ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠦᠰᠦᠭᠳᠣ 〔2023〕4 | ᠳ᠋ᠣᠭᠡᠷ ᠲᠣᠭᠠᠲᠤ | ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ︽ᠠᠵᠤ ᠠᠬᠤᠶᠢᠯᠠᠯ ᠳᠤ | ᠬᠡᠷᠡᠭᠯᠡᠬᠦ ᠭᠠᠵᠠᠷ ᠤᠨ ︿ᠳᠠᠩᠰᠠᠯᠠᠭᠤᠯᠬᠤ ᠳᠤ ᠬᠦᠴᠢᠷ﹀ ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠲᠤᠬᠠᠢ | ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ | ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠰᠢᠭᠤᠳ ᠬᠠᠮᠢᠶᠠᠷᠤᠯᠲᠠ ᠶᠢᠨ ᠨᠢᠭᠡᠴᠢ ᠳᠤ᠄ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠂ ᠣᠯᠠᠨ ᠲᠦᠮᠡᠨ ᠵᠢᠴᠢ ᠠᠵᠤ ᠠᠬᠤᠶᠢᠯᠠᠯ ᠤᠨ ᠡᠳ᠋ | ᠬᠥᠷᠥᠩᠭᠡ ᠶᠢ ᠦᠨᠡᠨ ᠬᠦ ᠬᠠᠮᠠᠭᠠᠯᠠᠬᠤ ᠶᠢᠨ ᠲᠤᠰᠠᠳᠠ᠂ ᠡᠳᠦᠭᠡ ︽ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ︿ | ᠳᠠᠩᠰᠠᠯᠠᠭᠤᠯᠬᠤ ᠳᠤ ᠬᠦᠴᠢᠷ﹀ ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠲᠤᠬᠠᠢ ᠬᠡᠷᠡᠭᠵᠢᠭᠦᠯᠬᠦ ᠲᠥᠰᠥᠯ︾ ᠢ | ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃ | 2023 ᠣᠨ ᠤ 3 ᠰᠠᠷ᠎ᠠ ᠶᠢᠨ 7 ᠤ ᠡᠳᠣᠷ | ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ︽ᠳᠠᠩᠰᠠᠯᠠᠭᠤᠯᠬᠤ ᠳᠤ ᠬᠦᠴᠢᠷ︾ ᠠᠰᠠᠭᠤᠳᠠᠯ ᠢ ᠲᠦᠷᠭᠡᠳᠬᠡᠨ | ᠰᠢᠢᠳᠪᠦᠷᠢᠯᠡᠬᠦ ᠲᠤᠬᠠᠢ ᠬᠡᠷᠡᠭᠵᠢᠭᠦᠯᠬᠦ ᠲᠥᠰᠥᠯ | ᠠᠵᠤ ᠠᠬᠤᠶᠢᠯᠠᠯ ᠤᠨ ᠭᠠᠵᠠᠷ ᠰᠢᠷᠣᠢ ᠬᠡᠷᠡᠭᠯᠡᠬᠦ᠂ ᠲᠥᠯᠦᠪᠵᠢᠭᠦᠯᠭᠡ ᠬᠢᠬᠦ᠂ ᠪᠠᠷᠢᠯᠭ᠎ᠠ ᠳᠠᠭᠤᠰᠤᠭᠰᠠᠨ ᠢ | ᠰᠢᠯᠭᠠᠨ ᠠᠪᠴᠤ ᠳᠠᠩᠰᠠᠯᠠᠭᠤᠯᠬᠤ ᠭᠠᠷᠳᠠᠮ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠬᠢᠬᠦ ᠶᠢᠨ ᠠᠷᠭ᠎ᠠ ᠦᠭᠡᠢ ᠪᠣᠯᠤᠭᠰᠠᠨ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ | ᠂ ᠨᠡᠶᠢᠭᠡᠮ ᠤᠨ ᠵᠥᠷᠢᠴᠡᠯ ᠢ ᠠᠷᠢᠯᠭᠠᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠵᠤ᠂ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠤᠳ ᠢ | ᠲᠦᠷᠭᠡᠳᠬᠡᠨ ᠰᠢᠢᠳᠪᠦᠷᠢᠯᠡᠬᠦ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠮᠡᠳᠡᠭᠳᠡᠯ︾ ︵ᠪᠠᠶᠢᠭᠠᠯᠢ ᠶᠢᠨ | ᠡᠬᠢ ᠪᠠᠶᠠᠯᠢᠭ ᠤᠨ ᠶᠠᠮᠤᠨ ᠠᠯᠪᠠᠨ ᠲᠠᠷᠬᠠᠭᠠᠭᠰᠠᠨ ﹇2021﹈ 1 ᠳ᠋ᠤᠭᠡᠷ ᠲᠣᠭᠠᠲᠤ︶᠂ ︽ᠪᠥᠬᠦ ᠣᠷᠣᠨ ᠤ | ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠠᠵᠢᠯ ᠢ | ᠲᠦᠷᠭᠡᠳᠬᠡᠨ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠤᠨ ᠵᠢᠯᠤᠭᠤᠳᠬᠤ ᠰᠠᠨᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠤ ᠤᠠᠶᠢᠭᠠᠯᠢ ᠶᠢᠨ ᠡᠬᠢ ᠪᠠᠶᠠᠯᠢᠭ ᠤᠨ ᠲᠢᠩᠭᠢᠮ ᠤᠨ ᠦᠰᠦᠭᠳᠣ ﹇2022﹈ 391 ᠳ᠋ᠣᠭᠡᠷ ᠲᠣᠭᠠᠲᠤ︶᠂ | ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ︽ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ︿ | ᠳᠠᠩᠰᠠᠯᠠᠭᠤᠯᠬᠤ ᠳᠤ ᠬᠦᠴᠢᠷ﹀ ᠠᠰᠠᠭᠤᠳᠠᠯ ᠢ ᠲᠦᠷᠭᠡᠳᠬᠡᠨ ᠰᠢᠢᠳᠪᠦᠷᠢᠯᠡᠬᠦ ᠲᠤᠬᠠᠢ ᠬᠡᠷᠡᠭᠵᠢᠭᠦᠯᠬᠦ ᠲᠥᠰᠥᠯ︾ ︵ | ᠬᠢᠩᠭᠠᠨ ᠠᠶᠢᠮᠠᠭ ᠤᠨ ᠵᠠᠬᠢᠷᠭ᠎ᠠ ᠠᠯᠪᠠᠨ ᠲᠠᠷᠬᠠᠭᠠᠭᠰᠠᠨ ﹇2022﹈ 68 ᠳ᠋ᠤᠭᠠᠷ ᠲᠣᠭᠠᠲᠤ︶ ᠤᠨ ᠮᠡᠳᠡᠭᠳᠡᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠣᠨ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠤᠨ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠴᠢᠷᠮᠠᠶᠢᠨ ᠦᠢᠯᠡᠳᠦᠯᠭᠡᠵᠢᠭᠦᠯᠵᠦ᠂ ᠬᠤᠳᠠᠯᠳᠤᠭ᠎ᠠ ᠡᠷᠬᠢᠯᠡᠬᠦ ᠤᠷᠴᠢᠨ | ᠨᠦᠭᠦᠴᠡᠯ ᠢ ᠰᠢᠯᠢᠳᠡᠭᠵᠢᠭᠦᠯᠬᠦ ᠪᠠᠷ ᠳᠡᠮᠵᠢᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ | ᠥᠪᠡᠷᠲᠡᠭᠡᠨ ᠵᠠᠰᠠᠬᠤ ᠣᠷᠣᠨ ᠤ ᠥᠷᠨᠢᠭᠦᠯᠦᠭᠰᠡᠨ ᠲᠠᠪᠤ ᠶᠢ ᠲᠤᠶᠢᠯᠪᠤᠷᠢᠲᠠᠢ ᠪᠠᠶᠢᠴᠠᠭᠠᠬᠤ ᠲᠤᠰᠬᠠᠢ ᠵᠦᠢᠯ ᠤᠨ | ᠠᠵᠢᠯᠯᠠᠭ᠎ᠠ ᠲᠠᠢ ᠤᠶᠠᠯᠳᠤᠭᠤᠯᠤᠨ᠂ ᠦᠢᠯᠡᠴᠢᠯᠡᠭᠡᠨ ᠤ ᠠᠵᠤ ᠠᠬᠤᠶᠢᠯᠠᠯ ᠤᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠵᠦ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠲᠡᠦᠬᠡ ᠶᠢ | ᠬᠦᠨᠳᠦᠳᠬᠡᠬᠦ ᠪᠠ ︽ᠶᠠᠭᠤ ᠳᠤᠲᠠᠭᠳᠠᠪᠠᠯ ᠶᠠᠭᠤ ᠶᠢ ᠨᠥᠬᠦᠪᠦᠷᠢᠯᠡᠬᠦ᠂ ᠬᠡᠨ ᠬᠢᠨᠠᠨ ᠵᠥᠪᠰᠢᠶᠡᠷᠡᠪᠡᠯ ᠬᠡᠨ | ᠬᠠᠷᠢᠭᠤᠴᠠᠬᠤ︾ ᠵᠠᠷᠴᠢᠮ ᠶᠣᠰᠣᠭᠠᠷ᠂ ︽ᠵᠠᠬᠢᠳᠠᠯ ᠢᠶᠠᠷ ᠦᠨᠡᠮᠯᠡᠯ ᠢ ᠣᠷᠣᠯᠠᠭᠤᠯᠬᠤ︾ ︽ᠦᠨᠡᠮᠯᠡᠯ ᠪᠤᠯᠤᠨ | ᠰᠣᠶᠢᠳᠭᠡᠯ ᠲᠤᠰᠢᠶᠠᠬᠤ ᠶᠢ ᠰᠠᠯᠭᠠᠬᠤ︾ ︽ ᠪᠤᠰᠤᠳ ᠲᠤ ᠨᠠᠶᠢᠳᠠᠵᠤ ᠣᠷᠣᠯᠠᠨ ᠭᠦᠢᠴᠡᠳᠬᠡᠬᠦ︾ ︽ᠳᠤᠲᠠᠭᠤ ᠶᠢ | ᠭᠥᠯᠢᠶᠡᠨ ᠠᠪᠴᠤ ᠰᠢᠢᠳᠪᠦᠷᠢᠯᠡᠬᠦ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠠᠵᠤ ᠠᠬᠤᠶᠢᠯᠠᠯ ᠤᠨ ᠬᠡᠷᠡᠭᠯᠡᠬᠦ | ᠭᠠᠵᠠᠷ ᠤᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠤᠨ ᠠᠬᠢᠴᠠ ᠶᠢ ᠲᠦᠷᠭᠡᠳᠬᠡᠨ ᠠᠬᠢᠭᠤᠯᠵᠤ᠂ | 2023 ᠣᠨ ᠤ ᠵᠢᠯ ᠤᠨ ᠡᠴᠦᠰ ᠠᠴᠠ ᠡᠮᠦᠨ᠎ᠡ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠥᠯᠥ ᠬᠥᠳᠡᠯᠬᠦ | ᠬᠥᠷᠥᠩᠭᠡ ᠶᠢ ᠳᠡᠩᠰᠡᠯᠡᠭᠤᠯᠵᠦ ᠦᠨᠡᠮᠯᠡᠯ ᠣᠯᠭᠤᠬᠤ ᠳᠤ ︽ᠭᠦᠢᠴᠡᠳᠬᠡᠬᠦ ᠶᠣᠰᠣᠲᠠᠢ ᠶᠢ ᠨᠢ ᠪᠦᠬᠦᠨ ᠢ | ᠭᠦᠢᠴᠡᠳᠬᠡᠬᠦ︾ ᠶᠢ ᠪᠡᠶᠡᠯᠡᠭᠦᠯᠬᠦ ᠪᠠᠷ ᠴᠢᠷᠮᠠᠶᠢᠨ᠎ᠠ᠃ | ᠬᠤᠶᠠᠷ᠂ ᠬᠡᠷᠡᠭᠯᠡᠬᠦ ᠬᠡᠪᠴᠢᠶ᠎ᠡ ᠪᠠ ᠨᠥᠬᠦᠴᠡᠯ | ᠲᠣᠰ ᠲᠥᠰᠥᠯ ᠨᠢ ᠪᠥᠬᠦ ᠬᠤᠰᠢᠭᠤᠨ ᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠳᠡᠭᠡᠷᠡᠬᠢ ᠭᠠᠵᠠᠷ ᠬᠡᠷᠡᠭᠯᠡᠬᠦ᠂ ᠲᠥᠯᠦᠪᠵᠢᠭᠦᠯᠭᠡ ᠬᠢᠬᠦ᠂ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠵᠤ ᠳᠠᠩᠰᠠᠯᠠᠬᠤ ᠭᠠᠷᠳᠠᠮ ᠪᠦᠷᠢᠨ ᠪᠤᠰᠤ ᠵᠡᠷᠭᠡ ᠰᠢᠯᠲᠠᠭᠠᠨ ᠠᠴᠠ ᠪᠣᠯᠵᠤ᠂ ᠠᠵᠤ ᠠᠬᠤᠶᠢᠯᠠᠯ ᠳᠤ ᠭᠠᠵᠠᠷ | ᠬᠡᠷᠡᠭᠯᠡᠬᠦ ᠤᠨ ︽ᠳᠠᠩᠰᠠᠯᠠᠭᠤᠯᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠳᠤ ᠲᠣᠬᠢᠷᠠᠨ᠎ᠠ᠃ ᠳᠡᠭᠡᠷ᠎ᠡ | ᠳᠤᠷᠠᠳᠤᠭᠰᠠᠨ ᠬᠡᠷᠡᠭᠯᠡᠬᠦ ᠭᠠᠵᠠᠷ ᠲᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠬᠦ ᠳᠡᠭᠡᠨ ᠳᠣᠣᠷᠠᠬᠢ | ᠨᠥᠬᠦᠴᠡᠯ ᠤᠳ ᠢ ᠬᠠᠮᠲᠤ ᠳᠤᠨᠢ ᠬᠠᠩᠭᠠᠬᠤ ᠬᠡᠷᠡᠭᠲᠡᠢ᠃ | ︵ᠨᠢᠭᠡ︶ ᠲᠦᠷᠦᠯ ᠵᠦᠢᠯᠡᠰ ᠤᠨ ᠭᠠᠵᠠᠷ ᠰᠢᠷᠣᠢ ᠶᠢᠨ ᠰᠢᠨᠵᠢ ᠴᠢᠨᠠᠷ ᠨᠢ ᠤᠯᠤᠰ ᠤᠨ ᠥᠮᠴᠢᠯᠡᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠬᠤ ᠬᠡᠷᠡᠭᠲᠡᠢ᠃ | ︵ᠬᠤᠶᠠᠷ︶ ᠪᠠᠷᠢᠯᠭ᠎ᠠ ᠶᠢᠨ ᠵᠦᠢᠯᠡᠰ ᠢ ᠨᠢᠭᠡᠨᠲᠡ ᠪᠠᠶᠢᠭᠤᠯᠵᠤ ᠳᠠᠭᠤᠰᠬᠠᠭᠠᠳ᠂ ᠭᠠᠵᠠᠷ ᠰᠢᠷᠣᠢ᠂ ᠭᠡᠷ | ᠪᠠᠶᠢᠰᠢᠩ ᠤᠨ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠦᠭᠡᠢ ᠪᠠᠶᠢᠬᠤ ᠬᠡᠷᠡᠭᠲᠡᠢ᠃ | ︵ᠭᠤᠷᠪᠠ︶ ᠭᠤᠶᠤᠴᠢᠯᠠᠭᠴᠢ ᠨᠢ ᠦᠯᠦ ᠬᠥᠳᠡᠯᠬᠦ ᠬᠥᠷᠥᠩᠭᠡ ᠶᠢ ᠳᠠᠩᠰᠠᠯᠠᠭᠤᠯᠬᠤ ᠠᠴᠠ ᠡᠮᠦᠨ᠎ᠡ ᠭᠠᠵᠠᠷ | ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠪᠠ ᠬᠤᠯᠪᠣᠭᠳᠠᠯ ᠪᠦᠬᠦᠢ ᠵᠠᠷᠤᠳᠠᠯ ᠢ ᠲᠤᠰᠢᠶᠠᠵᠤ ᠳᠠᠭᠤᠰᠬᠠᠬᠤ | ᠬᠡᠷᠡᠭᠲᠡᠢ᠃ | ︵ᠳᠥᠷᠪᠡ︶ ᠲᠥᠷᠥᠯ ᠵᠦᠢᠯ ᠤᠨ ᠠᠶᠤᠯᠭᠦᠢ ᠦᠢᠯᠡᠳᠪᠦᠷᠢᠯᠡᠯ᠂ ᠣᠷᠴᠢᠨ ᠲᠣᠭᠤᠷᠢᠨ ᠤ ᠪᠣᠬᠢᠷᠲᠤᠯ᠂ ᠭᠠᠯ | ᠰᠡᠷᠭᠡᠶᠢᠯᠡᠵᠤ ᠤᠨᠲᠠᠷᠠᠭᠠᠬᠤ᠂ ᠪᠠᠷᠢᠯᠭ᠎ᠠ ᠶᠢᠨ ᠶᠠᠰᠤ ᠴᠢᠨᠠᠷ ᠨᠢ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ | ᠪᠠᠶᠢᠬᠤᠬᠡᠷᠡᠭᠲᠡᠢ᠃ | ︵ᠲᠠᠪᠤ︶ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠵᠢᠴᠢ ᠲᠠᠷᠠᠭᠠᠯᠠᠯ | ︵ᠨᠢᠭᠡ︶ ᠵᠣᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠵᠤ ᠠᠬᠤᠶᠢᠯᠠᠯ ᠳᠤ ᠬᠡᠷᠡᠭᠯᠡᠬᠦ ᠭᠠᠵᠠᠷ ᠰᠢᠷᠣᠢ ᠶᠢᠨ ︽ | ᠳᠠᠩᠰᠠᠯᠠᠭᠤᠯᠬᠤ ᠳᠤ ᠬᠦᠴᠢᠷ︾ ᠠᠰᠠᠭᠤᠳᠠᠯ ᠢ ᠠᠬᠢᠭᠤᠯᠬᠤ ᠲᠤᠰᠬᠠᠢ ᠠᠵᠢᠯ ᠤᠨ ᠳᠤᠭᠤᠶᠢᠯᠠᠩ ᠪᠠᠶᠢᠭᠤᠯᠵᠤ᠂ | ᠠᠯᠪᠠᠨ ᠭᠡᠷ ᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠤᠨ᠂ ᠠᠯᠪᠠᠨ | ᠭᠡᠷ ᠤᠨ ᠡᠷᠬᠢᠯᠡᠭᠴᠢ ᠶᠢᠨ ᠲᠤᠰᠢᠶᠠᠯ ᠢ ᠱᠢ ᠯᠢᠶᠠᠨ ᠹᠦ᠋ ᠨᠥᠬᠦᠷ ᠬᠠᠪᠰᠤᠷᠭᠠᠨ ᠬᠠᠷᠢᠭᠤᠴᠠᠨ᠎ᠠ᠃ ᠦᠯᠡᠳᠡᠭᠳᠡᠯ | ᠠᠯᠪᠠᠨ ᠭᠡᠷ ᠨᠢ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠡᠳ᠋ ᠤᠨ ᠵᠠᠰᠠᠭ ᠤᠨ | ᠲᠤᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠳᠠ ᠶᠢᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠠᠷᠠᠳ ᠤᠨ ᠰᠢᠭᠦᠬᠦ ᠬᠤᠷᠢᠶ᠎ᠠ᠂ | ᠳᠣᠲᠣᠭᠠᠳᠤ ᠶᠢ ᠬᠠᠮᠠᠭᠠᠯᠠᠬᠤ ᠲᠤᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢᠶᠠᠷ ᠪᠦᠷᠢᠯᠳᠦᠵᠦ᠂ ᠡᠯ᠎ᠡ | ᠡᠭᠦᠷᠭᠡ ᠴᠢᠳᠠᠪᠬᠢᠳᠣ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠨᠢᠭᠲᠠ | ᠬᠠᠮᠵᠢᠯᠴᠠᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠵᠢᠴᠢ ᠭᠠᠵᠠᠷ ᠳᠡᠭᠡᠷᠡᠬᠢ ᠪᠠᠷᠢᠯᠭ᠎ᠠ ᠶᠢᠨ ᠬᠠᠮᠢᠶ᠎ᠠ ᠪᠦᠬᠦᠢ | ᠭᠠᠷᠳᠠᠮ ᠢ ᠲᠡᠭᠦᠯᠳᠡᠷᠵᠢᠭᠦᠯᠬᠦ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠲᠣᠬᠢᠲᠠᠢ ᠰᠠᠶᠢᠲᠤᠷ | ᠰᠢᠢᠳᠪᠦᠷᠢᠯᠡᠨ᠎ᠡ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠢ ᠶᠢ ᠬᠤᠳᠠᠯᠳᠤᠭᠰᠠᠨ ᠠᠰᠢᠭ | ᠣᠷᠣᠯᠭ᠎ᠠ ᠶᠢ ᠬᠢᠨᠠᠨ ᠲᠣᠭᠲᠠᠭᠠᠬᠤ ᠠᠵᠢᠯ ᠢ ᠬᠠᠷᠢᠭᠤᠴᠠᠵᠤ᠂ ᠣᠳᠣᠬᠢ ᠪᠠᠶᠢᠳᠠᠯ ᠢ ᠦᠨᠳᠦᠰᠦᠯᠡᠨ ᠡᠷᠬᠡ ᠶᠢᠨ | ᠬᠠᠷᠢᠶᠠᠯᠠᠯ᠂ ᠲᠥᠯᠦᠪᠵᠢᠭᠦᠯᠭᠡ᠂ ᠭᠠᠵᠠᠷ ᠬᠡᠷᠡᠭᠯᠡᠬᠦ ᠶᠢ ᠬᠢᠨᠠᠨ ᠪᠠᠶᠢᠴᠠᠭᠠᠭᠰᠠᠨ ᠰᠠᠨᠠᠯ ᠢ ᠭᠠᠷᠭᠠᠨ᠎ᠠ᠃ | ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠬᠠᠤᠯᠢ ᠲᠣᠭᠲᠠᠭᠠᠯ ᠶᠣᠰᠣᠭᠠᠷ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠳᠠᠩᠰᠠᠯᠠᠬᠤ ᠭᠠᠷᠳᠠᠮ ᠢ | ᠭᠦᠢᠴᠡᠳᠬᠡᠬᠦ ᠶᠢ ᠬᠠᠷᠢᠭᠤᠴᠠᠨ᠎ᠠ᠃ | ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠠᠬᠤᠶᠢᠯᠠᠯ ᠤᠨ | ᠡᠵᠡᠩᠨᠡᠯᠲᠡ ᠶᠢᠨ ᠪᠠᠶᠢᠳᠠᠯ ᠢ ᠬᠢᠨᠠᠨ ᠬᠠᠷᠭᠤᠭᠤᠯᠬᠤ ᠶᠢ ᠬᠠᠷᠢᠭᠤᠴᠠᠬᠤ ᠶᠢᠨ ᠬᠠᠮᠲᠤ ᠠᠵᠤ ᠠᠬᠤᠶᠢᠯᠠᠯ ᠤᠨ | ᠬᠠᠷᠢᠯᠴᠠᠬᠤ ᠬᠥᠮᠥᠨ ᠪᠠ ᠬᠠᠷᠢᠯᠴᠠᠬᠤ ᠠᠷᠭ᠎ᠠ ᠬᠡᠯᠪᠡᠷᠢ ᠶᠢ ᠬᠠᠩᠭᠠᠨ᠎ᠠ᠃ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠰᠢᠭᠦᠬᠦ ᠬᠤᠷᠢᠶ᠎ᠠ ᠠᠴᠠ ᠬᠠᠤᠯᠢ | ᠵᠠᠷᠭᠤ ᠳᠤ ᠬᠤᠯᠪᠣᠭᠳᠠᠭᠰᠠᠨ ᠲᠥᠷᠥᠯ ᠵᠦᠢᠯ ᠳᠤ ᠲᠡᠰᠦᠯᠦᠨ ᠲᠣᠭᠲᠠᠭᠠᠯᠲᠠ ᠬᠢᠵᠦ᠂ ᠡᠷᠬᠡᠲᠦ ᠬᠥᠮᠥᠨ ᠢ | ᠲᠣᠳᠣᠷᠬᠠᠶᠢᠯᠠᠬᠤ ᠶᠢᠨ ᠬᠠᠮᠲᠤ ᠲᠡᠰᠦᠯᠦᠨ ᠲᠣᠭᠲᠠᠭᠠᠯᠲᠠ ᠶᠢᠨ ᠰᠠᠨᠠᠯ ᠭᠠᠷᠭᠠᠬᠤ ᠶᠢ ᠬᠠᠷᠢᠭᠤᠴᠠᠨ᠎ᠠ᠃ | ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠲᠥᠷᠥᠯ ᠵᠦᠢᠯ ᠲᠣᠭᠲᠠᠭᠠᠬᠤ᠂ | ᠳᠠᠩᠰᠠᠯᠠᠬᠤ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠬᠠᠷᠢᠭᠤᠴᠠᠨ᠎ᠠ᠃ | ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠡᠳ᠋ ᠤᠨ | ᠵᠠᠰᠠᠭ ᠤᠨ ᠲᠤᠪᠴᠢᠶ᠎ᠠ ᠵᠡᠷᠭᠡ ᠰᠠᠯᠠᠭ᠎ᠠ ᠮᠥᠴᠢᠷ ᠤᠳ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠬᠤ ᠮᠥᠩᠭᠦ᠂ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠠᠷᠤᠳᠠᠯ᠂ | ᠬᠤᠲᠠ ᠶᠢᠨ ᠰᠠᠭᠤᠷᠢ ᠲᠦᠭᠦᠭᠡᠷᠤᠮᠵᠢ ᠶᠢᠨ ᠢᠵᠢ ᠪᠦᠷᠢᠳᠦᠭᠦᠯᠬᠦ ᠵᠠᠷᠤᠳᠠᠯ ᠵᠡᠷᠭᠡ ᠵᠠᠷᠤᠳᠠᠯ ᠢ ᠬᠠᠷᠢᠭᠤᠴᠠᠨ | ᠬᠤᠷᠢᠶᠠᠨ᠎ᠠ᠃ | ︵ᠬᠤᠶᠠᠷ︶ ᠶᠡᠷᠦᠩᠬᠡᠢ ᠲᠠᠷᠠᠭᠠᠯᠠᠯ | ᠬᠡᠷᠡᠭᠯᠡᠬᠦ ᠬᠡᠪᠴᠢᠶ᠎ᠡ ᠪᠠ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠲᠥᠷᠥᠯ | ᠵᠦᠢᠯ ᠤᠨ ᠬᠠᠷᠢᠶ᠎ᠠ ᠭᠠᠵᠠᠷ ︵ᠰᠤᠮᠤ ᠰᠢᠶᠠᠩ ᠪᠠᠯᠭᠠᠰᠤ᠂ ᠲᠥᠪ᠂ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︶ ᠠᠴᠠ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠡ | ᠲᠠᠩᠰᠠ ᠶᠢ ᠬᠤᠰᠢᠭᠤᠨ ᠤ ᠦᠯᠡᠳᠡᠭᠳᠡᠯ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ ᠦᠯᠡᠳᠡᠭᠳᠡᠯ ᠠᠯᠪᠠᠨ ᠭᠡᠷ ᠠᠴᠠ | ᠪᠠᠶᠢᠭᠤᠯᠤᠭᠰᠠᠨ ᠡᠬᠡ ᠲᠠᠩᠰᠠ ᠶᠢ ᠦᠨᠳᠦᠰᠦᠯᠡᠨ ᠲᠥᠷᠥᠯ ᠵᠦᠢᠯ ᠢ ᠳᠠᠷᠠᠭᠠᠯᠠᠨ ᠵᠠᠳᠠᠯᠤᠨ ᠰᠤᠳᠤᠯᠤᠨ ᠮᠠᠭᠠᠳᠯᠠᠵᠤ | ᠂ ᠠᠰᠠᠭᠤᠳᠠᠯ ᠤᠨ ᠰᠢᠯᠲᠠᠭᠠᠨ ᠢ ᠡᠮᠬᠢᠯᠡᠨ ᠳᠢᠭᠯᠡᠵᠦ᠂ ᠪᠦᠯᠦᠭ ᠤᠳᠠᠭ᠎ᠠ᠂ ᠲᠥᠷᠥᠯ ᠬᠡᠯᠪᠡᠷᠢ ᠬᠤᠪᠢᠶᠠᠨ ᠬᠢᠨᠠᠨ | ᠬᠠᠷᠭᠤᠭᠤᠯᠵᠤ ᠵᠥᠪᠰᠢᠶᠡᠷᠡᠨ ᠰᠢᠯᠵᠢᠭᠦᠯᠦᠨ ᠬᠤᠯᠪᠣᠭᠳᠠᠬᠤ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠵᠡᠷᠭᠡᠪᠡᠷ | ᠭᠦᠢᠴᠡᠳᠬᠡᠨ᠎ᠡ᠃ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠳ ᠭᠠᠷᠳᠠᠮ ᠢ ᠨᠥᠬᠦᠨ ᠭᠦᠢᠴᠡᠳᠬᠡᠬᠦ ᠪᠠᠨ | ᠲᠦᠷᠭᠡᠳᠬᠡᠵᠦ᠂ ᠣᠬᠤᠷᠬᠠᠨ ᠬᠤᠭᠤᠴᠠᠭᠠᠨ ᠳᠤ ᠭᠠᠷ ᠭᠦᠢᠴᠡᠳᠬᠡᠯ ᠢ ᠭᠦᠢᠴᠡᠳᠬᠡᠬᠦ ᠳᠤ ᠬᠦᠴᠢᠷᠲᠡᠢ ᠲᠥᠷᠥᠯ | ᠵᠦᠢᠯ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ | ᠡᠭᠦᠷᠭᠡ ᠴᠢᠳᠠᠪᠬᠢᠲᠤ ᠰᠠᠯᠠᠭ᠎ᠠ ᠮᠥᠴᠢᠷ ᠠᠴᠠ ︽ᠵᠠᠬᠢᠳᠠᠯ ᠢᠶᠠᠷ ᠭᠡᠷᠡᠴᠢ ᠶᠢ ᠣᠷᠣᠯᠠᠭᠤᠯᠬᠤ︾ ᠠᠷᠭ᠎ᠠ ᠮᠠᠶ᠋ᠢᠭ ᠢᠶᠠᠷ | ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠨ᠎ᠠ᠃ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠪᠠᠶᠢᠭᠤᠯᠤᠮᠵᠢ ᠨᠢ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠭᠠᠷᠭᠠᠭᠰᠠᠨ ᠬᠢᠨᠠᠨ ᠬᠠᠷᠭᠤᠭᠤᠯᠤᠭᠰᠠᠨ | ᠰᠠᠨᠠᠯ ᠢ ᠦᠨᠳᠦᠰᠦᠯᠡᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠤᠷᠢᠳᠠᠪᠠᠷ ᠭᠦᠢᠴᠡᠳᠬᠡᠵᠦ ᠪᠣᠯᠣᠨ᠎ᠠ᠃ | ︵ᠡᠬᠡ ᠲᠠᠩᠰᠠ ᠶᠢᠨ ᠬᠡᠪ ᠢ ᠳᠠᠭᠠᠯᠳᠤᠭᠤᠯᠤᠯ ᠬᠦᠰᠦᠨᠦᠭᠲᠦ ᠳᠤ ᠦᠵᠡ︶᠃ | ᠳᠥᠷᠪᠡ᠂ ᠰᠢᠢᠳᠪᠦᠷᠢᠯᠡᠬᠦ ᠠᠷᠭ᠎ᠠ ᠬᠡᠮᠵᠢᠶ᠎ᠡ | ︵ᠨᠢᠭᠡ︶ ᠲᠥᠯᠦᠪᠵᠢᠭᠦᠯᠭᠡ ᠶᠢᠨ ᠭᠠᠷᠳᠠᠮ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠵᠡᠷᠭᠡ ᠶᠢ | ᠥᠩᠭᠡᠷᠡᠭᠦᠯᠦᠭᠰᠡᠨ ᠦᠭᠡᠢ ᠠᠴᠠ ᠪᠣᠯᠵᠤ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠨᠥᠯᠥᠭᠡᠯᠡᠭᠰᠡᠨ | ᠪᠠᠶᠢᠪᠠᠯ᠂ ᠲᠣᠭᠲᠠᠭᠠᠯ ᠶᠣᠰᠣᠭᠠᠷ ᠲᠥᠯᠦᠪᠵᠢᠭᠦᠯᠭᠡ ᠶᠢ ᠰᠢᠯᠭᠠᠨ ᠠᠪᠬᠤ ᠵᠡᠷᠭᠡ ᠭᠠᠷᠳᠠᠮ ᠢ ᠨᠥᠬᠦᠪᠦᠷᠢᠯᠡᠨ ᠬᠢᠵᠦ | ᠳᠡᠶᠢᠯᠬᠦ ᠳᠤ ᠬᠦᠷᠪᠡᠯ᠂ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠶᠢᠨ ᠬᠠᠮᠲᠤ ᠬᠤᠯᠪᠣᠭᠳᠠᠯ ᠪᠦᠬᠦᠢ ᠬᠢᠨᠠᠨ | ᠬᠠᠷᠭᠤᠭᠤᠯᠬᠤ ᠭᠠᠷᠳᠠᠮ ᠢ ᠨᠥᠬᠦᠪᠦᠷᠢᠯᠡᠭᠰᠡᠨ ᠤ ᠲᠠᠷᠠᠭ᠎ᠠ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ | ᠬᠡᠷᠡᠭᠲᠡᠢ᠃ ᠪᠠᠶᠢᠭᠤᠯᠬᠤ ᠴᠠᠭ ᠨᠢ ᠨᠡᠯᠢᠶᠡᠳ ᠡᠷᠲᠡ ᠵᠡᠷᠭᠡ ᠰᠢᠯᠲᠠᠭᠠᠨ ᠠᠴᠠ ᠪᠣᠯᠵᠤ ᠨᠥᠬᠦᠵᠦ ᠭᠦᠢᠴᠡᠳᠬᠡᠬᠦ | ᠨᠥᠬᠦᠴᠡᠯ ᠦᠭᠡᠢ ᠪᠣᠯ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠤᠲᠠ ︵ ᠪᠠᠯᠭᠠᠰᠤ︶ ᠶᠢᠨ ᠶᠡᠷᠦᠩᠬᠡᠢ | ᠲᠥᠯᠦᠪᠵᠢᠭᠦᠯᠭᠡ ᠳᠤ ᠨᠡᠶᠢᠴᠡᠭᠰᠡᠨ ᠤᠷᠢᠲᠠᠯ ᠳᠣᠣᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠣᠳᠣᠬᠢ ᠪᠠᠶᠢᠳᠠᠯ ᠢ ᠦᠨᠳᠦᠰᠦᠯᠡᠨ ᠨᠤᠲᠠᠯᠠᠬᠤ ᠪᠤᠶᠤ ᠬᠢᠨᠠᠨ ᠬᠠᠷᠭᠤᠭᠤᠯᠤᠭᠰᠠᠨ | ᠰᠠᠨᠠᠯ ᠢᠶᠠᠨ ᠭᠠᠷᠭᠠᠨ᠎ᠠ᠃ ᠬᠤᠲᠠ ︵ᠪᠠᠯᠭᠠᠰᠤ︶ ᠶᠢᠨ ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠦᠭᠡᠢ ᠪᠣᠯᠪᠠᠴᠤ | ᠠᠯᠪᠠᠳᠠᠯᠭ᠎ᠠ ᠶᠢᠨ ᠴᠢᠨᠠᠷᠲᠠᠢ ᠠᠭᠤᠯᠭ᠎ᠠ ᠶᠢ ᠵᠥᠷᠢᠴᠡᠬᠦ ᠦᠭᠡᠢ ᠪᠠᠶᠢᠪᠠᠯ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠲᠥᠯᠦᠪᠵᠢᠭᠦᠯᠭᠡ ᠶᠢ ᠬᠢᠨᠠᠨ ᠬᠠᠷᠭᠤᠭᠤᠯᠤᠭᠰᠠᠨ ᠰᠠᠨᠠᠯ ᠢᠶᠠᠨ ᠭᠠᠷᠭᠠᠨ᠎ᠠ᠃ | ᠲᠥᠯᠦᠪᠵᠢᠭᠦᠯᠭᠡ ᠳᠤ ᠨᠡᠶᠢᠴᠡᠬᠦ᠂ ᠬᠡᠷᠡᠭᠴᠡᠭᠡ ᠶᠢ ᠥᠯᠥ ᠬᠤᠪᠢᠷᠠᠭᠤᠯᠬᠤ ᠤᠷᠢᠲᠠᠯ ᠳᠣᠣᠷ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠥᠯᠦᠪᠵᠢᠭᠦᠯᠭᠡ ᠶᠢ ᠬᠢᠨᠠᠨ ᠪᠠᠶᠢᠴᠠᠭᠠᠭᠰᠠᠨ ᠰᠠᠨᠠᠯ | ᠭᠠᠷᠭᠠᠵᠤ᠂ ᠣᠲᠣ ᠶᠢᠨ ᠪᠠᠶᠢᠭ᠎ᠠ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ᠭᠠᠵᠠᠷ ᠰᠢᠷᠣᠢ ᠶᠢᠨ | ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠭᠰᠡᠨ ᠪᠠ ᠪᠠᠭᠲᠠᠭᠠᠮᠵᠢ ᠶᠢᠨ ᠨᠣᠷᠮ᠎ᠠ ᠶᠢ ᠨᠡᠮᠡᠭᠳᠡᠭᠦᠯᠦᠭᠰᠡᠨ ᠪᠠᠶᠢᠪᠠᠯ᠂ | ᠭᠠᠵᠠᠷ ᠰᠢᠷᠣᠢ ᠶᠢᠨ ᠦᠨ᠎ᠡ ᠶᠢ ᠳᠠᠭᠢᠵᠤ ᠨᠡᠮᠡᠭᠳᠡᠭᠦᠯᠬᠦ ᠦᠭᠡᠢ᠃ | ︵ᠬᠤᠶᠠᠷ︶ ᠭᠠᠵᠠᠷ ᠬᠡᠷᠡᠭᠯᠡᠬᠦ ᠭᠠᠷᠳᠠᠮ | 1. ᠭᠠᠵᠠᠷ ᠰᠢᠷᠣᠢ ᠶᠢᠨ ᠬᠠᠩᠭᠠᠯᠭ᠎ᠠ ᠠᠴᠠ ᠪᠣᠯᠵᠤ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ | ᠨᠥᠯᠥᠭᠡᠯᠡᠭᠰᠡᠨ ᠪᠠᠶᠢᠪᠠᠯ᠂ ᠣᠷᠣᠨ ᠨᠤᠲᠤᠭ ᠤᠨ ᠪᠣᠳᠠᠲᠠᠢ ᠪᠠᠶᠢᠳᠠᠯ ᠵᠢᠴᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠦᠶ᠎ᠡ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠭᠠᠵᠠᠷ ᠬᠠᠩᠭᠠᠬᠤ ᠭᠠᠷᠳᠠᠮ ᠢ | ᠨᠥᠬᠦᠨ ᠭᠦᠢᠴᠡᠳᠬᠡᠵᠦ᠂ ᠠᠳᠠᠯᠢ ᠪᠤᠰᠤ ᠴᠠᠭ ᠬᠤᠭᠤᠴᠠᠭ᠎ᠠ᠂ ᠠᠳᠠᠯᠢ ᠪᠤᠰᠤ ᠲᠥᠷᠥᠯ ᠬᠡᠯᠪᠡᠷᠢ ᠶᠢ ᠦᠨᠳᠦᠰᠦᠯᠡᠨ᠂ | ᠬᠤᠪᠢᠶᠠᠷᠢᠯᠠᠨ ᠥᠭᠬᠦ᠂ ᠬᠡᠯᠡᠯᠴᠡᠭᠡᠷ ᠢᠶᠠᠷ ᠰᠢᠯᠵᠢᠭᠦᠯᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢᠶᠠᠷ ᠭᠦᠢᠴᠡᠳᠬᠡᠨ᠎ᠡ᠃ | ᠨᠢᠭᠡᠨᠲᠡ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠳᠠᠩᠰᠠᠯᠠᠯᠲᠠ ᠶᠢ ᠭᠦᠢᠴᠡᠳᠬᠡᠭᠰᠡᠨ ᠪᠠᠶᠢᠪᠠᠯ᠂ ᠠᠯᠪᠠᠨ | ᠵᠠᠷᠯᠠᠯ ᠢᠶᠠᠷ ᠳᠡᠮᠵᠢᠨ ᠡᠷᠬᠡ ᠶᠢᠨ ᠬᠠᠷᠢᠶᠠᠯᠠᠯ ᠨᠢ ᠲᠣᠳᠣᠷᠬᠠᠢ ᠪᠥᠭᠡᠳ ᠮᠠᠷᠭᠤᠭᠠᠨ ᠦᠭᠡᠢ ᠪᠠᠶᠢᠪᠠᠯ᠂ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠡᠳ᠂ ᠰᠢᠭᠤᠳ ᠣᠳᠣᠬᠢ ᠪᠠᠶᠢᠳᠠᠯ ᠢ | ᠦᠨᠳᠦᠰᠦᠯᠡᠨ ᠬᠡᠷᠡᠭᠯᠡᠬᠦ ᠭᠠᠵᠠᠷ ᠢ ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠢ ᠬᠢᠨᠠᠨ ᠣᠯᠭᠤᠬᠤ ᠪᠤᠶᠤ | ᠬᠡᠯᠡᠯᠴᠡᠭᠡᠷ ᠢᠶᠠᠷ ᠰᠢᠯᠵᠢᠭᠦᠯᠦᠨ ᠥᠭᠬᠦ ᠭᠠᠷᠳᠠᠮ ᠢ ᠨᠥᠬᠦᠨ ᠭᠦᠢᠴᠡᠳᠬᠡᠨ᠎ᠡ᠃ | 2. ᠤᠯᠤᠰ ᠤᠨ ᠥᠮᠴᠢᠯᠡᠯ ᠤᠨ ᠭᠠᠵᠠᠷ ᠰᠢᠷᠣᠢ ᠬᠡᠷᠡᠭᠯᠡᠬᠦ ᠦᠨᠡᠮᠯᠡᠯ ᠢ ᠨᠢᠭᠡᠨᠲᠡ ᠣᠯᠣᠭᠰᠠᠨ᠂ ᠭᠡᠪᠡᠴᠦ | ᠪᠦᠲᠦᠭᠡᠨ ᠪᠠᠶᠢᠭᠤᠯᠤᠯᠲᠠ ᠶᠢᠨ ᠨᠢᠭᠡᠴᠢ ᠶᠢᠨ ᠬᠡᠷᠡᠭᠯᠡᠬᠦ ᠭᠠᠵᠠᠷ ᠤᠨ ᠰᠢᠨᠵᠢ ᠴᠢᠨᠠᠷ ᠢ ᠬᠤᠪᠢᠷᠠᠭᠤᠯᠤᠭᠰᠠᠨ ᠲᠥᠷᠥᠯ | ᠵᠦᠢᠯ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠠᠰᠢᠭ | ᠣᠯᠵᠠᠪᠤᠷᠢ ᠪᠠ ᠭᠠᠶᠢᠯᠢ ᠰᠦᠢᠳᠬᠡᠯ ᠢ ᠬᠠᠤᠯᠢ ᠲᠣᠭᠲᠠᠭᠠᠯ ᠶᠣᠰᠣᠭᠠᠷ ᠲᠤᠰᠢᠶᠠᠭᠰᠠᠨ ᠤ ᠳᠠᠷᠠᠭ᠎ᠠ᠂ ᠣᠲᠣ ᠶᠢᠨ | ᠬᠡᠷᠡᠭᠵᠢᠭᠦᠯᠵᠦ ᠪᠠᠶᠢᠭ᠎ᠠ ᠬᠤᠲᠠ ︵ᠪᠠᠯᠭᠠᠰᠤ︶ ᠶᠢᠨ ᠲᠥᠯᠦᠪᠵᠢᠭᠦᠯᠭᠡ ᠳᠤ ᠨᠡᠶᠢᠴᠡᠬᠦ ᠪᠤᠶᠤ ᠬᠤᠲᠠ ︵ᠪᠠᠯᠭᠠᠰᠤ︶ | ᠶᠢᠨ ᠶᠡᠷᠦᠩᠬᠡᠢ ᠲᠥᠯᠦᠪᠵᠢᠭᠦᠯᠭᠡ ᠳᠤ ᠨᠡᠶᠢᠴᠡᠬᠦ ᠦᠭᠡᠢ ᠪᠣᠯᠪᠠᠴᠤ ᠠᠯᠪᠠᠳᠠᠯᠭ᠎ᠠ ᠶᠢᠨ ᠴᠢᠨᠠᠷᠲᠠᠢ ᠠᠭᠤᠯᠭ᠎ᠠ ᠶᠢ | ᠵᠥᠷᠢᠴᠡᠬᠦ ᠦᠭᠡᠢ᠂ ᠪᠤᠰᠤᠳ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠬᠦ ᠦᠭᠡᠢ ᠤᠷᠢᠲᠠᠯ | ᠳᠣᠣᠷ᠎ᠠ᠂ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ | ᠲᠥᠯᠦᠪᠵᠢᠭᠦᠯᠭᠡ ᠶᠢᠨ ᠬᠡᠷᠡᠭᠯᠡᠯᠲᠡ ᠶᠢ ᠬᠤᠪᠢᠷᠠᠭᠤᠯᠬᠤ ᠪᠠ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ | ᠭᠠᠷᠳᠠᠮ ᠢ ᠭᠦᠢᠴᠡᠳᠬᠡᠨ᠎ᠡ᠃ | ︵ᠭᠤᠷᠪᠠ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠳᠠᠩᠰᠠᠯᠠᠭᠤᠯᠬᠤ ᠭᠠᠷᠳᠠᠮ | ᠪᠠᠷᠢᠯᠭ᠎ᠠ ᠶᠢᠨ ᠠᠵᠢᠯ ᠬᠢᠬᠦ ᠵᠥᠪᠰᠢᠶᠡᠷᠡᠯ ᠤᠨ ᠦᠨᠡᠮᠯᠡᠯ ᠦᠯᠦ ᠭᠦᠢᠴᠡᠳᠬᠡᠭᠰᠡᠨ ᠪᠠᠷᠢᠯᠭ᠎ᠠ ᠳᠠᠭᠤᠰᠤᠭᠰᠠᠨ | ᠲᠥᠷᠥᠯ ᠵᠦᠢᠯ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠮᠡᠷᠭᠡᠵᠢᠯ ᠤᠨ ᠮᠠᠲ᠋ᠧᠷᠢᠶᠠᠯ ᠦᠨᠳᠦᠰᠦᠨ ᠳᠡᠭᠡᠨ | ᠪᠦᠷᠢᠨ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠲᠠᠰ ᠳᠠᠷᠠᠭᠠᠯᠠᠯ ᠢ ᠭᠦᠢᠴᠡᠳᠬᠡᠭᠰᠡᠨ ᠦᠭᠡᠢ ᠠᠴᠠ ᠪᠣᠯᠵᠤ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠨᠥᠯᠥᠭᠡᠯᠡᠭᠰᠡᠨ ᠪᠠᠶᠢᠪᠠᠯ᠂ ᠪᠦᠲᠦᠭᠡᠨ ᠪᠠᠶᠢᠭᠤᠯᠬᠤ ᠨᠢᠭᠡᠴᠢ ᠨᠢ | ᠬᠢᠷᠢ ᠬᠡᠮ ᠲᠠᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠰᠢᠯᠭᠠᠨ | ᠲᠣᠭᠲᠠᠭᠠᠯᠲᠠ ᠬᠢᠵᠦ᠂ ᠰᠢᠯᠭᠠᠨ ᠪᠠᠶᠢᠴᠠᠭᠠᠬᠤ ᠪᠠ ᠬᠢᠨᠠᠨ ᠲᠣᠭᠲᠠᠭᠠᠬᠤ ᠪᠠᠷ ᠳᠡᠮᠵᠢᠨ ᠪᠦᠲᠦᠴᠡ ᠶᠢᠨ ᠠᠮᠤᠷ | ᠲᠦᠪᠰᠢᠨ᠂ ᠬᠡᠷᠡᠭᠯᠡᠬᠦ ᠴᠢᠳᠠᠮᠵᠢ ᠶᠢ ᠬᠠᠩᠭᠠᠵᠤ᠂ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠭᠰᠡᠨ ᠪᠠᠶᠢᠪᠠᠯ | ᠂ ᠰᠢᠯᠭᠠᠨ ᠲᠣᠭᠲᠠᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ ᠪᠠᠶᠢᠭ᠎ᠠ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠭᠠᠷᠳᠠᠮ ᠢ ᠬᠢᠵᠦ ᠥᠭᠬᠦ ᠬᠡᠷᠡᠭᠲᠡᠢ᠃ | ᠭᠠᠯ ᠰᠡᠷᠭᠡᠶᠢᠯᠡᠵᠤ ᠤᠨᠲᠠᠷᠠᠭᠠᠯᠲᠠ ᠶᠢᠨ ᠰᠢᠯᠭᠠᠨ ᠠᠪᠬᠤ ︵ᠳᠠᠩᠰᠠᠯᠠᠭᠤᠯᠬᠤ︶ ᠠᠵᠢᠯ ᠨᠢ ᠬᠢᠭᠡᠳᠦᠢ | ᠢᠨᠵᠧᠨᠧᠷᠢᠩ ᠤᠨ ᠲᠥᠷᠥᠯ ᠵᠦᠢᠯ ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠬᠠᠷᠢᠶᠠᠯᠠᠭᠳᠠᠪᠠᠯ᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠵᠤ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠤᠭᠡᠷ ᠲᠣᠭᠠᠲᠤ︶ ᠶᠣᠰᠣᠭᠠᠷ | ᠭᠦᠢᠴᠡᠳᠬᠡᠨ᠎ᠡ᠃ ᠦᠯᠡᠳᠡᠭᠳᠡᠯ ᠠᠰᠠᠭᠤᠳᠠᠯ ᠲᠠᠢ ᠲᠥᠷᠥᠯ ᠵᠦᠢᠯ ᠳᠤ ᠬᠠᠷᠢᠶᠠᠯᠠᠭᠳᠠᠪᠠᠯ᠂ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ 17 | ᠲᠢᠩᠬᠢᠮ ᠲᠣᠪᠴᠢᠶ᠎ᠠ ᠶᠢᠨ ︽︿ᠪᠥᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠰᠡᠷᠭᠡᠶᠢᠯᠡᠵᠤ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢ ᠭᠦᠨᠵᠡᠭᠡᠢ ᠥᠷᠨᠢᠭᠦᠯᠬᠦ | ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ | ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ﹀︾ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠠᠴᠠ ᠠᠯᠪᠠᠨ ᠲᠠᠷᠬᠠᠭᠠᠭᠰᠠᠨ ﹇2021﹈ | 155 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃ | ︵ᠳᠥᠷᠪᠡ︶ ᠬᠠᠮᠢᠶ᠎ᠠ ᠪᠦᠬᠦᠢ ᠵᠠᠷᠤᠳᠠᠯ ᠢ ᠭᠦᠢᠴᠡᠳᠬᠡᠬᠦ | ᠲᠣᠰ ᠲᠥᠰᠥᠯ ᠤᠨ ᠬᠡᠪᠴᠢᠶ᠎ᠡ ᠪᠠ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠭᠠᠵᠠᠷ ᠰᠢᠷᠣᠢ ᠶᠢ | ᠰᠢᠯᠵᠢᠭᠦᠯᠦᠨ ᠬᠤᠳᠠᠯᠳᠤᠬᠤ ᠮᠥᠩᠭᠦ᠂ ᠬᠤᠲᠠ ᠶᠢᠨ ᠰᠠᠭᠤᠷᠢ ᠲᠦᠭᠦᠭᠡᠷᠤᠮᠵᠢ ᠶᠢᠨ ᠢᠵᠢ ᠪᠦᠷᠢᠳᠦᠭᠦᠯᠬᠦ ᠵᠡᠷᠭᠡ | ᠵᠠᠷᠤᠳᠠᠯ ᠢ ᠬᠠᠤᠯᠢ ᠲᠣᠭᠲᠠᠭᠠᠯ ᠶᠣᠰᠣᠭᠠᠷ ᠲᠤᠰᠢᠶᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠲᠤᠰᠬᠠᠢ ᠵᠦᠢᠯ ᠢᠶᠠᠷ ᠵᠠᠰᠠᠵᠤ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠬᠦ ᠡᠬᠡ ᠲᠠᠩᠰᠠ ᠪᠠ | ᠲᠤᠰᠬᠠᠢ ᠵᠦᠢᠯ ᠢᠶᠠᠷ ᠵᠠᠰᠠᠬᠤ ᠶᠢᠨ ᠬᠢᠨᠠᠨ ᠪᠤᠳᠤᠬᠤ ᠡᠬᠡ ᠲᠠᠩᠰᠠᠨ ᠳᠤ ᠵᠢᠭᠰᠠᠭᠠᠨ ᠣᠷᠣᠭᠤᠯᠤᠭᠰᠠᠨ ᠲᠥᠷᠥᠯ | ᠵᠦᠢᠯ ᠳᠤ ᠴᠢᠭᠯᠡᠭᠦᠯᠦᠨ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠣ ᠭᠠᠵᠠᠷ ᠲᠤ ᠪᠦᠲᠦᠭᠡᠨ ᠪᠠᠶᠢᠭᠤᠯᠬᠤ | ᠵᠠᠷᠤᠳᠠᠯ ᠢ ᠵᠣᠬᠢᠬᠤ ᠴᠡᠭᠴᠡᠯᠡᠨ ᠰᠠᠶᠢᠵᠢᠷᠠᠭᠤᠯᠬᠤ ᠵᠠᠷᠴᠢᠮ ᠪᠠ ᠰᠦᠢᠳᠬᠡᠯ ᠲᠤᠰᠢᠶᠠᠬᠤ ᠪᠠᠷᠢᠮᠵᠢᠶ᠎ᠠ ᠶᠣᠰᠣᠭᠠᠷ | ᠬᠡᠷᠡᠭᠵᠢᠭᠦᠯᠦᠨ᠎ᠡ᠃ | ︵ᠲᠠᠪᠤ︶ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠭᠦᠢᠴᠡᠳᠬᠡᠬᠦ | ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠨᠢ ᠠᠵᠤ ᠠᠬᠤᠶᠢᠯᠠᠯ ᠤᠨ ᠭᠤᠶᠤᠴᠢᠯᠠᠨ | ᠳᠠᠩᠰᠠᠯᠠᠭᠤᠯᠬᠤ ᠳᠤ ᠲᠤᠰᠢᠶᠠᠭᠰᠠᠨ ᠴᠢᠬᠤᠯᠠ ᠨᠥᠬᠦᠴᠡᠯ ᠤᠨ ᠮᠠᠲ᠋ᠧᠷᠢᠶᠠᠯ ᠪᠤᠶᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠭᠠᠷᠭᠠᠭᠰᠠᠨ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ᠂ ᠵᠠᠷᠤᠳᠠᠯ ᠵᠡᠷᠭᠡ | ᠬᠤᠯᠪᠣᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠵᠤ ᠳᠠᠭᠤᠰᠬᠠᠭᠠᠳ ᠥᠯᠥ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ ᠭᠦᠢᠴᠡᠳᠬᠡᠨ᠎ᠡ᠃ | ᠲᠠᠪᠤ᠂ ᠬᠠᠮᠢᠶ᠎ᠠ ᠪᠦᠬᠦᠢ ᠠᠰᠠᠭᠤᠳᠠᠯ ᠢ ᠰᠢᠢᠳᠪᠦᠷᠢᠯᠡᠬᠦ ᠰᠠᠨᠠᠯ | ︵ᠨᠢᠭᠡ︶ ᠭᠡᠷ ᠪᠠᠶᠢᠰᠢᠩ ᠪᠠ ᠭᠠᠵᠠᠷ ᠰᠢᠷᠣᠢ ᠶᠢᠨ ᠮᠡᠳᠡᠭᠡ ᠵᠠᠩᠭᠢ ᠨᠢᠭᠡᠳᠦᠯ ᠦᠭᠡᠢ ᠪᠠᠶᠢᠬᠤ ᠲᠤᠬᠠᠢ | 1.ᠦᠯᠦ ᠬᠥᠳᠡᠯᠬᠦ ᠬᠥᠷᠥᠩᠭᠡ ᠶᠢᠨ ᠭᠡᠷ ᠪᠠᠶᠢᠰᠢᠩ᠂ ᠭᠠᠵᠠᠷ ᠰᠢᠷᠣᠢ ᠶᠢᠨ ᠬᠡᠷᠡᠭᠯᠡᠯᠲᠡ ᠨᠢ ᠤᠤᠯ ᠤᠨ ᠬᠢᠨᠠᠨ | ᠵᠥᠪᠰᠢᠶᠡᠷᠡᠭᠰᠡᠨ ᠬᠡᠷᠡᠭᠴᠡᠭᠡ ᠲᠠᠢ ᠨᠢᠭᠡᠳᠦᠯ ᠦᠭᠡᠢ ᠪᠠᠶᠢᠪᠠᠯ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ | ᠭᠠᠷᠳᠠᠮ ᠢ ᠬᠠᠤᠯᠢ ᠶᠣᠰᠣᠭᠠᠷ ᠭᠦᠢᠴᠡᠳᠭᠡᠵᠤ᠂ ᠠᠵᠤ ᠠᠬᠤᠶᠢᠯᠠᠯ ᠤᠨ ᠭᠠᠵᠠᠷ ᠰᠢᠷᠣᠢ ᠣᠯᠬᠤ ᠦᠶ᠎ᠡ ᠶᠢᠨ ᠵᠠᠬ᠎ᠠ | ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ ᠪᠠᠷ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢᠨ | ᠵᠥᠷᠢᠶᠡᠲᠦ ᠦᠨ᠎ᠡ ᠶᠢ ᠨᠥᠬᠦᠵᠦ ᠲᠤᠰᠢᠶᠠᠭᠰᠠᠨ ᠤ ᠲᠠᠷᠠᠭ᠎ᠠ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ | ᠬᠢᠯᠭᠡᠨ᠎ᠡ᠃ | 2. ᠤᠤᠯ ᠤᠨ ᠲᠠᠷᠠᠬᠠᠢ ᠳᠠᠩᠰᠠᠯᠠᠭᠤᠯᠤᠭᠰᠠᠨ ᠭᠡᠷ ᠪᠠᠶᠢᠰᠢᠩ᠂ ᠭᠠᠵᠠᠷ ᠰᠢᠷᠣᠢ ᠶᠢᠨ ᠮᠡᠳᠡᠭᠡ ᠵᠠᠩᠭᠢ ᠨᠢ | ᠨᠢᠭᠡᠳᠦᠯ ᠦᠭᠡᠢ ᠠᠴᠠ ᠪᠣᠯᠵᠤ᠂ ᠲᠦᠷᠦᠯ ᠵᠤᠶᠢᠯ ᠤᠨ ᠬᠡᠰᠡᠭ ᠭᠠᠵᠠᠷ ᠠᠯᠤᠰᠯᠠᠨ ᠪᠦᠲᠦᠭᠡᠨ ᠪᠠᠶᠢᠭᠤᠯᠤᠭᠰᠠᠨ ᠨᠢ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢ ᠨᠥᠯᠥᠭᠡᠯᠡᠭᠰᠡᠨ᠂ ᠲᠠᠷᠠᠬᠠᠢ ᠳᠠᠩᠰᠠᠯᠠᠬᠤ ᠦᠶ᠎ᠡ ᠳᠤ ᠨᠢᠭᠡᠨᠲᠡ | ᠲᠤᠰ ᠲᠤᠰ ᠲᠤᠨᠢ ᠳᠠᠩᠰᠠᠯᠠᠭᠤᠯᠤᠭᠰᠠᠨ ᠭᠡᠷ ᠪᠠᠶᠢᠰᠢᠩ ᠪᠠ ᠭᠠᠵᠠᠷ ᠰᠢᠷᠣᠢ ᠶᠢᠨ ᠬᠡᠷᠡᠭᠯᠡᠯᠲᠡ ᠨᠢ ᠨᠢᠭᠡᠳᠦᠯ ᠦᠭᠡᠢ | ᠦᠯᠦ ᠬᠥᠳᠡᠯᠬᠦ ᠬᠥᠷᠥᠩᠭᠡ ᠶᠢ ᠤᠤᠯ ᠤᠨ ᠲᠡᠮᠳᠡᠭᠯᠡᠭᠰᠡᠨ ᠭᠡᠷ ᠪᠠᠶᠢᠰᠢᠩ᠂ ᠭᠠᠵᠠᠷ ᠰᠢᠷᠣᠢ ᠶᠢᠨ ᠬᠡᠷᠡᠭᠯᠡᠯᠲᠡ ᠶᠢᠨ | ᠶᠣᠰᠣᠭᠠᠷ ᠦᠷᠭᠦᠯᠵᠢᠯᠡᠨ ᠲᠤᠰ ᠲᠤᠰ ᠲᠠᠩᠰᠠᠯᠠᠨ᠎ᠠ᠃ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠦᠭᠡᠢ ᠪᠣᠯ | ᠨᠢᠭᠡᠨᠲᠡ ᠳᠠᠩᠰᠠᠯᠠᠭᠤᠯᠤᠭᠰᠠᠨ ᠦᠯᠦ ᠬᠥᠳᠡᠯᠬᠦ ᠬᠥᠷᠥᠩᠭᠡ ᠶᠢᠨ ᠬᠡᠷᠡᠭᠯᠡᠯᠲᠡ ᠶᠢ ᠬᠤᠪᠢᠷᠠᠭᠤᠯᠵᠤ ᠪᠣᠯᠬᠤ ᠦᠭᠡᠢ᠃ | ᠦᠢᠯᠡᠳᠪᠦᠷᠢ ᠶᠢᠨ ᠭᠡᠷ ᠪᠠᠶᠢᠰᠢᠩ᠂ ᠬᠤᠳᠠᠯᠳᠤᠭᠠᠨ ᠤ ᠲᠥᠬᠦᠭᠡᠷᠦᠮᠵᠢ ᠶᠢᠨ ᠥᠮᠴᠢᠯᠡᠯ ᠤᠨ ᠡᠷᠬᠡ ᠶᠢ ᠤᠯᠠᠨ | ᠤᠳᠠᠭ᠎ᠠ ᠰᠢᠯᠵᠢᠭᠦᠯᠵᠦ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠵᠡᠷᠭᠡ ᠪᠠᠷ ᠰᠢᠯᠵᠢᠭᠦᠯᠦᠭᠰᠡᠨ ᠦᠭᠡᠢ ᠠᠴᠠ | ᠪᠣᠯᠵᠤ ᠭᠡᠷ ᠪᠠᠶᠢᠰᠢᠩ᠂ ᠭᠠᠵᠠᠷ ᠰᠢᠷᠣᠢ ᠶᠢᠨ ᠡᠷᠬᠡ ᠶᠢᠨ ᠪᠡᠶᠡᠴᠢ ᠴᠣᠭᠴᠠ ᠨᠢ ᠨᠢᠭᠡᠳᠦᠯ ᠦᠭᠡᠢ ᠪᠠᠶᠢᠪᠠᠯ᠂ | ᠡᠷᠬᠡ ᠶᠢᠨ ᠬᠠᠷᠢᠶᠠᠯᠠᠯ ᠤᠨ ᠬᠠᠷᠢᠴᠠᠭ᠎ᠠ ᠶᠢᠨ ᠬᠤᠪᠢᠷᠠᠯᠲᠠ ᠨᠢ ᠲᠣᠳᠣᠷᠬᠠᠢ ᠪᠥᠭᠡᠳ ᠮᠠᠷᠭᠤᠯᠳᠤᠭᠠᠨ ᠦᠭᠡᠢ | ᠪᠠᠶᠢᠬᠤ ᠶᠢ ᠬᠢᠨᠠᠨ ᠬᠠᠷᠭᠤᠭᠤᠯᠬᠤ ᠶᠢᠨ ᠬᠠᠮᠲᠤ ᠣᠨᠳᠣᠣ ᠰᠠᠨᠠᠯ ᠦᠭᠡᠢ ᠭᠡᠵᠦ ᠵᠠᠷᠯᠠᠨ ᠨᠡᠶᠢᠲᠡᠯᠡᠭᠰᠡᠨ ᠪᠠᠶᠢᠪᠠᠯ᠂ | ᠦᠢᠯᠡᠳᠪᠦᠷᠢ ᠶᠢᠨ ᠭᠡᠷ ᠪᠠᠶᠢᠰᠢᠩ᠂ ᠬᠤᠳᠠᠯᠳᠤᠭᠠᠨ ᠤ ᠲᠥᠬᠦᠭᠡᠷᠦᠮᠵᠢ ᠶᠢᠨ ᠤᠳᠤ ᠶᠢᠨ ᠥᠮᠴᠢᠯᠡᠯ ᠤᠨ ᠡᠷᠬᠡᠲᠦ | ᠬᠥᠮᠥᠨ ᠭᠠᠭᠴᠠ ᠲᠠᠯ᠎ᠠ ᠠᠴᠠ ᠭᠡᠷ ᠪᠠᠶᠢᠰᠢᠩ ᠭᠠᠵᠠᠷ ᠰᠢᠷᠣᠢ ᠶᠢᠨ ᠡᠷᠬᠡ ᠶᠢᠨ ᠪᠡᠶᠡᠴᠢ ᠴᠣᠭᠴᠠ ᠶᠢ ᠨᠢᠭᠡᠳᠦᠯᠲᠡᠢ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ ᠭᠠᠵᠠᠷ ᠰᠢᠷᠣᠢ ᠶᠢ | ᠨᠢᠭᠡᠨᠲᠡ ᠳᠠᠩᠰᠠᠯᠠᠭᠤᠯᠤᠭᠠᠳ᠂ ᠭᠡᠷ ᠪᠠᠶᠢᠰᠢᠩ ᠢ ᠳᠠᠩᠰᠠᠯᠠᠭᠤᠯᠤᠭᠠᠳᠤᠢ ᠮᠥᠷᠲᠡᠭᠡᠨ ᠬᠤᠶᠠᠭᠤᠯᠠ ᠶᠢᠨ ᠬᠡᠷᠡᠭᠴᠡᠭᠡ | ᠨᠢ ᠨᠢᠭᠡᠳᠦᠯ ᠦᠭᠡᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ | ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠰᠠᠨᠠᠯ ᠪᠠ ᠣᠷᠣᠨ ᠰᠠᠭᠤᠴᠠ ᠪᠠ ᠭᠡᠷ ᠪᠠᠶᠢᠰᠢᠩ ᠭᠠᠵᠠᠷ | ᠰᠢᠷᠣᠢ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ | ᠳᠠᠩᠰᠠᠯᠠᠭᠤᠯᠬᠤ ᠭᠠᠷᠳᠠᠮ ᠪᠤᠶᠤ ᠬᠢᠨᠠᠨ ᠬᠠᠷᠭᠤᠭᠤᠯᠤᠭᠰᠠᠨ ᠰᠠᠨᠠᠯ ᠢ ᠦᠨᠳᠦᠰᠦᠯᠡᠨ᠂ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠬᠢᠯᠭᠡᠨ᠎ᠡ᠃ ᠭᠡᠷ ᠪᠠᠶᠢᠰᠢᠩ ᠪᠠ ᠭᠠᠵᠠᠷ ᠰᠢᠷᠣᠢ ᠨᠢ ᠬᠠᠤᠯᠢ ᠶᠣᠰᠣᠨ ᠤ ᠡᠷᠬᠡ ᠶᠢᠨ | ᠬᠠᠷᠢᠶᠠᠯᠠᠯ ᠤᠨ ᠢᠷᠡᠯᠲᠡ ᠲᠠᠢ ᠪᠠᠶᠢᠵᠤ᠂ ᠬᠡᠰᠡᠭ ᠭᠠᠵᠠᠷ ᠠᠯᠤᠰᠯᠠᠭᠰᠠᠨ ᠪᠦᠲᠦᠭᠡᠨ ᠪᠠᠶᠢᠭᠤᠯᠤᠯᠲᠠ ᠨᠢ | ᠵᠥᠪᠰᠢᠶᠡᠷᠡᠭᠰᠡᠨ ᠬᠡᠷᠡᠭᠯᠡᠬᠦ ᠭᠠᠵᠠᠷ ᠤᠨ ᠬᠡᠪᠴᠢᠶ᠎ᠡ ᠠᠴᠠ ᠬᠡᠲᠦᠷᠡᠭᠰᠡᠨ ᠦᠭᠡᠢ᠂ ᠬᠡᠰᠡᠭ ᠭᠠᠵᠠᠷ ᠲᠤ | ᠲᠣᠬᠢᠷᠠᠭᠤᠯᠤᠯᠲᠠ ᠬᠢᠬᠦ ᠬᠡᠷᠡᠭᠴᠡᠭᠡ ᠱᠠᠭᠠᠷᠳᠠᠯᠭ᠎ᠠ ᠦᠭᠡᠢ ᠪᠠᠶᠢᠪᠠᠯ᠂ ᠪᠠᠶᠢᠭ᠎ᠠ ᠬᠡᠰᠡᠭ ᠭᠠᠵᠠᠷ ᠤᠨ ᠶᠣᠰᠣᠭᠠᠷ ᠲᠣᠰ | ᠲᠣᠰ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠵᠦ ᠪᠣᠯᠣᠨ᠎ᠠ᠃ ᠬᠡᠰᠡᠭ ᠭᠠᠵᠠᠷ ᠢ ᠲᠣᠬᠢᠷᠠᠭᠤᠯᠬᠤ | ᠬᠡᠷᠡᠭᠴᠡᠭᠡ ᠲᠠᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠢᠶᠠᠷ | ᠳᠠᠮᠵᠢᠭᠤᠯᠤᠨ ᠬᠡᠰᠡᠭ ᠭᠠᠵᠠᠷ ᠤᠨ ᠵᠠᠭᠠᠭ ᠢ ᠲᠣᠬᠢᠷᠠᠭᠤᠯᠬᠤ ᠪᠤᠶᠤ ᠬᠡᠰᠡᠭ ᠭᠠᠵᠠᠷ ᠢ ᠨᠡᠶᠢᠯᠡᠭᠦᠯᠵᠦ᠂ ᠰᠠᠯᠭᠠᠭᠰᠠᠨ ᠤ | ᠲᠠᠷᠠᠭ᠎ᠠ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠨ᠎ᠡ᠃ | ︵ᠬᠤᠶᠠᠷ︶ ᠪᠠᠷᠢᠴᠠᠭᠠᠯᠠᠬᠤ ᠪᠤᠶᠤ ᠪᠠᠶᠢᠴᠠᠭᠠᠨ ᠪᠢᠲᠡᠭᠦᠮᠵᠢᠯᠡᠬᠦ ᠳᠤ ᠬᠤᠯᠪᠣᠭᠳᠠᠬᠤ ᠵᠡᠷᠭᠡ ᠲᠠᠯ᠎ᠠ ᠶᠢᠨ | ᠲᠤᠬᠠᠢ | ᠠᠷᠠᠳ ᠤᠨ ᠰᠢᠭᠦᠬᠦ ᠬᠤᠷᠢᠶ᠎ᠠ ᠪᠠᠶᠢᠴᠠᠭᠠᠨ ᠪᠢᠲᠡᠭᠦᠮᠵᠢᠯᠡᠭᠰᠡᠨ ᠠᠴᠠ ᠪᠣᠯᠵᠤ ᠦᠯᠦ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠨᠥᠯᠥᠭᠡᠯᠡᠭᠰᠡᠨ᠂ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠪᠠᠶᠢᠴᠠᠭᠠᠨ ᠪᠢᠲᠡᠭᠦᠮᠵᠢᠯᠡᠭᠰᠡᠨ ᠪᠤᠶᠤ ᠤᠷᠢᠳᠴᠢᠯᠠᠨ ᠪᠠᠶᠢᠴᠠᠭᠠᠨ | ᠪᠢᠲᠡᠭᠦᠮᠵᠢᠯᠡᠭᠰᠡᠨ᠂ ᠭᠤᠶᠤᠴᠢᠯᠠᠭᠴᠢ ᠨᠢ ᠪᠠᠶᠢᠴᠠᠭᠠᠨ ᠪᠢᠲᠡᠭᠦᠮᠵᠢᠯᠡᠭᠳᠡᠭᠴᠢ ᠲᠠᠢ ᠨᠢᠭᠡᠳᠦᠯᠲᠡᠢ ᠪᠠᠶᠢᠪᠠᠯ᠂ | ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠵᠢᠴᠢ ᠭᠡᠷ | ᠪᠠᠶᠢᠰᠢᠩ ᠤᠨ ᠥᠮᠴᠢᠯᠡᠬᠦ ᠡᠷᠬᠡ ᠶᠢᠨ ᠠᠩᠬᠠᠨ ᠤ ᠳᠠᠩᠰᠠᠯᠠᠯᠲᠠ ᠬᠢᠯᠭᠡᠬᠦ ᠶᠢ ᠨᠥᠯᠥᠭᠡᠯᠡᠬᠦ ᠦᠭᠡᠢ ᠪᠥᠭᠡᠳ ᠦᠯᠦ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠳᠡᠪᠲᠡᠷ ᠲᠤ ᠪᠠᠶᠢᠴᠠᠭᠠᠨ ᠪᠢᠲᠡᠭᠦᠮᠵᠢᠯᠡᠭᠰᠡᠨ ᠪᠠᠶᠢᠳᠠᠯ ᠢ | ᠲᠣᠳᠣᠷᠬᠠᠶᠢᠯᠠᠨ᠎ᠠ᠃ ᠪᠠᠷᠢᠴᠠᠭᠠᠯᠠᠬᠤ ᠬᠤᠭᠤᠴᠠᠭᠠᠨ ᠳᠤ ᠪᠠᠷᠢᠴᠠᠭᠠᠯᠠᠭᠴᠢ ᠨᠢ ᠪᠠᠷᠢᠴᠠᠭᠠᠯᠠᠬᠤ ᠡᠳ᠋ ᠬᠥᠷᠥᠩᠭᠡ ᠪᠠᠨ | ᠰᠢᠯᠵᠢᠭᠦᠯᠦᠨ ᠥᠭᠴᠦ ᠪᠣᠯᠣᠨ᠎ᠠ᠃ ᠲᠤᠬᠠᠢ ᠶᠢᠨ ᠬᠥᠮᠥᠨ ᠨᠢ ᠠᠰᠲᠠᠭᠠᠨ ᠪᠣᠯᠵᠣᠨ ᠲᠣᠭᠲᠠᠭᠰᠠᠨ ᠪᠠᠶᠢᠪᠠᠯ᠂ | ᠪᠣᠯᠵᠤᠭ᠎ᠠ ᠶᠣᠰᠣᠭᠠᠷ ᠪᠠᠷᠢᠴᠠᠭᠠᠯᠠᠬᠤ ᠡᠳ᠋ ᠬᠥᠷᠥᠩᠭᠡ ᠪᠠᠨ ᠰᠢᠯᠵᠢᠭᠦᠯᠦᠨ ᠥᠭᠬᠦ ᠳᠤ ᠬᠦᠷᠪᠡᠯ᠂ ᠪᠠᠷᠢᠴᠠᠭᠠᠯᠠᠬᠤ | ᠡᠷᠬᠡ ᠨᠥᠯᠥᠭᠡᠯᠡᠭᠳᠡᠬᠦ ᠦᠭᠡᠢ᠂ ᠪᠠᠷᠢᠴᠠᠭᠠᠯᠠᠭᠴᠢ ᠪᠡᠷᠢᠴᠠᠭᠠᠨ ᠤ ᠡᠳ᠋ ᠬᠥᠷᠥᠩᠭᠡ ᠪᠠᠨ ᠰᠢᠯᠵᠢᠭᠦᠯᠬᠦ ᠳᠤ ᠬᠦᠷᠪᠡᠯ᠂ | ᠪᠠᠷᠢᠴᠠᠭᠠᠯᠠᠬᠤ ᠡᠷᠬᠡᠲᠦ ᠬᠥᠮᠥᠨ ᠳᠤ ᠴᠠᠭ ᠲᠤᠬᠠᠢ ᠳᠤᠨᠢ ᠮᠡᠳᠡᠭᠳᠡᠬᠦ ᠬᠡᠷᠡᠭᠲᠡᠢ᠃ | ︵ᠭᠤᠷᠪᠠ︶ ᠭᠤᠶᠤᠴᠢᠯᠠᠭᠰᠠᠨ ᠪᠡᠶᠡᠴᠢ ᠴᠣᠭᠴᠠ ᠨᠢ ᠲᠣᠳᠣᠷᠬᠠᠢ ᠦᠭᠡᠢ ᠪᠤᠶᠤ ᠳᠤᠲᠠᠭᠳᠠᠭᠰᠠᠨ | ᠲᠠᠯ᠎ᠠ ᠶᠢᠨ ᠲᠤᠬᠠᠢ | 1.ᠠᠵᠤ ᠠᠬᠤᠶᠢᠯᠠᠯ ᠤᠨ ᠤᠰᠠᠳᠴᠤ ᠦᠭᠡᠶᠢᠰᠭᠡᠭᠳᠡᠭᠰᠡᠨ ᠠᠴᠠ ᠪᠣᠯᠵᠤ ᠦᠯᠦ ᠬᠥᠳᠡᠯᠬᠦ ᠬᠥᠷᠥᠩᠭᠡ ᠶᠢᠨ | ᠳᠠᠩᠰᠠᠯᠠᠯᠲᠠ ᠶᠢ ᠨᠥᠯᠥᠭᠡᠯᠡᠭᠰᠡᠨ᠂ ᠵᠠᠯᠭᠠᠮᠵᠢᠯᠠᠬᠤ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠲᠠᠢ ᠪᠠᠶᠢᠪᠠᠯ᠂ ᠵᠠᠯᠭᠠᠮᠵᠢᠯᠠᠬᠤ ᠨᠢᠭᠡᠴᠢ ᠪᠤᠶᠤ ᠳᠡᠭᠡᠳᠦ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠭᠤᠶᠤᠴᠢᠯᠠᠬᠤ ᠪᠡᠶᠡᠴᠢ ᠴᠣᠭᠴᠠ ᠶᠢᠨ ᠬᠤᠪᠢ ᠪᠠᠷ ᠭᠦᠢᠴᠡᠳᠬᠡᠨ᠎ᠡ᠃ ᠵᠠᠯᠭᠠᠮᠵᠢᠯᠠᠬᠤ ᠨᠢᠭᠡᠴᠢ ᠪᠠ | ᠳᠡᠭᠡᠳᠦ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠦᠭᠡᠢ ᠪᠣᠯ᠂ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠤ ᠲᠣᠭᠲᠠᠭᠠᠭᠰᠠᠨ ᠪᠠᠶᠢᠭᠤᠯᠤᠮᠵᠢ ᠪᠤᠶᠤ ᠵᠣᠬᠢᠶᠠᠨ ᠪᠠᠶᠢᠭᠤᠯᠤᠯᠲᠠ ᠠᠴᠠ ᠣᠷᠣᠯᠠᠨ ᠭᠤᠶᠤᠴᠢᠯᠠᠨ | ᠭᠦᠢᠴᠡᠳᠬᠡᠵᠦ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠪᠠᠶᠢᠭᠤᠯᠤᠮᠵᠢ ᠠᠴᠠ ᠭᠤᠶᠤᠴᠢᠯᠠᠭᠰᠠᠨ | ᠠᠭᠤᠯᠭ᠎ᠠ ᠶᠢᠨ ᠶᠣᠰᠣᠭᠠᠷ ᠠᠯᠪᠠᠨ ᠵᠠᠷᠯᠠᠯ ᠳᠤ ᠣᠨᠳᠣᠣ ᠰᠠᠨᠠᠯ ᠦᠭᠡᠢ ᠪᠣᠯᠤᠭᠰᠠᠨ ᠤ ᠳᠠᠷᠠᠭ᠎ᠠ᠂ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢ ᠭᠦᠢᠴᠡᠳᠬᠡᠨ᠎ᠡ᠃ ᠠᠵᠤ ᠦᠢᠯᠡᠳᠪᠦᠷᠢ ︵ᠬᠥᠮᠥᠷᠭᠡᠯᠡᠨ ᠬᠠᠳᠠᠭᠠᠯᠠᠬᠤ︶᠂ | ᠬᠤᠳᠠᠯᠳᠤᠭᠠᠨ ᠤ ᠠᠵᠤ ᠠᠬᠤᠶᠢᠯᠠᠯ ᠤᠰᠠᠳᠴᠤ ᠭᠡᠭᠡᠭᠳᠡᠭᠰᠡᠨ᠂ ᠠᠩᠬ᠎ᠠ ᠤᠳᠠᠭ᠎ᠠ ᠳᠡᠩᠰᠡᠯᠡᠨ ᠲᠡᠮᠳᠡᠭᠯᠡᠭᠦᠯᠦᠭᠰᠡᠨ | ᠦᠭᠡᠢ ᠪᠣᠯ᠂ ᠠᠩᠬ᠎ᠠ ᠤᠳᠠᠭ᠎ᠠ ᠳᠡᠩᠰᠡᠯᠡᠨ ᠲᠡᠮᠳᠡᠭᠯᠡᠭᠦᠯᠬᠦ ᠪᠠ ᠰᠢᠯᠵᠢᠭᠦᠯᠬᠦ ᠳᠡᠩᠰᠡᠯᠡᠨ ᠲᠡᠮᠳᠡᠭᠯᠡᠬᠦ ᠶᠢ ᠬᠠᠮᠲᠤ | ᠳᠤᠨᠢ ᠭᠦᠢᠴᠡᠳᠬᠡᠬᠦ ᠶᠢᠨ ᠬᠠᠮᠲᠤ ᠳᠡᠩᠰᠡᠯᠡᠨ ᠲᠡᠮᠳᠡᠭᠯᠡᠯ ᠤᠨ ᠳᠡᠪᠲᠡᠷ ᠲᠤ ᠡᠷᠬᠡ ᠶᠢᠨ ᠭᠤᠣᠯ ᠴᠣᠭᠴᠠ ᠶᠢᠨ | ᠤᠰᠠᠳᠴᠤ ᠦᠭᠡᠶᠢᠰᠭᠡᠭᠳᠡᠭᠰᠡᠨ ᠪᠠᠶᠢᠳᠠᠯ ᠢ ᠲᠡᠮᠳᠡᠭᠯᠡᠬᠦ ᠬᠡᠷᠡᠭᠲᠡᠢ᠃ ᠨᠢᠭᠡᠨᠲᠡ ᠠᠩᠬ᠎ᠠ ᠤᠳᠠᠭ᠎ᠠ | ᠳᠠᠩᠰᠠᠯᠠᠭᠤᠯᠤᠯᠳᠠ ᠶᠢ ᠭᠦᠢᠴᠡᠳᠬᠡᠭᠰᠡᠨ ᠪᠠᠶᠢᠪᠠᠯ᠂ ᠤᠳᠤ ᠶᠢᠨ ᠡᠷᠬᠡᠲᠦ ᠬᠥᠮᠥᠨ ᠨᠢ ᠭᠠᠭᠴᠠ ᠲᠠᠯ᠎ᠠ ᠠᠴᠠ | ᠰᠢᠯᠵᠢᠭᠦᠯᠬᠦ ᠳᠠᠩᠰᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠣᠨ᠎ᠠ᠃ | 2.