪᠠᠷᠢᠮᠵᠢᠶ᠎ᠠ | ᠪᠣᠯᠭᠠᠬᠤ ᠶᠢᠨ ᠬᠠᠮᠲᠤ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ | ᠲᠣᠬᠢᠷᠠᠭᠤᠯᠤᠯᠲᠠ ᠬᠢᠨ᠎ᠡ᠃ ᠵᠢᠱᠢᠶᠡᠯᠡᠪᠡᠯ ᠲᠣᠰ ᠬᠡᠷᠡᠭᠵᠢᠭᠦᠯᠬᠦ ᠲᠥᠰᠥᠯ ᠨᠢ ᠤᠯᠤᠰ᠂ ᠣᠷᠣᠨ᠂ ᠠᠶᠢᠮᠠᠭ᠂ | ᠬᠤᠰᠢᠭᠤᠨ ᠤ ᠳᠡᠰ ᠤᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠯᠤᠭ᠎ᠠ ᠳᠠᠪᠬᠤᠴᠠᠪᠠᠯ᠂ ᠳᠠᠪᠬᠤᠴᠠᠭᠤᠯᠤᠨ | ᠨᠦᠬᠦᠪᠤᠷᠢ ᠬᠦᠷᠳᠡᠭᠡᠬᠦ ᠦᠭᠡᠢ᠃ ᠲᠣᠰ ᠬᠡᠷᠡᠭᠵᠢᠭᠦᠯᠬᠦ ᠲᠥᠰᠥᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ | ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠬᠤ ᠶᠢᠨ ᠬᠠᠮᠲᠤ᠂ | ᠬᠤᠳᠠᠯᠳᠤᠨ ᠠᠪᠬᠤ ᠠᠴᠠ ᠰᠢᠯᠭᠠᠨ ᠠᠪᠬᠤ ᠬᠦᠷᠲᠡᠯᠡᠬᠢ ᠡᠯ᠎ᠡ ᠵᠠᠩᠭᠢᠯᠠᠭ᠎ᠠ ᠶᠢᠨ ᠪᠣᠳᠠᠲᠠᠢ ᠨᠠᠷᠢᠨ ᠳᠦᠷᠢᠮ ᠢ | ᠲᠣᠭᠲᠠᠭᠠᠨ᠎ᠠ᠃ | ᠳᠠᠭᠠᠯᠳᠤᠭᠤᠯᠤᠯ᠄ 1. ᠰᠠᠭᠤᠷᠢ ᠡᠬᠡ ᠮᠠᠯ ᠬᠤᠳᠠᠯᠳᠤᠨ ᠠᠪᠬᠤ ᠭᠤᠶᠤᠴᠢᠯᠠᠯ ᠤᠨ ᠬᠦᠰᠦᠨᠦᠭᠲᠦ | 2. ᠰᠢᠮᠧᠨ᠋ᠳᠠᠷ ᠡᠬᠡ ᠮᠠᠯ ᠣᠷᠣᠭᠤᠯᠬᠤ ᠪᠠᠷᠢᠮᠵᠢᠶ᠎ᠠ | 3. ᠠᠩᠭᠧᠰ ᠡᠬᠡ ᠮᠠᠯ ᠣᠷᠣᠭᠤᠯᠬᠤ ᠪᠠᠷᠢᠮᠵᠢᠶ᠎ᠠ | ※ᠨᠠᠷᠢᠨ ᠠᠭᠤᠯᠭ᠎ᠠ ᠶᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ ᠠᠴᠠ | ᠠᠩᠬᠠᠷᠤᠭᠠᠷᠠᠢ︕ | |