ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 6 ᠰᠠᠷ᠎ᠠ ᠶᠢᠨ 1 ᠤ ᠡᠳᠦᠷ ᠠᠴᠠ 30 ᠤ ᠡᠳᠦᠷ︶( ᠬᠤᠶᠠᠷ)
ᠨᠡᠶᠢᠲᠡᠯᠡᠭᠰᠡᠨ ᠴᠠᠭ᠄
2023/8/22
    ᠬᠤᠶᠠᠷ᠂ ᠴᠢᠬᠤᠯᠠ ᠠᠵᠢᠯᠯᠠᠭ᠎ᠠ     1 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠳᠤᠭ ᠪᠡᠯᠴᠢᠭᠡᠷ ᠤᠨ ᠲᠣᠪᠴᠢᠶ᠎ᠠ ᠪᠠᠷ ᠬᠦᠷᠴᠦ ᠨᠤᠭᠤ ᠭᠠᠵᠠᠷ ᠤᠨ ᠴᠡᠴᠡᠷᠯᠢᠭ ᠤᠨ ᠴᠢᠳᠠᠪᠬᠢᠳᠣ ᠣᠷᠣᠨ ᠳᠤ ᠲᠣᠬᠢᠷᠠᠭᠤᠯᠤᠯᠲᠠ ᠬᠢᠬᠦ ᠶᠠᠪᠤᠳᠠᠯ ᠢ ᠵᠣᠯᠭᠠᠭᠤᠯᠪᠠ᠃     ᠲᠤᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠱᠠᠨᠳᠦ᠋ᠩ ᠤᠨ ᠱᠠᠨ ᠱᠦᠢ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠬᠥᠭᠵᠢᠯᠲᠡ ᠶᠢᠨ ᠭᠤᠣᠯ ᠬᠠᠮᠢᠶᠠᠷᠤᠭᠴᠢ ᠴᠧᠨ ᠵᠦᠩ ᠱᠧᠩ ᠨᠠᠷ ᠲᠤ ᠪᠠᠷ᠎ᠠ ᠪᠣᠯᠵᠤ ᠬᠤᠰᠢᠭᠤᠨ ᠤ ᠱᠠᠨ ᠱᠦᠢ ᠱᠣᠶᠢᠨᠢ ᠺᠣᠮᠫᠠᠨᠢ ᠪᠠᠷ ᠭᠦᠨᠵᠡᠭᠡᠶᠢᠷᠡᠨ ᠰᠢᠨ᠎ᠡ ᠪᠠᠷ ᠪᠠᠶᠢᠭᠤᠯᠬᠤ ᠲᠦᠷᠦᠯ ᠵᠦᠢᠯ ᠵᠢᠴᠢ ᠠᠭᠤᠷᠬᠠᠢ ᠶᠢ ᠨᠡᠶᠢᠳᠬᠡᠬᠦ ᠶᠠᠪᠤᠳᠠᠯ ᠢ ᠪᠠᠶᠢᠴᠠᠭᠠᠨ ᠰᠤᠳᠤᠯᠵᠠᠢ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠪᠤᠳᠠᠭᠠᠨ ᠠᠷᠢᠬᠢ ᠶᠢᠨ ᠰᠤᠳᠤᠯᠭᠠᠨ ᠤ ᠬᠠᠮᠢᠶ᠎ᠠ ᠪᠦᠬᠦᠢ ᠬᠤᠷᠠᠯ ᠳᠤ ᠣᠷᠣᠯᠴᠠᠵᠠᠢ᠃      2 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠯᠥᠸᠧ ᠫᠦ᠋ ᠲᠧ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠳᠦᠷᠦᠯ ᠵᠦᠢᠯ ᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      4 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠳ᠋ᠦᠩ ᠹᠠᠩ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠲᠠᠢ ᠲᠥᠷᠥᠯ ᠵᠦᠢᠯ ᠢ ᠵᠣᠯᠭᠠᠭᠤᠯᠬᠤ  ᠠᠵᠢᠯ ᠤᠨ ᠶᠠᠷᠢᠯᠴᠠᠬᠤ ᠬᠤᠷᠠᠯ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ  13 ᠳ᠋ᠤᠭᠠᠷ ᠤᠳᠠᠭᠠᠨ ᠤ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠬᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ᠂ ᠴᠧᠨ ᠬᠠᠢ ᠱᠠᠨ᠂ ᠮᠠᠨ ᠱᠦᠢ ᠯᠦᠩ᠂ ᠯᠢᠦ ᠢᠦᠢ ᠪᠥᠸᠧ ᠬᠤᠷᠠᠯ ᠳᠤ ᠣᠷᠣᠯᠴᠠᠵᠠᠢ᠃      5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠭᠦ ᠠᠶᠢᠮᠠᠭ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠬᠤᠷᠠᠯ ︵ᠸᠢᠳᠢᠤ᠋ ᠬᠤᠷᠠᠯ︶ ᠳᠤ ᠣᠷᠣᠯᠴᠠᠵᠤ᠂ ᠵᠠᠰᠠᠭ ᠤᠨ ᠣᠷᠳᠣᠨ ᠤ  ᠬᠤᠰᠢᠭᠤᠨ ᠤ  ᠲᠡᠳ᠋ ᠳᠠᠷᠤᠭ᠎ᠠ ᠴᠧᠨ ᠬᠠᠢ ᠱᠠᠨ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠶᠢᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃       ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠠᠶᠢᠮᠠᠭ  ᠢᠶᠠᠷ ᠬᠦᠷᠴᠣ ᠬᠢᠩᠭᠠᠨ ᠠᠶᠢᠮᠠᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠤᠳᠤᠷᠢᠳᠬᠤ ᠳᠤᠭᠤᠶᠢᠯᠠᠩ ᠤᠨ ᠬᠤᠷᠠᠯ ᠳᠤ ᠣᠷᠣᠯᠴᠠᠵᠠᠢ᠃      6 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠦ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠲᠤᠰᠬᠠᠢ ᠰᠡᠳᠦᠪᠲᠦ ᠬᠢᠨᠠᠯᠲᠠ ᠲᠠᠯᠪᠢᠬᠤ ᠬᠡᠯᠪᠡᠷᠢ ᠶᠢᠨ ᠵᠥᠪᠳᠡᠯᠴᠡᠬᠦ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ᠂  ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ ᠳᠤ ᠪᠠᠷ᠎ᠠ ᠪᠣᠯᠵᠤ ᠪᠥᠬᠦ ᠬᠤᠰᠢᠭᠤᠨ ᠤ ᠵᠤᠭᠠᠴᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠢᠶᠠᠷ ᠬᠦᠷᠴᠦ ᠪᠦᠬᠦ ᠠᠶᠢᠮᠠᠭ ᠤᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠵᠥᠪᠯᠡᠯ ᠤᠨ 2023 ᠣᠨ ᠤ ᠠᠩᠬᠠᠳᠤᠭᠠᠷ ᠪᠦᠬᠦᠳᠡ ᠬᠤᠷᠠᠯ ᠳᠤ ᠣᠷᠣᠯᠴᠠᠪᠠ᠃      7 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠠᠶᠢᠮᠠᠭ ᠤᠨ ᠵᠠᠬᠢᠷᠭ᠎ᠠ ᠶᠢᠨ ᠠᠶᠢᠮᠠᠭ ᠤᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠲᠠᠢ ᠬᠠᠮᠲᠤ ᠲᠢᠶᠠᠨ ᠮᠦ ᠵᠧᠨ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃      8 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃     ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠢᠩᠲᠣᠣᠷ ᠤᠨ ᠲᠠᠷᠢᠶᠠᠯᠠᠩ ᠬᠡᠷᠡᠯ ᠤᠨ ᠬᠠᠷᠢᠯᠴᠠᠨ ᠨᠥᠬᠦᠪᠦᠷᠢᠯᠡᠬᠦ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃      9 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ ᠦᠨᠳᠡᠭᠡᠨ ᠴᠥᠭᠦᠷᠥᠮ ᠤᠨ ᠬᠠᠮᠠᠭᠠᠯᠠᠯᠲᠠ ᠶᠢᠨ ᠢᠨᠵᠧᠨᠧᠷᠢᠩ ᠤᠨ ᠰᠤᠳᠤᠯᠭᠠᠨ ᠤ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ ᠪᠥᠬᠦ  ᠣᠷᠣᠨ ᠪᠦᠰᠡ ᠶᠢᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠬᠤᠷᠠᠯ ᠳᠤ ᠣᠷᠣᠯᠴᠠᠪᠠ᠃     ᠲᠤᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠠᠶᠢᠮᠠᠭ ᠤᠨ ᠲᠦᠪ  ᠢᠶᠠᠷ ᠬᠦᠷᠴᠦ ᠪᠦᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠤᠨ ᠦᠵᠡᠭᠦᠯᠭᠡ ᠶᠢᠨ ᠬᠤᠷᠠᠯ ᠳᠤ ᠣᠷᠣᠯᠴᠠᠪᠠ᠃     7 ᠤ ᠡᠳᠦᠷ ᠠᠴᠠ 9 ᠤ ᠡᠳᠦᠷ ᠪᠣᠯᠲᠠᠯ᠎ᠠ ᠵᠠᠰᠠᠭ ᠤᠨ ᠣᠷᠳᠣᠨ ᠤ  ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠴᠠᠩᠱᠠ ᠬᠤᠲᠠ ᠪᠠᠷ ᠬᠦᠷᠴᠦ ᠲᠤᠲᠤᠷᠭ᠎ᠠ ᠶᠢᠨ ᠮᠦᠽᠧᠢ ᠶᠢᠨ ᠪᠦᠳᠤᠭᠡᠨ ᠪᠠᠶᠢᠭᠤᠯᠤᠯᠲᠠ ᠶᠢ ᠰᠢᠨᠵᠢᠯᠡᠨ ᠪᠠᠶᠢᠴᠠᠭᠠᠪᠠ᠃      10 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠤᠯᠤᠰ ᠤᠨ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠭᠤᠣᠯ ᠵᠢᠱᠢᠶ᠎ᠡ ᠦᠵᠡᠭᠦᠯᠬᠦ ᠲᠣᠭᠤᠷᠢᠭ ᠤᠨ 2 ᠲᠦᠮᠡᠨ ᠴᠢᠨᠠᠷ ᠰᠠᠶᠢᠲᠠᠢ ᠮᠢᠬᠠᠨ ᠦᠬᠡᠷ ᠤᠨ ᠠᠮᠢ ᠠᠬᠤᠢ ᠶᠢᠨ ᠲᠦᠷᠦᠯ ᠵᠦᠢᠯ ᠤᠨ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      11 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠡᠯ᠎ᠡ ᠬᠤᠰᠢᠭᠤᠨ ᠤ ᠳᠡᠳ᠋ ᠳᠠᠷᠤᠭ᠎ᠠ ᠬᠤᠷᠠᠯ ᠳᠤ ᠣᠷᠣᠯᠴᠠᠵᠠᠢ᠃      12 ᠤᠨ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠪᠦᠭᠦ ᠠᠶᠢᠮᠠᠭ ᠤᠨ ᠤᠳᠤᠷᠢᠳᠬᠤ ᠺᠠᠳ᠋ᠷ ᠤᠨ ᠬᠤᠪᠢ ᠬᠥᠮᠥᠨ ᠤ ᠴᠢᠬᠤᠯᠠ ᠶᠡᠭᠡ ᠤᠴᠢᠷ ᠶᠠᠪᠤᠳᠠᠯ ᠢ ᠲᠠᠭᠯᠠᠵᠤ ᠮᠡᠳᠡᠭᠦᠯᠬᠦ ᠪᠣᠯᠪᠠᠰᠤᠷᠠᠯ ᠤᠨ ᠬᠤᠷᠠᠯ ᠳᠤ ᠣᠷᠣᠯᠴᠠᠪᠠ᠃     ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠠᠶᠢᠮᠠᠭ   ᠤᠨ ᠲᠦᠪ ᠢᠶᠠᠷ ᠬᠦᠷᠴᠦ ᠠᠶᠢᠮᠠᠭ ᠤᠨ ᠵᠠᠬᠢᠷᠭ᠎ᠠ ᠶᠢᠨ 2023 ᠣᠨ ᠤ ᠬᠤᠶᠠᠳᠤᠭᠠᠷ ᠤᠯᠠᠷᠢᠯ ᠤᠨ ᠠᠷᠠᠳ ᠤᠨ ᠶᠠᠪᠤᠳᠠᠯ ᠤᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      13 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠭᠦ ᠣᠷᠣᠨ ᠤ ᠤᠳᠤᠷᠢᠳᠬᠤ ᠺᠠᠳ᠋ᠷᠴᠤᠳ ᠤᠨ ᠶᠡᠭᠡ ᠬᠤᠷᠠᠯ ︵ᠸᠢᠳᠢᠤ᠋ ᠬᠤᠷᠠᠯ︶  ᠳᠤ ᠣᠷᠣᠯᠴᠠᠪᠠ᠃       ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠠᠶᠢᠮᠠᠭ ᠢᠶᠠᠷ ᠬᠦᠷᠴᠣ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠣᠯᠪᠠᠰᠤᠷᠠᠯ ᠤᠨ ᠠᠩᠭᠢ ᠶᠢᠨ ᠡᠬᠢᠯᠡᠯᠳᠠ ᠶᠢᠨ ᠶᠣᠰᠣᠯᠠᠯ ᠳᠤ ᠣᠷᠣᠯᠴᠠᠪᠠ᠃ ᠪᠠᠶᠠᠨᠵᠢᠯᠠᠭ᠎ᠠ ᠰᠢᠶᠠᠩ ᠢᠶᠠᠷ ᠬᠦᠷᠴᠦ ᠦᠨᠳᠦᠰᠦᠲᠡᠨ ᠤ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      10 ᠤ ᠡᠳᠦᠷ ᠠᠴᠠ 13 ᠤ ᠡᠳᠦᠷ ᠪᠣᠯᠲᠠᠯ᠎ᠠ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠪᠠᠶᠠᠨᠨᠠᠭᠤᠷ ᠬᠤᠲᠠ᠂ ᠱᠠᠨᠰᠢ ᠶᠢᠨ ᠢᠦ᠋ᠢᠯᠢᠨ ᠬᠤᠲᠠ ᠪᠠᠷ ᠪᠠᠶᠢᠴᠠᠭᠠᠨ ᠰᠤᠳᠤᠯᠤᠯᠲᠠ ᠬᠢᠪᠡ᠃      14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠬᠤᠸ ᠬᠤᠪᠢᠶᠠᠷᠢ ᠬᠤᠷᠠᠯ ᠤᠨ ᠲᠠᠯᠠᠪᠠᠶ ᠳᠤ ᠪᠥᠬᠦ ᠠᠶᠢᠮᠠᠭ ᠤᠨ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠲᠣᠬᠢᠷᠠᠭᠤᠯᠤᠯᠲᠠ ᠶᠢᠨ ᠬᠤᠷᠠᠯ ᠳᠤ ᠤᠷᠤᠯᠴᠠᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠬᠦᠮᠦᠰ ᠲᠤ ᠪᠠᠷ᠎ᠠ ᠪᠣᠯᠵᠤ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠠᠵᠢᠯ ᠢ ᠪᠠᠶᠢᠴᠠᠭᠠᠨ ᠰᠤᠳᠤᠯᠤᠯᠲᠠ ᠬᠢᠵᠡᠢ       ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠲᠡᠮᠡᠭᠡᠴᠢ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢᠶᠠᠷ ᠬᠦᠷᠴᠦ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      15 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠠᠶᠢᠮᠠᠭ ᠤᠨ ᠨᠠᠮ ᠤᠨ ᠬᠤᠷᠢᠶᠠᠨ ᠤ  ᠲᠡᠳ᠋ ᠱᠦᠵᠢ᠂ ᠠᠶᠢᠮᠠᠭ ᠤᠨ ᠳᠠᠷᠤᠭ᠎ᠠ  ᠰᠦᠬᠡ ᠶᠢ ᠳᠠᠭᠠᠵᠤ ᠪᠠᠶᠠᠨᠨᠠᠭᠤᠷ ᠬᠤᠲᠠ ᠪᠠᠷ ᠬᠦᠷᠴᠦ ᠤᠯᠠᠭᠠᠨᠰᠤᠬᠠᠢ ᠶᠢᠨ ᠠᠮᠢ ᠠᠬᠤᠢ ᠶᠢ ᠨᠢᠭᠡ ᠴᠣᠭᠴᠠᠵᠢᠭᠤᠯᠤᠨ ᠵᠠᠰᠠᠬᠤ᠂ ᠤᠲᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠰᠢᠨᠵᠢᠯᠡᠨ ᠪᠠᠶᠢᠴᠠᠭᠠᠪᠠ᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ ᠢᠨᠳᠡᠷ ᠲᠠᠬᠢ ᠲᠠᠪᠤᠳᠤᠭᠠᠷ ᠪᠠᠭ᠎ᠠ ᠰᠤᠷᠭᠠᠭᠤᠯᠢ ᠶᠢᠨ ︽ᠪᠥᠬᠦ ᠤᠯᠤᠰ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ︾ ᠶᠢᠨ ᠫᠠᠶᠢᠰᠠ ᠣᠯᠭᠤᠬᠤ ᠶᠣᠰᠣᠯᠠᠯ᠂ ᠬᠤᠰᠢᠭᠤᠨ ᠤ ᠵᠡᠮᠳᠡᠭᠴᠦᠳ ᠤᠨ ᠦᠨᠡᠮᠯᠡᠯ ᠭᠦᠢᠴᠡᠳᠬᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ᠂ ᠪᠠᠶᠠᠨᠭᠤᠣᠯ ᠪᠠᠯᠭᠠᠰᠤ ᠶᠢᠨ ᠦᠨᠳᠦᠰᠦᠲᠡᠨ᠂ ᠱᠠᠰᠢᠨ ᠰᠤᠷᠲᠠᠬᠤᠨ ᠤ ᠠᠵᠢᠯ ᠢ ᠬᠢᠨᠠᠨ ᠵᠢᠯᠤᠭᠤᠳᠴᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠪᠡᠯᠴᠢᠭᠡᠷᠯᠡᠭᠦᠯᠬᠦ ᠶᠢ ᠵᠣᠭᠰᠤᠭᠠᠨ ᠪᠡᠯᠴᠢᠭᠡᠷ ᠶᠢ ᠰᠡᠷᠭᠦᠭᠡᠬᠦ ᠠᠵᠢᠯ ᠤᠨ ᠬᠤᠷᠠᠯ ᠳᠤ ᠣᠷᠣᠯᠴᠠᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠬᠦᠷᠡᠯ ᠪᠠᠯᠭᠠᠰᠤᠨ ᠤ ᠬᠤᠳᠠᠲᠠᠢ ᠭᠠᠴᠠᠭ᠎ᠠ ᠪᠠᠷ ᠭᠦᠨᠵᠡᠭᠡᠶᠢᠷᠡᠨ ᠪᠡᠯᠴᠢᠭᠡᠷ ᠤᠨ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠭᠤᠣᠯ ᠵᠢᠱᠢᠶ᠎ᠡ ᠦᠵᠡᠭᠦᠯᠬᠦ ᠣᠷᠣᠨ ᠤ ᠠᠮᠢ ᠠᠬᠤᠢ ᠶᠢᠨ ᠮᠠᠯᠵᠢᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠪᠠᠶᠢᠴᠠᠭᠠᠨ ᠰᠤᠳᠤᠯᠪᠠ᠃       ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠠᠶᠢᠮᠠᠭ ᠤᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠬᠦᠮᠦᠰ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠬᠦ ᠶᠠᠷᠢᠯᠴᠠᠬᠤ ᠬᠤᠷᠠᠯ ᠳᠤ ᠣᠷᠣᠯᠴᠠᠪᠠ᠃       16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠲᠡᠳ᠋ ᠳᠠᠷᠤᠭ᠎ᠠ ᠰᠢᠦᠢ ᠵᠢᠢ ᠯᠦᠩ ᠬᠤᠰᠢᠭᠤᠨ ᠤ ᠵᠠᠬᠢᠳᠠᠯ ᠰᠣᠷᠪᠤᠯᠵᠢᠯᠠᠯ ᠤᠨ ᠲᠣᠪᠴᠢᠶ᠎ᠠ ᠪᠠᠷ ᠬᠦᠷᠴᠦ ᠰᠣᠷᠪᠤᠯᠵᠢᠯᠠᠯ ᠢ ᠬᠦᠯᠢᠶᠡᠨ ᠠᠪᠴᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠠᠵᠢᠯ ᠤᠨ ᠠᠵᠢᠯᠯᠠᠭᠠᠨ ᠤ ᠪᠠᠶᠢᠳᠠᠯ ᠪᠠ ᠪᠦᠯᠬᠦᠮ ᠪᠠᠶᠢᠭᠤᠯᠬᠤ ᠮᠠᠶ᠋ᠢᠭ ᠤᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃       ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃       ᠲᠤᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠲᠠᠷᠤᠭ᠎ᠠ ᠮᠠᠨ ᠱᠦᠢ ᠯᠦᠩ ᠠᠷᠪᠡᠨᠭᠡᠷ ᠪᠠᠯᠭᠠᠰᠤ ᠶᠢᠨ ᠥᠪᠥᠷ ᠮᠣᠩᠭᠤᠯ ᠤᠨ ᠵᠢᠶᠠᠨ ᠸᠧᠢ ᠠᠭᠤᠷᠬᠠᠢ ᠶᠢᠨ ᠦᠢᠯᠡᠰ ᠢᠶᠠᠷ ᠭᠦᠨᠵᠡᠭᠡᠶᠢᠷᠡᠵᠦ᠂ ᠨᠡᠭᠦᠷᠡᠰᠦᠬᠦ᠋ᠴᠢᠯ ᠤᠨ ᠺᠠᠯᠼ ᠤᠨ ᠺᠠᠯᠼ ᠨᠤᠨᠳᠠᠭ ᠢ ᠡᠳ᠋ᠰᠢᠭᠦᠯᠦᠨ ᠪᠣᠯᠪᠠᠰᠤᠷᠠᠭᠤᠯᠬᠤ ᠲᠦᠷᠦᠯ ᠵᠦᠢᠯ ᠢ ᠲᠦᠷᠭᠡᠨ ᠠᠬᠢᠭᠤᠯᠬᠤ ᠲᠤᠬᠠᠢ ᠶᠢᠨ ᠲᠠᠯᠠᠪᠠᠢ ᠳᠤ ᠠᠵᠢᠯᠯᠠᠪᠠ᠃      17 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠤ ᠤᠷᠤᠯᠴᠠᠪᠠ᠃      