ᠡᠷᠬᠡ ᠶᠢᠨ ᠭᠤᠤᠯ ᠴᠣᠭᠴᠠ ᠨᠢ ᠲᠣᠳᠣᠷᠬᠠᠢ ᠦᠭᠡᠢ ᠪᠤᠶᠤ ᠳᠠᠩᠰᠠᠯᠠᠭᠤᠯᠬᠤ ᠪᠠᠷ ᠭᠤᠶᠤᠴᠢᠯᠠᠭᠰᠠᠨ | ᠪᠡᠶᠡᠴᠢ ᠴᠣᠭᠴᠠ ᠨᠢ ᠬᠤᠯᠪᠣᠭᠳᠠᠯ ᠪᠦᠬᠦᠢ ᠮᠠᠲ᠋ᠧᠷᠢᠶᠠᠯ ᠲᠠᠢ ᠨᠡᠶᠢᠴᠡᠬᠦ ᠦᠭᠡᠢ ᠦᠯᠦ ᠬᠥᠳᠡᠯᠬᠦ ᠬᠥᠷᠥᠩᠭᠡ ᠶᠢ | ᠬᠡᠷᠡᠭ ᠶᠠᠪᠤᠳᠠᠯ ᠡᠭᠦᠰᠬᠦ ᠦᠶ᠎ᠡ ᠶᠢᠨ ᠠᠵᠤ ᠠᠬᠤᠶᠢᠯᠠᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠡᠷᠬᠡ ᠶᠢᠨ | ᠪᠡᠶᠡᠴᠢ ᠴᠣᠭᠴᠠ ᠠᠴᠠ ᠮᠠᠭᠠᠳᠯᠠᠨ ᠲᠣᠭᠲᠠᠭᠠᠨ᠎ᠠ᠃ ᠡᠷᠬᠡ ᠶᠢᠨ ᠭᠤᠤᠯ ᠴᠣᠭᠴᠠ ᠳᠤ ᠮᠠᠷᠭᠤᠯᠳᠤᠭᠠᠨ᠂ | ᠵᠢᠭᠤᠷᠠᠯᠳᠤᠭᠠᠨ ᠣᠷᠣᠰᠢᠵᠤ ᠪᠠᠶᠢᠪᠠᠯ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠪᠤᠶᠤ ᠬᠥᠨᠳᠡᠯᠡᠨ ᠠᠴᠠ | ᠲᠠᠰᠤᠯᠬᠤ ᠪᠠᠶᠢᠭᠤᠯᠤᠮᠵᠢ ᠠᠴᠠ ᠲᠡᠰᠦᠯᠦᠨ ᠲᠣᠭᠲᠠᠭᠠᠨ᠎ᠠ᠃ | 3. ᠬᠠᠤᠯᠢ ᠶᠣᠰᠣᠭᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠰᠢᠯᠵᠢᠭᠦᠯᠦᠨ ᠬᠤᠳᠠᠯᠳᠤᠬᠤ ᠳᠤ | ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ ᠳᠤ ᠬᠦᠷᠪᠡᠯ᠂ ᠰᠢᠯᠵᠢᠭᠦᠯᠦᠨ ᠥᠭᠬᠦ ᠲᠠᠯ᠎ᠠ ᠶᠢᠨ ᠭᠤᠣᠯ ᠴᠣᠭᠴᠠ ᠨᠢ | ᠤᠰᠠᠳᠤᠭᠰᠠᠨ ᠮᠥᠷᠲᠡᠭᠡᠨ ᠬᠠᠤᠯᠢ ᠴᠠᠭᠠᠵᠠ ᠶᠢᠨ ᠲᠣᠭᠲᠠᠭᠠᠯ ᠳᠤ ᠨᠡᠶᠢᠴᠡᠪᠡᠯ᠂ ᠰᠢᠯᠵᠢᠭᠦᠯᠦᠨ ᠠᠪᠬᠤ ᠲᠠᠯ᠎ᠠ ᠨᠢ | ᠰᠢᠯᠵᠢᠭᠦᠯᠦᠨ ᠥᠭᠬᠦ ᠲᠠᠯ᠎ᠠ ᠶᠢᠨ ᠤᠤᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠰᠢᠯᠵᠢᠭᠦᠯᠦᠨ | ᠥᠭᠬᠦ ᠭᠡᠷ᠎ᠡ᠂ ᠰᠢᠯᠵᠢᠭᠦᠯᠦᠨ ᠥᠭᠬᠦ ᠲᠠᠯ᠎ᠠ ᠶᠢᠨ ᠤᠰᠠᠳᠤᠭᠰᠠᠨ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ | ᠮᠡᠳᠡᠭᠡ ᠵᠠᠩᠭᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠬᠢᠨᠠᠨ ᠬᠠᠷᠭᠤᠭᠤᠯᠤᠭᠰᠠᠨ | ᠰᠠᠨᠠᠯ᠂ ᠰᠢᠯᠵᠢᠭᠦᠯᠦᠨ ᠠᠪᠬᠤ ᠲᠠᠯ᠎ᠠ ᠶᠢᠨ ᠭᠠᠶᠢᠯᠢ ᠲᠤᠰᠢᠶᠠᠭᠰᠠᠨ ᠭᠡᠷᠡᠴᠢ ᠪᠠᠷᠢᠮᠲᠠ ᠵᠢᠴᠢ ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠮᠠᠲ᠋ᠧᠷᠢᠶᠠᠯ ᠢᠶᠠᠨ ᠠᠪᠴᠤ ᠥᠯᠥ ᠬᠥᠳᠡᠯᠬᠦ | ᠬᠥᠷᠥᠩᠭᠡ ᠶᠢ ᠰᠢᠯᠵᠢᠭᠦᠯᠬᠦ ᠳᠠᠩᠰᠠᠯᠠᠯᠲᠠ ᠬᠢᠯᠭᠡᠨ᠎ᠡ᠃ | ︵ᠳᠥᠷᠪᠡ︶ ᠦᠯᠦ ᠬᠥᠳᠡᠯᠬᠦ ᠬᠥᠷᠥᠩᠭᠡ ᠶᠢ ᠬᠤᠪᠢᠶᠠᠬᠤ ᠲᠤᠬᠠᠢ | 1.ᠬᠠᠤᠯᠢ ᠶᠣᠰᠣᠭᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ᠂ ᠨᠢᠭᠡᠨᠲᠡ | ᠰᠠᠯᠭᠠᠵᠤ ᠰᠢᠯᠵᠢᠭᠦᠯᠦᠨ ᠥᠭᠭᠦᠭᠰᠡᠨ ᠪᠣᠯᠪᠠᠴᠤ ᠳᠠᠩᠰᠠᠯᠠᠭᠤᠯᠬᠤ ᠪᠠᠷ ᠬᠠᠷᠠᠬᠠᠨ ᠭᠤᠶᠤᠴᠢᠯᠠᠭᠠᠳᠤᠢ᠂ ᠰᠠᠯᠭᠠᠵᠤ | ᠰᠢᠯᠵᠢᠭᠦᠯᠦᠨ ᠥᠭᠭᠦᠭᠰᠡᠨ ᠬᠤᠶᠠᠷ ᠲᠠᠯ᠎ᠠ ᠶᠢᠨ ᠭᠠᠵᠠᠷ ᠰᠢᠷᠣᠢ ᠶᠢᠨ ᠵᠠᠭᠠᠭ ᠬᠢᠵᠠᠭᠠᠷ ᠨᠢ ᠲᠣᠳᠣᠷᠬᠠᠢ᠂ ᠪᠠᠷᠢᠯᠭ᠎ᠠ ︵ | ᠪᠠᠷᠢᠯᠭ᠎ᠠ ᠶᠢᠨ ᠵᠦᠢᠯ︶ ᠳᠤ ᠥᠮᠴᠢᠯᠡᠬᠦ ᠡᠷᠬᠡ ᠶᠢᠨ ᠵᠢᠭᠤᠷᠠᠯᠳᠤᠭᠠᠨ ᠦᠭᠡᠢ᠂ ᠬᠠᠮᠲᠤ ᠪᠠᠷ ᠬᠡᠷᠡᠭᠯᠡᠬᠦ ᠪᠠᠷᠢᠯᠭ᠎ᠠ᠂ | ᠲᠠᠯᠠᠪᠤᠷ ᠭᠠᠵᠠᠷ ᠵᠢᠴᠢ ᠤᠯᠠᠨ ᠨᠡᠶᠢᠲᠡ ᠶᠢᠨ ᠲᠥᠬᠦᠭᠡᠷᠦᠮᠵᠢ᠂ ᠲᠥᠬᠦᠭᠡᠷᠦᠮᠵᠢ ᠵᠡᠷᠭᠡ ᠳᠤ ᠨᠢᠭᠡᠨᠲᠡ ᠬᠡᠯᠡᠯᠴᠡᠭᠡᠷ | ᠲᠣᠬᠢᠷᠠᠭᠰᠠᠨ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ᠂ ᠣᠷᠣᠨ ᠰᠠᠭᠤᠴᠠ ᠪᠠ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠣᠳᠣᠬᠢ ᠪᠠᠶᠢᠳᠠᠯ ᠢ ᠦᠨᠳᠦᠰᠦᠯᠡᠨ ᠬᠢᠨᠠᠨ ᠪᠠᠶᠢᠴᠠᠭᠠᠭᠰᠠᠨ ᠰᠠᠨᠠᠯ | ᠭᠠᠷᠭᠠᠵᠤ᠂ ᠭᠤᠶᠤᠴᠢᠯᠠᠭᠴᠢ ᠬᠤᠯᠪᠣᠭᠳᠠᠯ ᠪᠦᠬᠦᠢ ᠮᠠᠲ᠋ᠧᠷᠢᠶᠠᠯ ᠢ ᠠᠪᠴᠤ᠂ ᠬᠤᠯᠪᠣᠭᠳᠠᠯ ᠪᠦᠬᠦᠢ ᠭᠠᠶᠢᠯᠢ | ᠰᠦᠢᠳᠬᠡᠯ ᠢ ᠨᠥᠬᠦᠪᠦᠷᠢᠯᠡᠨ ᠲᠤᠰᠢᠶᠠᠵᠤ᠂ ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ | ᠭᠤᠶᠤᠴᠢᠯᠠᠨ᠎ᠠ᠃ | 2. ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠠᠯᠭᠠᠬᠤ᠂ ᠨᠡᠶᠢᠯᠡᠭᠦᠯᠦᠨ ᠰᠢᠯᠵᠢᠭᠦᠯᠦᠨ ᠥᠭᠬᠦ ᠳᠤ ᠠᠷᠪᠢᠲᠠᠢ ᠡᠷᠴᠢᠮᠯᠢᠭ ᠠᠰᠢᠭᠯᠠᠬᠤ ᠪᠠ ᠴᠢᠨᠠᠷ ᠰᠠᠶᠢᠲᠠᠢ | ᠬᠥᠭᠵᠢᠭᠦᠯᠬᠦ ᠵᠠᠷᠴᠢᠮ ᠢ ᠵᠢᠷᠤᠮᠯᠠᠬᠤ ᠬᠡᠷᠡᠭᠲᠡᠢ᠃ ᠰᠠᠯᠭᠠᠵᠤ᠂ ᠨᠡᠶᠢᠯᠡᠭᠦᠯᠦᠭᠰᠡᠨ ᠤ ᠳᠠᠷᠠᠭ᠎ᠠ ᠭᠠᠵᠠᠷ ᠰᠢᠷᠣᠢ ᠶᠢᠨ | ᠥᠮᠴᠢᠯᠡᠬᠦ ᠡᠷᠬᠡ ᠨᠢ ᠲᠣᠳᠣᠷᠬᠠᠢ᠂ ᠲᠤᠰᠠᠭᠠᠷ ᠬᠤᠪᠢᠶᠠᠷᠢᠯᠠᠬᠤ ᠨᠥᠬᠦᠴᠡᠯ ᠢ ᠪᠦᠷᠢᠳᠦᠭᠦᠯᠦᠭᠰᠡᠨ ᠪᠠᠶᠢᠬᠤ ᠬᠡᠷᠡᠭᠲᠡᠢ᠃ | ᠣᠯᠠᠨ ᠨᠡᠶᠢᠲᠡ ᠶᠢᠨ ᠢᠵᠢ ᠪᠦᠷᠢᠳᠦᠭᠦᠯᠬᠦ ᠲᠦᠭᠦᠭᠡᠷᠣᠮᠵᠢ ᠶᠢᠨ ᠪᠦᠲᠦᠭᠡᠨ ᠪᠠᠶᠢᠭᠤᠯᠤᠯᠲᠠ ᠪᠠ ᠬᠡᠷᠡᠭᠯᠡᠯᠲᠡ ᠳᠤ | ᠬᠤᠯᠪᠣᠭᠳᠠᠪᠠᠯ᠂ ᠰᠠᠯᠭᠠᠬᠤ᠂ ᠨᠡᠶᠢᠯᠡᠭᠦᠯᠬᠦ ᠲᠥᠰᠥᠯ ᠳᠡᠭᠡᠨ ᠬᠤᠯᠪᠣᠭᠳᠠᠯ ᠪᠦᠬᠦᠢ ᠡᠷᠬᠡ ᠡᠭᠦᠷᠭᠡ ᠶᠢ | ᠲᠣᠳᠣᠷᠬᠠᠶᠢᠯᠠᠬᠤ ᠶᠢᠨ ᠬᠠᠮᠲᠤ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠤ ᠭᠠᠵᠠᠷ ᠬᠡᠷᠡᠭᠯᠡᠬᠦ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢᠶᠠᠨ ᠮᠡᠳᠡᠭᠦᠯᠦᠨ ᠬᠦᠷᠭᠡᠬᠦ ᠬᠡᠷᠡᠭᠲᠡᠢ᠃ ᠡᠷᠬᠡᠲᠦ | ᠬᠥᠮᠥᠨ ᠨᠢ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠰᠠᠯᠭᠠᠬᠤ᠂ ᠨᠡᠶᠢᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠭᠠᠵᠠᠷ ᠰᠢᠷᠣᠢ ᠶᠢᠨ ᠬᠡᠷᠡᠭᠯᠡᠯᠲᠡ ᠶᠢ ᠬᠤᠪᠢᠷᠠᠭᠤᠯᠬᠤ | ᠦᠭᠡᠢ ᠪᠠᠶᠢᠬᠤ ᠶᠢ ᠪᠠᠲᠤᠯᠠᠭᠰᠠᠨ ᠪᠠᠶᠢᠳᠠᠯ ᠳᠣᠣᠷ᠎ᠠ ᠳᠣᠣᠷᠠᠬᠢ ᠱᠠᠭᠠᠷᠳᠠᠯᠭ᠎ᠠ ᠪᠠᠷ ᠭᠦᠢᠴᠡᠳᠬᠡᠨ᠎ᠡ᠄ | ︵1︶ ᠨᠢᠭᠡ ᠲᠦᠷᠦᠯ ᠵᠤᠶᠢᠯ ᠳᠤ ᠬᠤᠭᠤᠴᠠᠭ᠎ᠠ ᠬᠤᠪᠢᠶᠠᠨ ᠭᠠᠵᠠᠷ ᠬᠠᠩᠭᠠᠭᠰᠠᠨ ᠪᠠᠶᠢᠪᠠᠯ᠂ ᠠᠳᠠᠯᠢ | ᠨᠢᠭᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡᠨ ᠤ | ᠨᠥᠬᠦᠴᠡᠯ ᠤᠨ ᠪᠢᠴᠢᠭ ᠪᠤᠶᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠢᠷᠤᠭ | ᠲᠥᠯᠥᠪᠯᠡᠭᠡᠨ ᠤ ᠨᠥᠬᠦᠴᠡᠯ ᠤᠨ ᠪᠢᠴᠢᠭ ᠤᠨ ᠲᠥᠯᠦᠪᠵᠢᠭᠦᠯᠭᠡ ᠶᠢᠨ ᠨᠥᠬᠦᠴᠡᠯ ᠨᠢ ᠨᠢᠭᠡᠳᠦᠯᠲᠡᠢ ᠪᠠᠶᠢᠪᠠᠯ᠂ | ᠤᠤᠯ ᠤᠨ ᠲᠥᠯᠦᠪᠵᠢᠭᠦᠯᠭᠡ ᠶᠢᠨ ᠨᠥᠬᠦᠴᠡᠯ ᠪᠠ ᠬᠢᠨᠠᠨ ᠵᠥᠪᠰᠢᠶᠡᠷᠡᠬᠦ ᠠᠭᠤᠯᠭ᠎ᠠ ᠶᠢ ᠬᠤᠪᠢᠷᠠᠭᠤᠯᠬᠤ ᠦᠭᠡᠢ | ᠪᠠᠶᠢᠬᠤ ᠶᠢ ᠪᠠᠷᠢᠮᠲᠠᠯᠠᠭᠰᠠᠨ ᠤᠷᠢᠲᠠᠯ ᠳᠣᠣᠷ᠎ᠠ᠂ ᠬᠡᠰᠡᠭ ᠭᠠᠵᠠᠷ ᠢ ᠨᠡᠶᠢᠯᠡᠭᠦᠯᠵᠦ ᠪᠣᠯᠣᠨ᠎ᠠ᠃ ᠬᠡᠷᠪᠡ | ᠲᠥᠯᠦᠪᠵᠢᠭᠦᠯᠭᠡ ᠶᠢᠨ ᠨᠥᠬᠦᠴᠡᠯ ᠨᠢ ᠨᠢᠭᠡᠳᠦᠯ ᠦᠭᠡᠢ ᠪᠠᠶᠢᠪᠠᠯ᠂ ᠬᠢᠨᠠᠨ ᠵᠥᠪᠰᠢᠶᠡᠷᠡᠭᠦᠯᠦᠭᠰᠡᠨ ᠤ ᠳᠠᠷᠠᠭᠠᠬᠢ | ᠪᠦᠬᠦᠯᠢ ᠴᠣᠭᠴᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠦᠨᠳᠦᠰᠦᠯᠡᠨ ᠬᠡᠰᠡᠭ | ᠭᠠᠵᠠᠷ ᠢ ᠨᠢ ᠨᠡᠶᠢᠯᠡᠭᠦᠯᠵᠦ ᠪᠣᠯᠣᠨ᠎ᠠ᠃ ᠣᠯᠠᠨ ᠤᠳᠠᠭ᠎ᠠ ᠭᠠᠵᠠᠷ ᠬᠠᠩᠭᠠᠬᠤ ᠳᠤ ᠬᠤᠯᠪᠣᠭᠳᠠᠭᠰᠠᠨ ᠳᠠᠭᠤᠰᠬᠤ | ᠬᠤᠭᠤᠴᠠᠭ᠎ᠠ ᠨᠢ ᠨᠢᠭᠡᠳᠦᠯ ᠦᠭᠡᠢ ᠪᠠᠶᠢᠪᠠᠯ᠂ ᠨᠡᠶᠢᠯᠡᠭᠦᠯᠬᠦ ᠦᠶ᠎ᠡ ᠳᠤ ᠳᠠᠭᠤᠰᠬᠤ ᠬᠤᠭᠤᠴᠠᠭ᠎ᠠ ᠶᠢᠨ ᠬᠠᠮᠤᠭ | ᠡᠷᠳᠡᠨ ᠤ ᠬᠤᠭᠤᠴᠠᠭ᠎ᠠ ᠪᠠᠷ ᠲᠠᠭᠤᠰᠬᠤ ᠬᠤᠭᠤᠴᠠᠭ᠎ᠠ ᠪᠤᠯᠭᠠᠵᠤ᠂ ᠡᠷᠬᠡᠳᠣ ᠬᠦᠮᠦᠨ ᠨᠢ ᠦᠪᠡᠷ ᠤᠨ ᠲᠤᠷ᠎ᠠ ᠠᠴᠠ | ᠪᠠᠨ ᠪᠤᠰᠣᠳ ᠦᠯᠡᠳᠡᠭᠳᠡᠯ ᠬᠤᠭᠤᠴᠠᠭ᠎ᠠ ᠶᠢᠨ ᠭᠠᠵᠠᠷ ᠰᠢᠷᠣᠢ ᠬᠡᠷᠡᠭᠯᠡᠬᠦ ᠡᠷᠭᠡ ᠪᠠᠨ ᠲᠠᠶᠠᠭᠳᠠᠪᠠᠯ᠂ ᠭᠠᠷᠭᠠᠵᠤ | ᠦᠭᠬᠦ ᠮᠦᠩᠬᠦ ᠶᠢ ᠪᠤᠴᠠᠭᠠᠬᠤ ᠦᠭᠡᠢ᠂ ᠵᠤᠬᠢᠬᠤ ᠬᠤᠭᠤᠴᠠᠭᠠᠨ ᠤ ᠭᠠᠵᠠᠷ ᠰᠢᠷᠣᠢ ᠭᠠᠷᠭᠠᠵᠤ ᠦᠭᠭᠦ ᠮᠦᠩᠬᠦ ᠶᠢ | ᠨᠦᠭᠦᠵᠤ ᠲᠤᠰᠢᠶᠠᠭᠰᠠᠨ ᠤ ᠲᠠᠷᠠᠭ᠎ᠠ ᠨᠡᠯᠢᠶᠡᠳ ᠣᠷᠳᠣ ᠬᠤᠭᠤᠴᠠᠭᠠᠨ ᠤ ᠭᠠᠵᠠᠷ ᠰᠢᠷᠣᠢ ᠬᠡᠷᠡᠭᠯᠡᠬᠦ ᠬᠤᠭᠤᠴᠠᠭ᠎ᠠ | ᠪᠠᠷ ᠲᠠᠩᠰᠠᠯᠠᠵᠤ ᠪᠤᠯᠤᠨ᠎ᠠ᠃ | ︵2︶ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠨᠢᠭᠡᠨᠲᠡ ᠪᠠᠷᠢᠵᠤ ᠳᠠᠭᠤᠰᠬᠠᠭᠠᠳ | ᠠᠰᠢᠭᠯᠠᠯᠲᠠ ᠳᠤ ᠣᠷᠣᠭᠤᠯᠤᠭᠰᠠᠨ ᠪᠠᠶᠢᠪᠠᠯ᠂ ᠲᠡᠭᠦᠨ ᠤ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠵᠠᠰᠠᠭ | ᠵᠠᠬᠢᠷᠭᠠᠨ ᠤ ᠠᠯᠪᠠᠯᠠᠬᠤ ᠵᠢᠴᠢ ᠠᠮᠢᠳᠤᠷᠠᠯ ᠤᠨ ᠦᠢᠯᠡᠴᠢᠯᠡᠭᠡ ᠵᠡᠷᠭᠡ ᠳᠠᠭᠠᠯᠲᠠ ᠲᠥᠬᠦᠭᠡᠷᠦᠮᠵᠢ ᠶᠢᠨ ᠡᠵᠡᠯᠡᠨ | ᠬᠡᠷᠡᠭᠯᠡᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠪᠦᠬᠦᠯᠢ ᠬᠡᠰᠡᠭ ᠭᠠᠵᠠᠷ ᠲᠠᠢ ᠰᠠᠯᠭᠠᠵᠤ | ᠰᠢᠯᠵᠢᠭᠦᠯᠦᠨ ᠥᠭᠴᠦ ᠪᠣᠯᠬᠤ ᠦᠭᠡᠢ᠃ | ︵3︶ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ | ᠪᠤᠶᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠪᠠᠶᠢᠭ᠎ᠠ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ ᠰᠠᠯᠭᠠᠭᠰᠠᠨ ᠪᠤᠯ ᠤᠤᠯ ᠤᠨ ᠰᠢᠯᠵᠢᠭᠦᠯᠦᠨ ᠬᠤᠳᠠᠯᠳᠤᠬᠤ ᠭᠡᠷ᠎ᠡ ᠶᠢᠨ | ᠲᠥᠯᠦᠪᠵᠢᠭᠦᠯᠭᠡ ᠶᠢᠨ ᠨᠥᠬᠦᠴᠡᠯ ᠢ ᠡᠷᠬᠡᠪᠰᠢ ᠵᠢᠷᠤᠮᠯᠠᠵᠤ᠂ ᠰᠠᠯᠭᠠᠭᠰᠠᠨ ᠤ ᠳᠠᠷᠠᠭᠠᠬᠢ ᠭᠠᠵᠠᠷ ᠬᠡᠷᠡᠭᠯᠡᠬᠦ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠬᠠᠷᠢᠶ᠎ᠠ ᠭᠠᠵᠠᠷ ᠤᠨ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠲᠤ ᠲᠤᠰᠢᠶᠠᠬᠤ ᠬᠡᠷᠡᠭᠲᠡᠢ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠠᠴᠠ ᠤᠤᠯ ᠤᠨ ᠰᠢᠯᠵᠢᠭᠦᠯᠦᠨ ᠬᠤᠳᠠᠯᠳᠤᠬᠤ ᠭᠡᠷ᠎ᠡ᠂ ᠰᠠᠯᠭᠠᠭᠰᠠᠨ ᠤ ᠳᠠᠷᠠᠭᠠᠬᠢ ᠭᠠᠵᠠᠷ ᠬᠡᠷᠡᠭᠯᠡᠬᠦ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠦᠨᠳᠦᠰᠦᠯᠡᠨ ᠭᠠᠷᠭᠠᠭᠰᠠᠨ ᠬᠡᠰᠡᠭᠯᠡᠨ | ᠬᠤᠪᠢᠶᠠᠬᠤ ᠳᠤ ᠨᠡᠶᠢᠴᠡᠬᠦ ᠰᠠᠨᠠᠯ ᠢ ᠬᠡᠰᠡᠭᠯᠡᠨ ᠬᠤᠪᠢᠶᠠᠬᠤ ᠶᠢ ᠵᠥᠪᠰᠢᠶᠡᠷᠡᠭᠰᠡᠨ ᠰᠠᠨᠠᠯ ᠪᠣᠯᠭᠠᠵᠤ᠂ ᠬᠡᠰᠡᠭᠯᠡᠨ | ᠬᠤᠪᠢᠶᠠᠵᠤ ᠪᠣᠯᠣᠨ᠎ᠠ᠃ | ︵4︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ | ᠦᠨᠡᠮᠯᠡᠯ ᠤᠨ ᠶᠣᠰᠣᠭᠠᠷ ᠨᠢᠭᠡᠨᠲᠡ ᠪᠦᠲᠦᠭᠡᠨ ᠪᠠᠶᠢᠭᠤᠯᠵᠤ ᠳᠠᠭᠤᠰᠬᠠᠭᠰᠠᠨ ᠬᠡᠰᠡᠭ ᠭᠠᠵᠠᠷ ᠢ ᠠᠵᠤ | ᠠᠬᠤᠶᠢᠯᠠᠯ ᠠᠴᠠ ᠬᠡᠰᠡᠭ ᠭᠠᠵᠠᠷ ᠢ ᠬᠡᠰᠡᠭᠯᠡᠨ ᠬᠤᠪᠢᠶᠠᠬᠤ ᠭᠤᠶᠤᠴᠢᠯᠠᠯ ᠭᠠᠷᠭᠠᠨ᠎ᠠ᠂ ᠬᠡᠰᠡᠭᠯᠡᠨ ᠬᠤᠪᠢᠶᠠᠬᠤ ᠵᠠᠭᠠᠭ | ᠨᠢ ᠲᠣᠳᠣᠷᠬᠠᠢ᠂ ᠬᠡᠷᠡᠭᠴᠡᠭᠡ ᠨᠢ ᠲᠣᠳᠣᠷᠬᠠᠢ᠂ ᠬᠠᠷᠢᠯᠴᠠᠨ ᠨᠥᠯᠥᠭᠡᠯᠡᠬᠦ ᠦᠭᠡᠢ ᠪᠠᠶᠢᠪᠠᠯ᠂ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠠᠴᠠ ᠬᠡᠰᠡᠭᠯᠡᠨ ᠬᠤᠪᠢᠶᠠᠬᠤ ᠶᠢ ᠵᠥᠪᠰᠢᠶᠡᠷᠡᠭᠰᠡᠨ ᠳᠠᠩᠰᠠᠯᠠᠯᠲᠠ ᠶᠢᠨ ᠰᠠᠨᠠᠯ | ᠭᠠᠷᠭᠠᠵᠤ᠂ ᠳᠠᠩᠰᠠᠯᠠᠬᠤ ᠪᠠᠶᠢᠭᠤᠯᠤᠮᠵᠢ ᠠᠴᠠ ᠰᠠᠨᠠᠯ ᠶᠣᠰᠣᠭᠠᠷ ᠬᠡᠰᠡᠭᠯᠡᠨ ᠬᠤᠪᠢᠶᠠᠬᠤ ᠳᠠᠩᠰᠠᠯᠠᠯᠲᠠ ᠬᠢᠨ᠎ᠡ᠃ | ︵5︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠵᠥᠪᠰᠢᠶᠡᠷᠡᠯ ᠤᠨ ᠪᠢᠴᠢᠭ ᠮᠠᠲ᠋ᠧᠷᠢᠶᠠᠯ᠂ | ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ᠂ | ᠬᠤᠪᠢᠶᠠᠷᠢᠯᠠᠨ ᠥᠭᠬᠦ ᠲᠣᠭᠲᠠᠭᠠᠯ ᠤᠨ ᠪᠢᠴᠢᠭ ᠵᠡᠷᠭᠡ ᠪᠢᠴᠢᠭ ᠬᠠᠷ᠎ᠠ ᠶᠢᠨ ᠲᠤᠭᠲᠠᠭᠠᠯ ᠪᠤᠶᠤ ᠰᠠᠯᠭᠠᠬᠤ᠂ | ᠨᠡᠶᠢᠯᠡᠭᠦᠯᠵᠦ ᠪᠣᠯᠬᠤ ᠦᠭᠡᠢ ᠭᠡᠵᠦ ᠪᠣᠯᠵᠣᠨ ᠲᠣᠭᠲᠠᠭᠰᠠᠨ ᠪᠠᠶᠢᠪᠠᠯ᠂ ᠤᠤᠯ ᠤᠨ ᠵᠥᠪᠰᠢᠶᠡᠷᠡᠭᠰᠡᠨ ᠰᠠᠯᠠᠭ᠎ᠠ | ᠮᠥᠴᠢᠷ ᠤᠨ ᠵᠥᠪᠰᠢᠶᠡᠷᠡᠯ ᠦᠭᠡᠢ ᠪᠠᠷ ᠰᠠᠯᠭᠠᠬᠤ᠂ ᠨᠡᠶᠢᠯᠡᠭᠦᠯᠵᠦ ᠪᠣᠯᠬᠤ ᠦᠭᠡᠢ᠂ ᠬᠠᠮᠢᠶ᠎ᠠ ᠪᠦᠬᠦᠢ ᠵᠢᠷᠤᠮᠵᠢᠯ ᠤᠨ | ᠴᠢᠨᠠᠷᠲᠠᠢ ᠪᠢᠴᠢᠭ ᠮᠠᠲ᠋ᠧᠷᠢᠶᠠᠯ ᠳᠤ ᠰᠠᠯᠭᠠᠬᠤ᠂ ᠨᠡᠶᠢᠯᠡᠭᠦᠯᠬᠦ ᠶᠢ ᠲᠣᠳᠣᠷᠬᠠᠢ ᠬᠢᠵᠠᠭᠠᠷᠯᠠᠬᠤ ᠲᠣᠭᠲᠠᠭᠠᠯ ᠲᠠᠢ ᠪᠠᠶᠢᠪᠠᠯ | ᠂ ᠵᠠᠷᠴᠢᠮ ᠳᠡᠭᠡᠷ᠎ᠡ ᠪᠠᠨ ᠰᠠᠯᠭᠠᠬᠤ ᠦᠭᠡᠢ ᠨᠡᠶᠢᠯᠡᠭᠦᠯᠬᠦ ᠦᠭᠡᠢ᠃ | 3. ᠭᠠᠵᠠᠷ ᠰᠢᠷᠣᠢ᠂ ᠭᠡᠷ ᠪᠠᠶᠢᠰᠢᠩ ᠤᠨ ᠲᠥᠯᠦᠪᠵᠢᠭᠦᠯᠭᠡ ᠶᠢᠨ ᠬᠡᠷᠡᠭᠯᠡᠯᠲᠡ ᠶᠢ ᠬᠤᠪᠢᠷᠠᠭᠤᠯᠬᠤ ᠳᠤ | ᠬᠤᠯᠪᠣᠭᠳᠠᠬᠤ ᠦᠭᠡᠢ ᠭᠡᠷ ᠪᠠᠶᠢᠰᠢᠩ ᠤᠨ ᠪᠣᠳᠠᠲᠤ ᠴᠣᠭᠴᠠ ᠶᠢ ᠰᠠᠯᠭᠠᠬᠤ ᠪᠤᠶᠤ ᠨᠡᠶᠢᠯᠡᠭᠦᠯᠬᠦ ᠳᠤ ᠳᠣᠣᠷᠠᠬᠢ | ᠱᠠᠭᠠᠷᠳᠠᠯᠭ᠎ᠠ ᠶᠣᠰᠣᠭᠠᠷ ᠭᠦᠢᠴᠡᠳᠬᠡᠨ᠎ᠡ᠄ | ︵1︶ ᠭᠡᠷ ᠪᠠᠶᠢᠰᠢᠩ ᠢ ᠰᠠᠯᠭᠠᠬᠤ ᠪᠤᠶᠤ ᠨᠡᠶᠢᠯᠡᠭᠦᠯᠬᠦ ᠪᠠᠷ ᠭᠤᠶᠤᠴᠢᠯᠠᠭᠰᠠᠨ ᠪᠥᠭᠡᠳ ᠭᠡᠷ ᠪᠠᠶᠢᠰᠢᠩ ᠤᠨ | ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠬᠤ ᠦᠭᠡᠢ ᠪᠠᠶᠢᠪᠠᠯ᠂ ᠭᠤᠶᠤᠴᠢᠯᠠᠭᠴᠢ ᠶᠢᠨ ᠬᠠᠩᠭᠠᠭᠰᠠᠨ ᠦᠯᠦ | ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ᠂ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ | ᠪᠠ ᠦᠯᠦ ᠬᠥᠳᠡᠯᠬᠦ ᠬᠥᠷᠥᠩᠭᠡ ᠶᠢᠨ ᠬᠡᠮᠵᠢᠨ ᠵᠢᠷᠤᠭᠯᠠᠯᠲᠠ ᠶᠢᠨ ᠮᠡᠳᠡᠭᠦᠯᠦᠯᠲᠡ ᠶᠢ ᠦᠨᠳᠦᠰᠦᠯᠡᠨ᠂ ᠪᠠᠶᠢᠭᠠᠯᠢ ᠶᠢᠨ | ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠪᠠᠶᠢᠴᠠᠭᠠᠯᠭᠠᠵᠤ ᠰᠠᠨᠠᠯ ᠭᠠᠷᠭᠠᠭᠤᠯᠤᠭᠰᠠᠨ ᠤ ᠲᠠᠷᠠᠭ᠎ᠠ᠂ ᠦᠯᠦ | ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠰᠠᠯᠠᠭ᠎ᠠ ᠮᠥᠴᠢᠷ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ | ᠦᠯᠦ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠨ᠎ᠡ᠃ | ︵2︶ ᠡᠷᠬᠡᠲᠦ ᠬᠥᠮᠥᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠠᠴᠠ ᠪᠣᠯᠤᠭᠰᠠᠨ ᠪᠤᠶᠤ | ᠠᠷᠠᠳ ᠤᠨ ᠰᠢᠭᠦᠬᠦ ᠬᠤᠷᠢᠶ᠎ᠠ᠂ ᠬᠥᠨᠳᠡᠯᠡᠨ ᠠᠴᠠ ᠲᠠᠰᠤᠯᠬᠤ ᠵᠦᠪᠯᠡᠯ ᠤᠨ ᠬᠦᠴᠦᠨ ᠲᠠᠢ ᠪᠣᠯᠤᠭᠰᠠᠨ ᠬᠠᠤᠯᠢ | ᠴᠠᠭᠠᠵᠠ ᠶᠢᠨ ᠪᠢᠴᠢᠭ ᠨᠢ ᠭᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠬᠤ ᠳᠤ ᠬᠤᠯᠪᠣᠭᠳᠠᠭᠰᠠᠨ ᠪᠠᠶᠢᠪᠠᠯ ᠭᠡᠷ | ᠪᠠᠶᠢᠰᠢᠩ ᠤᠨ ᠪᠣᠳᠠᠲᠤ ᠴᠣᠭᠴᠠ ᠶᠢ ᠰᠠᠯᠭᠠᠬᠤ᠂ ᠨᠡᠶᠢᠯᠡᠭᠦᠯᠬᠦ ᠳᠠᠩᠰᠠᠯᠠᠯᠲᠠ ᠬᠢᠯᠭᠡᠬᠦ ᠴᠢᠬᠤᠯᠠᠲᠠᠢ ᠪᠠᠶᠢᠪᠠᠯ᠂ | ᠡᠷᠬᠡᠲᠦ ᠬᠥᠮᠥᠨ ᠨᠢ ᠭᠡᠷ ᠪᠠᠶᠢᠰᠢᠩ ᠢ ᠰᠢᠨᠡᠳᠬᠡᠨ ᠵᠠᠰᠠᠬᠤ ᠵᠢᠷᠤᠭ ᠲᠥᠯᠥᠪᠯᠡᠭᠡ ᠶᠢᠨ ᠪᠠᠷᠢᠯᠭ᠎ᠠ ᠪᠠᠷᠢᠬᠤ ᠵᠢᠷᠤᠭ | ᠲᠥᠯᠥᠪᠯᠡᠭᠡ ᠵᠢᠴᠢ ᠬᠢᠷᠢ ᠬᠡᠮ ᠲᠠᠢ ᠨᠢᠭᠡᠴᠢ ᠶᠢᠨ ᠪᠠᠷᠢᠯᠭ᠎ᠠ ᠪᠠᠷᠢᠬᠤ ᠵᠢᠷᠤᠭ ᠲᠥᠯᠥᠪᠯᠡᠭᠡ ᠶᠢᠨ ᠲᠤᠬᠠᠢ ᠬᠢᠨᠠᠨ | ᠬᠠᠷᠭᠤᠭᠤᠯᠤᠭᠰᠠᠨ ᠰᠠᠨᠠᠯ ᠢ ᠲᠤᠰᠢᠶᠠᠬᠤ ᠶᠢᠨ ᠬᠠᠮᠲᠤ᠂ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ | ᠵᠢᠴᠢ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠦᠨᠳᠦᠰᠦᠯᠡᠨ ᠪᠠᠷᠢᠯᠭ᠎ᠠ ᠪᠠᠷᠢᠬᠤ ᠶᠢ ᠵᠥᠪᠰᠢᠶᠡᠷᠡᠭᠰᠡᠨ ᠵᠢᠴᠢ | ᠭᠡᠷ ᠪᠠᠶᠢᠰᠢᠩ ᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠤᠭᠰᠠᠨ ᠮᠠᠲ᠋ᠧᠷᠢᠶᠠᠯ ᠢ ᠭᠦᠢᠴᠡᠳᠬᠡᠭᠰᠡᠨ ᠤ ᠳᠠᠷᠠᠭ᠎ᠠ ᠭᠡᠷ | ᠪᠠᠶᠢᠰᠢᠩ ᠤᠨ ᠪᠣᠳᠠᠲᠤ ᠴᠣᠭᠴᠠ ᠶᠢ ᠰᠠᠯᠭᠠᠵᠤ ᠨᠡᠶᠢᠯᠡᠭᠦᠯᠬᠦ ᠳᠠᠩᠰᠠᠯᠠᠯᠲᠠ ᠬᠢᠯᠭᠡᠨ᠎ᠡ᠃ | ︵3︶ ᠢᠵᠢ ᠪᠦᠷᠢᠳᠦᠭᠦᠯᠬᠦ ᠳᠤ ᠬᠡᠷᠡᠭᠯᠡᠬᠦ ᠭᠡᠷ ᠪᠠᠶᠢᠰᠢᠩ ︵ᠠᠵᠤ ᠦᠢᠯᠡᠳᠪᠦᠷᠢ ᠶᠢᠨ ᠲᠥᠷᠥᠯ ᠵᠦᠢᠯ ᠤᠨ | ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠵᠠᠰᠠᠭ ᠵᠠᠬᠢᠷᠭᠠᠨ ᠤ ᠠᠯᠪᠠᠯᠠᠬᠤ ᠵᠢᠴᠢ ᠠᠮᠢᠳᠤᠷᠠᠯ ᠤᠨ | ᠦᠢᠯᠡᠴᠢᠯᠡᠭᠡᠨ ᠤ ᠲᠦᠭᠦᠭᠡᠷᠤᠮᠵᠢ᠂ ᠲᠠᠰᠢᠭᠤ ᠪᠦᠲᠦᠴᠡ ᠲᠠᠢ ᠭᠡᠷ ᠪᠠᠶᠢᠰᠢᠩ᠂ ᠭᠡᠷ ᠤᠨ ᠣᠷᠣᠢ ᠶᠢᠨ ᠠᠰᠠᠷ ᠤᠨ | ᠱᠠᠲᠤ ᠶᠢᠨ ᠥᠷᠥᠭᠡ ᠵᠢᠴᠢ ᠪᠤᠰᠤᠳ ᠢᠵᠢ ᠪᠦᠷᠢᠳᠦᠭᠦᠯᠬᠦ ᠳᠤ ᠬᠡᠷᠡᠭᠯᠡᠬᠦ ᠭᠡᠷ ᠪᠠᠶᠢᠰᠢᠩ ᠪᠠᠭᠲᠠᠨ᠎ᠠ︶ ᠨᠢ ᠭᠡᠷ | ᠪᠠᠶᠢᠰᠢᠩ ᠤᠨ ᠭᠤᠣᠯ ᠴᠣᠭᠴᠠ ᠶᠢᠨ ᠪᠦᠲᠦᠴᠡ ᠯᠦᠭᠡ ᠠᠳᠠᠯᠢ ᠨᠢᠭᠡᠨ ᠥᠯᠥ ᠬᠥᠳᠡᠯᠬᠦ ᠬᠥᠷᠥᠩᠭᠡ ᠶᠢᠨ ᠨᠢᠭᠡᠴᠢ | ᠪᠤᠶᠤ ᠲᠣᠳᠣᠷᠬᠠᠢ ᠢᠵᠢ ᠪᠦᠷᠢᠳᠦᠭᠦᠯᠦᠨ ᠬᠡᠷᠡᠭᠯᠡᠭᠰᠡᠨ ᠪᠠᠶᠢᠪᠠᠯ ᠰᠠᠯᠭᠠᠵᠤ ᠪᠣᠯᠬᠤ ᠦᠭᠡᠢ᠃ | 4 . ᠪᠠᠷᠢᠴᠠᠭᠠᠯᠠᠬᠤ᠂ ᠪᠠᠶᠢᠴᠠᠭᠠᠨ ᠪᠢᠲᠡᠭᠦᠮᠵᠢᠯᠡᠬᠦ᠂ ᠤᠷᠢᠳᠴᠢᠯᠠᠨ ᠮᠡᠳᠡᠭᠳᠡᠵᠦ ᠳᠠᠩᠰᠠᠯᠠᠭᠤᠯᠬᠤ ᠵᠡᠷᠭᠡ | ᠡᠷᠬᠡ ᠶᠢ ᠬᠢᠵᠠᠭᠠᠷᠯᠠᠬᠤ ᠪᠠᠶᠢᠳᠠᠯ ᠳᠤ ᠬᠤᠯᠪᠣᠭᠳᠠᠭᠰᠠᠨ ᠪᠠᠶᠢᠪᠠᠯ ᠬᠤᠯᠪᠣᠭᠳᠠᠯ ᠪᠦᠬᠦᠢ ᠡᠷᠬᠡᠲᠦ ᠬᠥᠮᠥᠨ ᠤ | ᠵᠥᠪᠰᠢᠶᠡᠷᠡᠯ ᠢ ᠣᠯᠪᠠᠯ ᠰᠠᠶ᠋ᠢ ᠰᠠᠯᠭᠠᠵᠤ᠂ ᠨᠡᠶᠢᠯᠡᠭᠦᠯᠵᠦ ᠪᠣᠯᠣᠨ᠎ᠠ᠃ | ︵ᠲᠠᠪᠤ︶ ᠬᠠᠤᠯᠢ ᠴᠠᠭᠠᠵᠠ ᠪᠤᠶᠤ ᠦᠨ᠎ᠡ ᠬᠠᠶᠠᠵᠤ ᠬᠤᠳᠠᠯᠳᠤᠬᠤ ᠺᠣᠮᠫᠠᠨᠢ ᠶᠢᠨ ᠬᠤᠪᠢᠶᠠᠷᠢᠯᠠᠨ | ᠥᠭᠭᠦᠭᠰᠡᠨ ᠭᠠᠵᠠᠷ ᠰᠢᠷᠣᠢ ᠳᠡᠭᠡᠷᠡᠬᠢ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ᠰᠢᠢᠳᠪᠦᠷᠢᠯᠡᠬᠦ ᠲᠤᠬᠠᠢ | ᠬᠠᠤᠯᠢ ᠴᠠᠭᠠᠵᠠ ᠪᠤᠶᠤ ᠦᠨ᠎ᠡ ᠬᠠᠶᠠᠵᠤ ᠬᠤᠳᠠᠯᠳᠤᠬᠤ ᠺᠣᠮᠫᠠᠨᠢ ᠶᠢᠨ ᠰᠢᠢᠳᠪᠦᠷᠢᠯᠡᠭᠰᠡᠨ ᠤᠯᠤᠰ ᠤᠨ | ᠥᠮᠴᠢᠯᠡᠯ ᠤᠨ ᠰᠢᠯᠵᠢᠭᠦᠯᠦᠨ ᠥᠭᠭᠦᠭᠰᠡᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠳᠡᠭᠡᠷᠡᠬᠢ ᠠᠵᠤ | ᠠᠬᠤᠶᠢᠯᠠᠯ ᠤᠨ ᠬᠡᠷᠡᠭᠯᠡᠬᠦ ᠭᠠᠵᠠᠷ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢ ᠰᠢᠯᠵᠢᠭᠦᠯᠬᠦ ᠳᠠᠩᠰᠠᠯᠠᠯᠲᠠ ᠬᠢᠯᠭᠡᠭᠰᠡᠨ ᠦᠭᠡᠢ ᠪᠣᠯ ︽ᠰᠢᠯᠵᠢᠭᠦᠯᠦᠨ ᠥᠭᠬᠦ ᠭᠠᠵᠠᠷ | ᠰᠢᠷᠣᠢ ᠶᠢᠨ ᠭᠠᠷᠴᠠᠭ︾ ᠲᠤ ᠨᠡᠶᠢᠴᠡᠪᠡᠯ᠂ ᠦᠷᠭᠦᠯᠵᠢᠯᠡᠨ ᠰᠢᠯᠵᠢᠭᠦᠯᠦᠨ ᠥᠭᠬᠦ ᠪᠠᠷ ᠳᠡᠩᠰᠡᠯᠡᠵᠦ ᠪᠣᠯᠣᠨ᠎ᠠ᠂ ︽ | ᠰᠢᠯᠵᠢᠭᠦᠯᠦᠨ ᠥᠭᠬᠦ ᠭᠠᠵᠠᠷ ᠰᠢᠷᠣᠢ ᠶᠢᠨ ᠭᠠᠷᠴᠠᠭ︾ ᠲᠤ ᠨᠡᠶᠢᠴᠡᠬᠦ ᠦᠭᠡᠢ ᠪᠠᠶᠢᠪᠠᠯ᠂ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠠᠴᠠ ᠦᠨ᠎ᠡ ᠬᠠᠶᠠᠵᠤ ᠬᠤᠳᠠᠯᠳᠤᠭᠰᠠᠨ ᠨᠤᠲᠠᠯᠠᠯᠲᠠ ᠶᠢᠨ ᠪᠢᠴᠢᠭ ᠤᠨ ᠠᠷᠠᠯᠵᠢᠶ᠎ᠠ | ᠪᠦᠳᠦᠭᠰᠡᠨ ᠦᠶ᠎ᠡ ᠶᠢᠨ ᠭᠠᠵᠠᠷ ᠰᠢᠷᠣᠢ ᠶᠢᠨ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ ᠪᠠᠷ ᠭᠠᠵᠠᠷ | ᠰᠢᠷᠣᠢ ᠶᠢ ᠰᠢᠯᠵᠢᠭᠦᠯᠦᠨ ᠥᠭᠭᠦᠭᠡᠳ ᠣᠯᠣᠭᠰᠠᠨ ᠠᠰᠢᠭ ᠣᠯᠵᠠᠪᠤᠷᠢ ᠶᠢ ᠲᠣᠭᠠᠴᠠᠭ᠎ᠠ ᠬᠢᠵᠦ᠂ ᠬᠡᠯᠡᠯᠴᠡᠭᠡᠷ ᠢᠶᠠᠷ | ᠰᠢᠯᠵᠢᠭᠦᠯᠦᠨ ᠥᠭᠬᠦ ᠶᠢ ᠬᠠᠤᠯᠢ ᠶᠣᠰᠣᠭᠠᠷ ᠭᠦᠢᠴᠡᠳᠬᠡᠨ᠎ᠡ᠂ ᠥᠷᠢᠰᠦᠯᠳᠦᠨ ᠬᠤᠳᠠᠯᠳᠤᠨ ᠠᠪᠤᠭᠴᠢ ᠵᠠᠷᠤᠳᠠᠯ ᠢᠶᠠᠨ | ᠲᠤᠰᠢᠶᠠᠭᠰᠠᠨ ᠤ ᠳᠠᠷᠠᠭ᠎ᠠ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠬᠢᠯᠭᠡᠬᠦ ᠪᠠᠷ ᠭᠤᠶᠤᠴᠢᠯᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠵᠤ ᠠᠬᠤᠶᠢᠯᠠᠯ ᠳᠤ | ᠬᠡᠷᠡᠭᠯᠡᠬᠦ ᠭᠠᠵᠠᠷ ᠤᠨ ︽ᠳᠠᠩᠰᠠᠯᠠᠭᠤᠯᠬᠤ ᠳᠤ ᠬᠦᠴᠢᠷ︾ ᠢ ᠲᠤᠰᠬᠠᠢ ᠵᠦᠢᠯ ᠢᠶᠠᠷ ᠠᠬᠢᠭᠤᠯᠬᠤ ᠠᠵᠢᠯ ᠤᠨ | ᠳᠤᠭᠤᠶᠢᠯᠠᠩ ᠨᠢ ᠡᠭᠦᠷᠭᠡ ᠴᠢᠳᠠᠪᠬᠢᠳᠣ ᠰᠠᠯᠠᠭ᠎ᠠ ᠮᠥᠴᠢᠷ ᠤᠨ ᠢᠳᠡᠪᠬᠢᠵᠢᠯ ᠢ ᠭᠦᠢᠴᠡᠳ ᠳᠠᠶᠢᠴᠢᠯᠠᠨ᠂ | ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠵᠤ᠂ ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ︽ | ᠳᠠᠩᠰᠠᠯᠠᠭᠤᠯᠬᠤ ᠳᠤ ᠬᠦᠴᠢᠷ︾ ᠠᠰᠠᠭᠤᠳᠠᠯ ᠢ ᠰᠢᠢᠳᠪᠦᠷᠢᠯᠡᠬᠦ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠰᠢᠭᠤᠨ ᠤ ᠵᠠᠰᠠᠭ ᠤᠨ | ᠣᠷᠳᠣᠨ ᠢᠶᠠᠷ ᠲᠦᠷᠦᠭᠦᠯᠡᠭᠦᠯᠦᠨ᠂ ᠡᠭᠦᠷᠭᠡ ᠴᠢᠳᠠᠪᠬᠢᠳᠣ ᠰᠠᠯᠠᠭ᠎ᠠ ᠮᠥᠴᠢᠷ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ ᠶᠢᠨ ︽ | ᠳᠠᠩᠰᠠᠯᠠᠭᠤᠯᠬᠤ ᠳᠤ ᠬᠦᠴᠢᠷ︾ ᠠᠰᠠᠭᠤᠳᠠᠯ ᠤᠨ ᠲᠥᠷᠥᠯ ᠵᠦᠢᠯ ᠳᠤ ᠤᠯᠠᠮ ᠨᠢᠭᠡ ᠠᠯᠬᠤᠮ ᠪᠠᠶᠢᠳᠠᠯ ᠢ | ᠣᠶᠢᠯᠠᠭᠠᠨ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠤᠨ᠂ ᠠᠰᠠᠭᠤᠳᠠᠯ ᠤᠨ ᠪᠣᠶ | ᠪᠣᠯᠤᠭᠰᠠᠨ ᠰᠢᠯᠲᠠᠭᠠᠨ ᠢ ᠡᠮᠬᠢᠯᠡᠵᠦ᠂ ᠠᠬᠢᠭᠤᠯᠬᠤ ᠲᠥᠰᠥᠯ ᠢ ᠨᠠᠷᠢᠯᠢᠭᠵᠢᠭᠤᠯᠤᠨ᠂ ᠬᠠᠷᠢᠭᠤᠴᠠᠯᠭᠠᠲᠤ ᠰᠠᠯᠠᠭ᠎ᠠ | ᠮᠥᠴᠢᠷ᠂ ᠰᠢᠢᠳᠪᠦᠷᠢᠯᠡᠬᠦ ᠠᠷᠭ᠎ᠠ ᠵᠠᠮ ᠪᠠ ᠠᠷᠭ᠎ᠠ ᠶᠢ ᠲᠣᠳᠣᠷᠬᠠᠶᠢᠯᠠᠵᠤ᠂ ᠪᠠᠶᠢᠳᠠᠯ ᠢ ᠣᠶᠢᠯᠠᠭᠠᠬᠤ ᠶᠢᠨ ᠳᠠᠭᠠᠤ | ᠠᠬᠢᠭᠤᠯᠵᠤ᠂ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠠᠮᠲᠤ ᠳᠤᠨᠢ ᠭᠦᠢᠴᠡᠳᠬᠡᠵᠦ᠂ ᠠᠵᠢᠯ ᠤᠨ ᠠᠬᠢᠴᠠ ᠶᠢ | ᠲᠦᠷᠭᠡᠳᠬᠡᠨ᠎ᠡ᠃ | ︵ᠭᠤᠷᠪᠠ︶ ᠤᠬᠠᠭᠤᠯᠵᠤ ᠬᠥᠲᠥᠯᠥᠨ ᠵᠢᠯᠤᠭᠤᠳᠬᠤ ᠶᠢ ᠰᠠᠶᠢᠲᠤᠷ ᠬᠢᠨ᠎ᠡ᠃ ᠬᠤᠰᠢᠭᠤᠨ ᠤ ᠦᠯᠡᠳᠡᠭᠳᠡᠯ | ᠠᠯᠪᠠᠨ ᠭᠡᠷ ᠨᠢ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠰᠠᠨᠠᠭᠠᠴᠢᠯᠠᠭ᠎ᠠ | ᠠᠴᠠ ᠪᠠᠨ ᠠᠵᠤ ᠠᠬᠤᠶᠢᠯᠠᠯ ᠯᠤᠭ᠎ᠠ ᠨᠡᠪᠲᠡᠷᠡᠯᠴᠡᠨ ᠵᠣᠯᠭᠠᠭᠤᠯᠵᠤ᠂ ᠬᠠᠮᠢᠶ᠎ᠠ ᠪᠦᠬᠦᠢ ᠬᠡᠷᠡᠭᠴᠡᠭᠡ ᠱᠠᠭᠠᠷᠳᠠᠯᠭ᠎ᠠ | ᠵᠢᠴᠢ ᠭᠦᠢᠴᠡᠳᠬᠡᠬᠦ ᠶᠢᠨ ᠬᠦᠴᠢᠷᠳᠡᠯ ᠢ ᠣᠶᠢᠯᠠᠭᠠᠨ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ ᠶᠢᠨ ᠬᠠᠮᠲᠤ | ᠮᠡᠳᠡᠭᠳᠡᠵᠦ ᠲᠡᠮᠳᠡᠭᠯᠡᠬᠦ ᠶᠢ ᠰᠠᠶᠢᠲᠤᠷ ᠬᠢᠵᠦ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃ ᠤᠯᠤᠰ ᠤᠨ ᠥᠮᠴᠢᠯᠡᠯ ᠤᠨ ᠭᠠᠵᠠᠷ ᠰᠢᠷᠣᠢ ᠳᠡᠭᠡᠷ᠎ᠡ ᠨᠢᠭᠡᠨᠲᠡ | ᠪᠦᠲᠦᠭᠡᠨ ᠪᠠᠶᠢᠭᠤᠯᠤᠭᠰᠠᠨ ᠣᠷᠣᠨ ᠰᠠᠭᠤᠴᠠ ᠶᠢᠨ ᠪᠤᠰᠤ ᠲᠥᠷᠥᠯ ᠤᠨ ᠬᠡᠷᠡᠭᠯᠡᠬᠦ ᠭᠠᠵᠠᠷ ᠢ ︽ᠳᠠᠩᠰᠠᠯᠠᠭᠤᠯᠬᠤ ᠳᠤ | ᠬᠦᠴᠢᠷ︾ ᠪᠠᠶᠢᠬᠤ ᠠᠰᠠᠭᠤᠳᠠᠯ ᠢ ᠲᠣᠰ ᠬᠡᠷᠡᠭᠵᠢᠭᠦᠯᠬᠦ ᠲᠥᠰᠥᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ ᠪᠣᠯᠣᠨ᠎ᠠ | ᠃ ᠲᠣᠰ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠤᠯᠤᠰ᠂ | ᠥᠪᠡᠷᠲᠡᠭᠡᠨ ᠵᠠᠰᠠᠬᠤ ᠣᠷᠣᠨ ᠠᠴᠠ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠬᠡᠷᠡᠭᠵᠢᠭᠦᠯᠦᠨ᠎ᠡ᠃ | ᠳᠠᠭᠠᠯᠳᠤᠭᠤᠯᠤᠯ᠄ 1. ᠵᠠᠯᠠᠶᠢᠳ ᠬᠤᠰᠢᠭᠤᠨ ᠤ ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ︽ | ᠳᠠᠩᠰᠠᠯᠠᠭᠤᠯᠬᠤ ᠳᠤ ᠬᠦᠴᠢᠷ︾ ᠠᠰᠠᠭᠤᠳᠠᠯ ᠢ ᠲᠦᠷᠭᠡᠳᠭᠡᠨ ᠰᠢᠢᠳᠪᠦᠷᠢᠯᠡᠬᠦ ᠤᠳᠤᠷᠢᠳᠬᠤ ᠳᠤᠭᠤᠶᠢᠯᠠᠩ | 2. ᠵᠠᠯᠠᠶᠢᠳ ᠬᠤᠰᠢᠭᠤᠨ ᠤ ᠠᠵᠤ ᠠᠬᠤᠶᠢᠯᠠᠯ ᠳᠤ ᠬᠡᠷᠡᠭᠯᠡᠬᠦ ᠭᠠᠵᠠᠷ ᠤᠨ ᠡᠬᠡ ᠲᠠᠩᠰᠠ ᠶᠢᠨ ᠬᠡᠪ | ※ ᠲᠠᠭᠠᠯᠳᠤᠭᠤᠯᠤᠯ ᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ | ᠠᠴᠠ ᠦᠵᠡᠭᠡᠷᠡᠢ᠃ |