18 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠬᠤᠸ ᠠᠶᠢᠮᠠᠭ ᠢᠶᠠᠷ ᠬᠦᠷᠴᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠣᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ᠂ ᠠᠶᠢᠮᠠᠭ ᠤᠨ ᠵᠠᠬᠢᠷᠭ᠎ᠠ ᠳᠤ ᠪᠥᠬᠦ ᠠᠶᠢᠮᠠᠭ ᠤᠨ ᠭᠤᠣᠯᠳᠠᠯᠭ᠎ᠠ ᠲᠠᠢ ᠵᠠᠰᠠᠮᠠᠯ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠣᠬᠢᠷᠠᠭᠤᠯᠤᠯᠳᠠ ᠶᠢᠨ ᠬᠤᠷᠠᠯ ᠂ ᠠᠶᠢᠮᠠᠭ ᠤᠨ ᠳᠠᠷᠤᠭ᠎ᠠ ᠶᠢᠨ ᠴᠢᠬᠤᠯᠠ ᠶᠡᠭᠡ ᠲᠥᠷᠥᠯ ᠵᠦᠢᠯ᠂ 12345  ᠬᠠᠯᠠᠮᠰᠢᠯ ᠤᠲᠠᠰᠤ᠂ ᠲᠠᠷᠢᠶᠠᠯᠠᠩ ᠤᠨ ᠬᠦᠭᠵᠢᠭᠦᠯᠦᠯᠳᠠ ᠶᠢᠨ ᠪᠠᠩᠬᠢ ᠶᠢᠨ ᠵᠢᠭᠡᠯᠡᠯᠭᠡ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠥᠪᠥᠷ ᠮᠣᠩᠭᠤᠯ ᠤᠨ ᠴᠢ ᠶᠦᠨ ᠦᠬᠡᠷ ᠤᠨ ᠮᠠᠯ ᠠᠵᠤ ᠠᠬᠤᠢ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ︵ᠠᠢ ᠬᠠᠢ ᠪᠦᠯᠦᠭᠯᠡᠯ︶ ᠶᠢᠨ ᠬᠠᠶᠢᠷ᠎ᠠ ᠬᠠᠯᠠᠮᠵᠢ ᠪᠠᠷ ᠭᠠᠮᠰᠢᠭ ᠠᠴᠠ ᠠᠪᠤᠷᠠᠵᠤ ᠬᠠᠨᠳᠢᠪᠯᠠᠬᠤ ᠶᠣᠰᠣᠯᠠᠯ ᠳᠤ ᠣᠷᠣᠯᠴᠠᠵᠠᠢ      19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠢᠩᠭᠠᠨ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠣᠳᠣ ᠬᠤᠷᠠᠯ ᠳᠤ ᠣᠷᠣᠯᠴᠠᠪᠠ᠃       ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠠᠶᠢᠮᠠᠭ ᠤᠨ ᠵᠠᠬᠢᠷᠭ᠎ᠠ ᠪᠠᠷ ᠬᠦᠷᠴᠦ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠬᠤᠶᠠᠷ ᠢ ᠪᠠᠭᠤᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ᠃      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠠᠶᠢᠮᠠᠭ ᠤᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠳᠣ ᠬᠤᠷᠠᠯ ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠬᠤ ᠬᠡᠯᠲᠡᠰ ᠤᠨ ︽ᠪᠦᠯᠬᠦᠮ ᠮᠠᠶ᠋ᠢᠭ︾  ᠤᠨ ᠬᠠᠪᠰᠤᠷᠤᠨ ᠲᠡᠳᠬᠦᠬᠦ ᠰᠣᠷᠪᠤᠯᠵᠢᠯᠠᠭ᠎ᠠ ᠶᠢᠨ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠪᠥᠬᠦ ᠠᠶᠢᠮᠠᠭ ᠤᠨ ᠠᠵᠤ ᠦᠢᠯᠡᠳᠪᠦᠷᠢ ᠶᠢᠨ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠠᠢ᠃      18 ᠤ ᠡᠳᠦᠷ ᠠᠴᠠ 20 ᠤ ᠡᠳᠦᠷ ᠪᠣᠯᠲᠠᠯ᠎ᠠ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠬᠢᠩᠭᠠᠨ ᠠᠶᠢᠮᠠᠭ ᠪᠣᠯᠣᠨ ᠬᠥᠯᠥᠨ ᠪᠤᠶᠢᠷ ᠬᠤᠲᠠ ᠶᠢᠨ ᠲᠣᠣᠷ ᠪᠥᠮᠪᠦᠭᠡ ᠶᠢᠨ ᠰᠣᠯᠢᠯᠴᠠᠭᠠᠨ ᠤ ᠤᠷᠤᠯᠳᠤᠭᠠᠨ ᠤ ᠠᠵᠢᠯᠯᠠᠭ᠎ᠠ ᠳᠤ ᠣᠷᠣᠯᠴᠠᠪᠠ᠃      20 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠦᠮᠦᠰ ᠲᠤ ᠪᠠᠷ᠎ᠠ ᠪᠣᠯᠵᠤ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠢ ᠡᠭᠦᠳᠦᠨ ᠪᠠᠶᠢᠭᠤᠯᠬᠤ ᠠᠵᠢᠯ ᠢ ᠰᠤᠳᠣᠯᠣᠨ ᠪᠠᠶᠢᠴᠠᠭᠠᠵᠠᠢ᠃      ᠲᠤᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠰᠤᠨ ᠠᠰᠢᠭᠯᠠᠯᠲᠠ ᠶᠢᠨ ᠲᠣᠪᠴᠢᠶ᠎ᠠ ᠪᠠᠷ ᠬᠦᠷᠴᠦ ᠮᠠᠨ ᠤ ᠬᠤᠰᠢᠭᠤ᠂  ᠬᠠᠷᠠᠮᠦ᠋ᠷᠡᠨ ᠮᠣᠵᠢ ᠶᠢᠨ ᠲᠠᠶᠢᠯᠠᠢ ᠰᠢᠶᠠᠨ᠂  ᠯᠥᠩᠵᠢᠶᠠᠩ ᠰᠢᠶᠠᠨ ᠤ ᠬᠠᠮᠲᠤᠷᠠᠭᠰᠠᠨ ᠤᠰᠤᠨ ᠬᠤᠭᠤᠯᠠᠢ ᠶᠢᠨ ᠬᠤᠷᠠᠯ ᠤᠨ 50 ᠳ᠋ᠤᠭᠠᠷ ᠤᠳᠠᠭ᠎ᠠ ᠶᠢᠨ ᠡᠭᠡᠯᠵᠢᠳᠣ ᠬᠤᠷᠠᠯ ᠳᠤ ᠣᠷᠣᠯᠴᠠᠵᠠᠢ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠤᠨ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠦᠮᠦᠰ  ᠲᠤ ᠪᠠᠷ᠎ᠠ ᠪᠣᠯᠵᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠰᠢᠨᠵᠢᠯᠡᠨ ᠪᠠᠶᠢᠴᠠᠭᠠᠪᠠ᠃      21 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠪᠦᠯᠬᠦᠮ ᠳᠠᠭᠠᠭᠤᠯᠤᠨ ᠵᠠᠯᠠᠶᠢᠳ ᠬᠤᠰᠢᠭᠤᠨ ᠤ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠥᠷᠨᠢᠭᠦᠯᠪᠡ      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠪᠦᠭᠦ ᠠᠶᠢᠮᠠᠭ ᠤᠨ ᠰᠤᠷᠭᠠᠭᠤᠯᠢ ᠶᠢᠨ ᠭᠠᠯ  ᠰᠡᠷᠭᠡᠶᠢᠯᠡᠵᠤ ᠤᠨᠲᠠᠷᠠᠭᠠᠬᠤ ᠰᠤᠷᠢᠯᠳᠠ ᠪᠠ ᠤᠰᠤᠨ ᠳᠤ ᠴᠠᠴᠠᠬᠤ ᠶᠢ ᠰᠡᠷᠭᠡᠶᠢᠯᠡᠬᠦ ᠵᠡᠷᠭᠡ ᠪᠤᠯᠪᠠᠰᠤᠷᠠᠯ ᠤᠨ ᠠᠵᠢᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠦᠮᠦᠰ ᠲᠤ ᠪᠠᠷ᠎ᠠ ᠪᠣᠯᠵᠤ ᠢᠨᠳᠡᠷ ᠲᠠᠬᠢ ᠭᠤᠷᠪᠠᠳᠤᠭᠠᠷ ᠳᠤᠮᠳᠠᠳᠤ ᠰᠤᠷᠭᠠᠭᠤᠯᠢ᠂ ᠶᠢᠰᠦᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ  ᠬᠡᠣᠬᠡᠳ ᠤᠨ ᠴᠡᠴᠡᠷᠯᠢᠭ ᠢᠶᠠᠷ ᠦᠨᠳᠦᠰᠦᠲᠡᠨ ᠤ ᠠᠵᠢᠯ ᠢ ᠪᠠᠶᠢᠴᠠᠭᠠᠨ ᠰᠤᠳᠤᠯᠪᠠ᠃      23 ᠤ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠬᠦᠷᠡᠯ ᠪᠠᠯᠭᠠᠰᠣ  ᠪᠠᠷ ᠭᠦᠨᠵᠡᠭᠡᠶᠢᠷᠡᠨ ᠴᠢᠨᠠᠷ ᠰᠠᠶᠢᠲᠠᠢ ᠲᠡᠵᠢᠭᠡᠯ ᠡᠪᠡᠰᠦᠨ ᠤ ᠦᠷ᠎ᠡ ᠶᠢ ᠥᠷᠭᠡᠳᠬᠡᠨ ᠦᠷᠡᠵᠢᠭᠦᠯᠬᠦ ᠰᠠᠭᠤᠷᠢᠨ ᠭᠠᠵᠠᠷ  ᠢᠶᠠᠷ ᠪᠠᠶᠢᠴᠠᠭᠠᠨ ᠰᠤᠳᠤᠯᠤᠯᠲᠠ ᠬᠢᠵᠦ᠂ ᠪᠤᠯᠭᠠᠨᠬᠤᠸᠠ ᠰᠤᠮᠤ  ᠪᠠᠷ ᠭᠦᠨᠵᠡᠭᠡᠶᠢᠷᠡᠨ ᠥᠪᠡᠷᠲᠡᠭᠡᠨ ᠵᠠᠰᠠᠬᠤ ᠣᠷᠣᠨ ᠤ ᠬᠠᠷᠢᠭᠤ ᠲᠤᠰᠬᠠᠭᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠪᠠ᠃      24 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ ᠶᠢᠨ ᠦᠨᠳᠣᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ ᠶᠢᠨ ᠴᠡᠭ ᠤᠨ ᠪᠡᠯᠡᠳᠬᠡᠯ ᠪᠠᠶᠢᠳᠠᠯ ᠢ ᠬᠢᠨᠠᠨ ᠵᠢᠯᠣᠭᠤᠳᠪᠠ᠃     25 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠪᠦᠭᠦ ᠣᠷᠣᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ  ᠸᠢᠳᠢᠣ᠋ ᠬᠤᠷᠠᠯ ᠳᠤ ᠣᠷᠣᠯᠴᠠᠪᠠ᠃      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠠᠶᠢᠮᠠᠭ ᠤᠨ ᠬᠢᠨᠠᠨ ᠪᠤᠲᠣᠬᠤ ᠲᠣᠪᠴᠢᠶᠠᠨ ᠤ ᠲᠣᠬᠢᠷᠠᠭᠤᠯᠤᠯᠳᠠ ᠶᠢᠨ ᠬᠤᠷᠠᠯ ᠳᠤ ᠣᠷᠣᠯᠴᠠᠪᠠ᠃     ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠦᠨᠳᠣᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ ᠶᠢᠨ ᠠᠵᠢᠯ ᠢ ᠲᠣᠭᠤᠷᠢᠨ ᠪᠠᠶᠢᠴᠠᠭᠠᠵᠠᠢ᠃       26 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠬᠤᠯᠪᠤᠭ᠎ᠠ ᠪᠠᠯᠭᠠᠰᠤᠨ ᠤ ᠮᠧᠩ ᠶᠤᠸᠠᠨ ᠠᠮᠤ ᠪᠤᠳᠠᠭᠠᠨ ᠤ ᠠᠷᠠᠯᠵᠢᠶᠠᠨ  ᠤ ᠪᠦᠷᠢᠨ ᠪᠤᠰᠣ ᠬᠠᠷᠢᠭᠤᠴᠠᠯᠭᠠᠲᠤ ᠺᠣᠮᠫᠠᠨᠢ ᠪᠠᠷ ᠪᠠᠶᠢᠴᠠᠭᠠᠨ ᠰᠤᠳᠤᠯᠤᠯᠲᠠ ᠬᠢᠪᠡ᠃       27 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ  ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠬᠤᠯᠪᠤᠭ᠎ᠠ ᠪᠠᠯᠭᠠᠰᠣ ᠪᠠᠷ ᠬᠦᠷᠴᠤ ︽ᠬᠤᠯᠪᠤᠭ᠎ᠠ  ᠪᠠᠯᠭᠠᠰᠤᠨ ᠤ ︿ᠬᠤᠶᠠᠷ ᠬᠠᠮᠤᠭ ᠤᠨ ᠭᠤᠶᠤ﹀ ᠶᠢ ᠰᠢᠯᠭᠠᠷᠠᠭᠤᠯᠬᠤ ᠠᠵᠢᠯᠯᠠᠭ᠎ᠠ︾ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃      26 ᠠᠴᠠ 27 ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ ᠨᠥᠬᠦᠷ ᠪᠡᠭᠡᠵᠢᠩ ᠥᠪᠥᠷ ᠮᠣᠩᠭᠤᠯ ᠤᠨ ︽ᠪᠦᠯᠬᠦᠮ ᠪᠠᠶᠢᠭᠤᠯᠬᠤ ᠮᠠᠶ᠋ᠢᠭ︾ ᠤᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠣᠣ ᠪᠢᠩ ᠲᠠᠢ ᠬᠠᠮᠲᠤ ᠲᠥᠪ ᠤᠨ ᠤᠯᠤᠰ ᠲᠦᠷᠦ ᠶᠢᠨ ᠬᠠᠤᠯᠢ ᠴᠠᠭᠠᠵᠠ ᠶᠢᠨ ᠬᠤᠷᠢᠶ᠎ᠠ ᠪᠠᠷ ᠬᠦᠷᠴᠤ ᠠᠵᠢᠯ ᠢᠶᠠᠨ ᠵᠣᠯᠭᠠᠭᠤᠯᠪᠠ᠃      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠠᠶᠢᠮᠠᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ ᠬᠦᠮᠦᠰ ᠲᠤ ᠪᠠᠷ᠎ᠠ ᠪᠣᠯᠵᠤ 2023 ᠣᠨ ᠤ ᠰᠢᠨᠵᠢᠯᠡᠬᠦ ᠤᠬᠠᠭᠠᠨᠴᠢ ᠪᠠᠷ ᠠᠮᠤ ᠪᠤᠳᠠᠭ᠎ᠠ ᠨᠥᠭᠡᠴᠡᠯᠡᠬᠦ ᠠᠵᠢᠯ ᠢ ᠪᠠᠶᠢᠴᠠᠭᠠᠨ ᠰᠤᠳᠤᠯᠪᠠ᠃       ᠲᠣᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠵᠠᠯᠠᠶᠢᠳ ᠬᠤᠰᠢᠭᠤᠨ ᠤ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠣᠷᠣᠯᠭ᠎ᠠ ᠶᠢᠨ ᠮᠡᠳᠡᠭᠡ ᠵᠠᠩᠭᠢ ᠶᠢ ᠴᠤᠭᠯᠠᠭᠤᠯᠵᠤ ᠪᠦᠷᠢᠳᠬᠡᠬᠦ ᠠᠵᠢᠯ ᠢ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ᠂ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠥᠭᠵᠢᠯᠲᠡ ᠶᠢᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠨ ᠵᠢᠱᠢᠬᠦ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠳᠤ ᠣᠷᠣᠯᠴᠠᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠠᠶᠢᠮᠠᠭ ᠢᠶᠠᠷ ᠬᠦᠷᠴᠦ ᠠᠶᠢᠮᠠᠭ ᠤᠨ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ  ᠬᠤᠷᠠᠮᠳᠣᠯ ᠤᠨ ᠠᠷᠠᠯᠵᠢᠶᠠᠨ ᠤ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠵᠠᠢ᠃     29 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2023 ᠣᠨ ᠤ 15 ᠳ᠋ᠤᠭᠠᠷ ᠤᠳᠠᠭᠠᠨ ᠤ ᠬᠤᠷᠠᠯ᠂ ᠪᠥᠬᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠬᠤᠸ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠭᠦᠸᠧ ᠮᠢᠨ᠂ ᠴᠧᠨ ᠬᠠᠢ ᠱᠠᠨ᠂ ᠮᠠᠨ ᠱᠦᠢ ᠯᠦᠩ᠂ ᠯᠢᠦ ᠢᠦᠢ ᠪᠥᠸᠧ ᠬᠤᠷᠠᠯ ᠳᠤ ᠣᠷᠣᠯᠴᠠᠵᠠᠢ᠃      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠪᠠᠶᠠᠨᠵᠢᠯᠠᠭ᠎ᠠ ᠰᠢᠶᠠᠩ᠂ ᠠᠷᠪᠡᠨᠭᠡᠷ  ᠪᠠᠯᠭᠠᠰᠤ ᠪᠠᠷ ᠬᠦᠷᠴᠦ ᠭᠤᠣᠯ᠂ ᠤᠢ ᠰᠢᠭᠤᠢ ᠶᠢ ᠪᠠᠶᠢᠴᠠᠭᠠᠪᠠ᠃      ᠲᠣᠰ ᠡᠳᠦᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠨᠠᠰᠤᠵᠢᠯ ᠤᠨ ᠠᠰᠠᠷᠠᠮᠵᠢ ᠶᠢᠨ ᠠᠵᠢᠯ ᠢ ᠪᠠᠶᠢᠴᠠᠭᠠᠨ ᠰᠤᠳᠤᠯᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠦᠮᠦᠰ ᠲᠤ ᠪᠠᠷ᠎ᠠ ᠪᠣᠯᠵᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠬᠤᠰᠢᠭᠤ ᠰᠢᠶᠠᠨ ᠤ ᠬᠥᠭᠵᠢᠯᠲᠡ ᠶᠢᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠭᠰᠡᠨ ᠵᠡᠷᠭᠡ ᠲᠠᠯ᠎ᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃      30 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠬᠤᠸ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠰᠢᠦᠢ ᠵᠢᠢ ᠯᠦᠩ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ᠂ ᠴᠧᠨ ᠬᠠᠢ ᠱᠠᠨ᠂ ᠮᠠᠨ ᠱᠦᠢ ᠯᠦᠩ᠂ ᠯᠢᠦ ᠢᠦᠢ ᠪᠥᠸᠧ ᠬᠤᠷᠠᠯ ᠳᠤ ᠣᠷᠣᠯᠴᠠᠵᠠᠢ᠃      ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠲᠡᠳ᠋ ᠳᠠᠷᠤᠭ᠎ᠠ ᠯᠢ ᠬᠤᠤ ᠠᠶᠢᠮᠠᠭ ᠤᠨ ᠵᠠᠬᠢᠷᠭ᠎ᠠ ᠪᠠᠷ ᠬᠦᠷᠴᠦ ᠪᠦᠭᠦ ᠠᠶᠢᠮᠠᠭ ᠤᠨ ᠴᠢᠬᠤᠯᠠ ᠶᠡᠭᠡ ᠲᠦᠷᠦᠯ ᠵᠦᠢᠯ ᠤᠨ ᠪᠡᠯᠡ ᠮᠦᠩᠬᠦ ᠬᠤᠷᠠᠮᠳᠤᠭᠤᠯᠬᠤ ᠬᠤᠷᠠᠯ ᠳᠤ ᠣᠷᠣᠯᠴᠠᠪᠠ᠃ ᠲᠤᠰ ᠡᠳᠣᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ  ᠬᠤᠰᠢᠭᠤᠨ ᠤ ᠲᠡᠳ᠋ ᠳᠠᠷᠤᠭ᠎ᠠ ᠰᠢᠦᠢ ᠵᠢᠢ ᠯᠦᠩ ᠪᠠᠶᠠᠨᠭᠤᠣᠯ ᠭᠤᠣᠯ ᠰᠤᠷᠭᠠᠭᠤᠯᠢ᠂  ᠪᠠᠶᠠᠨ ᠪᠠᠭ᠎ᠠ ᠰᠤᠷᠭᠠᠭᠤᠯᠢ᠂ ᠴᠤᠤᠯ ᠭᠤᠣᠯ ᠰᠤᠷᠭᠠᠭᠤᠯᠢ᠂ ᠴᠤᠤᠯ  ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠯᠥᠩ ᠸᠠᠩ ᠬᠣ᠋ ᠪᠠᠷ ᠭᠦᠨᠵᠡᠭᠡᠶᠢᠷᠡᠨ ᠭᠤᠣᠯ ᠢ ᠴᠠᠭᠳᠠᠬᠤ ᠠᠵᠢᠯᠯᠠᠭ᠎ᠠ ᠥᠷᠨᠢᠭᠦᠯᠪᠡ᠃     ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ ᠠᠶᠢᠮᠠᠭ ᠤᠨ  ᠳᠤᠮᠳᠠ ᠵᠡᠷᠭᠡ ᠶᠢᠨ ᠠᠷᠠᠳ ᠤᠨ ᠰᠢᠭᠦᠬᠦ ᠬᠤᠷᠢᠶ᠎ᠠ ᠪᠠᠷ ᠬᠦᠷᠴᠦ᠂ ᠤᠰᠤᠨ ᠠᠰᠢᠭᠯᠠᠯᠲᠠ ᠶᠢᠨ ᠶᠠᠮᠤᠨ ᠤ ᠬᠥᠷᠥᠰᠥ ᠰᠢᠷᠣᠢ ᠶᠢ ᠬᠠᠮᠠᠭᠠᠯᠠᠬᠤ ᠵᠤᠷᠭᠠᠨ ᠤ ᠬᠦᠮᠦᠰ ᠲᠤ ᠪᠠᠷ᠎ᠠ ᠪᠣᠯᠵᠤ᠂ ᠮᠠᠨ ᠤ ᠬᠤᠰᠢᠭᠤᠨ ᠤ ᠬᠥᠷᠥᠰᠥ ᠰᠢᠷᠣᠢ ᠶᠢ ᠬᠠᠮᠠᠭᠠᠯᠠᠵᠤ ᠵᠠᠰᠠᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃      ᠲᠤᠰ ᠡᠳᠣᠷ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠲᠣᠪᠴᠢᠶ᠎ᠠ ᠶᠢᠨ ᠪᠠᠶᠢᠴᠠᠭᠠᠨ ᠰᠤᠳᠤᠯᠬᠤ ᠳᠤᠭᠤᠶᠢᠯᠠᠩ  ᠤᠨ ᠬᠦᠮᠦᠰ ᠲᠤ  ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号