︽ᠵᠠᠯᠠᠶᠢᠳ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ︵ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︶ ᠢᠨᠵᠧᠨᠧᠷᠢᠩ ᠤᠨ ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/24
     ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠲᠠᠷᠬᠠᠭᠠᠭᠰᠠᠨ〔2023〕5 ᠳ᠋ᠤᠭᠠᠷ ᠲᠣᠭᠠᠲᠤ     ︽ᠵᠠᠯᠠᠶᠢᠳ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ︵ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︶ ᠢᠨᠵᠧᠨᠧᠷᠢᠩ ᠤᠨ ᠬᠡᠷᠡᠭᠵᠢᠬᠦᠯᠬᠦ ᠲᠦᠰᠦᠯ︾ ᠢ ᠳᠠᠷᠤᠮᠠᠯᠯᠠᠨ ᠲᠠᠷᠬᠠᠭᠠᠬᠤ ᠲᠤᠬᠠᠢ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ     ᠡᠯ᠎ᠡ ᠰᠤᠮᠤ᠂ ᠰᠢᠶᠠᠩ᠂ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄     ︽ᠵᠠᠯᠠᠶᠢᠳ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ︵ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︶ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠡᠳᠦᠭᠡ ᠲᠠᠨᠠᠷ ᠲᠤ ᠳᠠᠷᠤᠮᠠᠯᠯᠠᠨ ᠲᠠᠷᠬᠠᠭᠠᠯ᠎ᠠ᠂  ᠨᠠᠷᠢᠨ ᠬᠢᠨᠠᠮᠠᠭᠠᠢ  ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                          2023 ᠣᠨ ᠤ 3 ᠰᠠᠷ᠎ᠠ ᠶᠢᠨ 12 ᠤᠨ ᠡᠳᠣᠷ      ᠵᠠᠯᠠᠶᠢᠳ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ︵ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︶ ᠢᠨᠵᠧᠨᠧᠷᠢᠩ ᠤᠨ ᠬᠡᠷᠡᠭᠵᠢᠭᠦᠯᠬᠦ ᠲᠥᠰᠥᠯ      ᠮᠠᠨ ᠤ ᠬᠤᠰᠢᠭᠤᠨ ᠤ ︽ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︾ ᠪᠦᠲᠦᠭᠡᠨ ᠪᠠᠶᠢᠭᠤᠯᠤᠯᠲᠠ ᠪᠠ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠰᠤᠨ ᠲᠤᠲᠤᠷᠭ᠎ᠠ ᠶᠢ ᠲᠣᠭᠲᠠᠭᠤᠨ ᠢᠶᠠᠷ ᠳᠠᠷᠢᠵᠤ ᠤᠨᠠᠯᠲᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠲᠤᠲᠤᠷᠭ᠎ᠠ ᠶᠢᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ   ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠤᠲᠤᠷᠭ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ   ᠢ ᠲᠣᠭᠲᠠᠭᠠᠪᠠ᠃      ᠨᠢᠭᠡ᠂ ᠬᠠᠷᠠᠯᠲᠠ ᠪᠠ ᠡᠭᠦᠷᠭᠡ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠤᠨ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠪᠣᠯᠣᠨ ᠭᠠᠵᠠᠷ ᠰᠢᠷᠣᠢ ᠶᠢ ᠡᠷᠴᠢᠮᠯᠢᠭ ᠠᠷᠪᠢᠲᠠᠢ ᠬᠡᠷᠡᠭᠯᠡᠬᠦ ᠳᠦᠷᠢᠮ ᠢ ᠡᠷᠡᠰ ᠬᠡᠷᠡᠭᠵᠢᠭᠦᠯᠤᠨ᠂ ᠤᠰᠤᠨ ᠲᠤᠲᠤᠷᠭ᠎ᠠ ᠲᠠᠷᠢᠬᠤ ᠬᠡᠪᠴᠢᠶ᠎ᠡ ᠶᠢ ᠲᠣᠭᠲᠠᠪᠤᠷᠢᠵᠢᠭᠤᠯᠵᠤ᠂ ᠲᠠᠷᠢᠶᠠᠨ ᠭᠠᠵᠠᠷ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃       ᠬᠤᠶᠠᠷ᠂ ᠬᠡᠷᠡᠭᠵᠢᠭᠦᠯᠬᠦ ᠬᠡᠪᠴᠢᠶ᠎ᠡ       2017 ᠣᠨ ᠠᠴᠠ ᠨᠠᠭᠠᠰᠢ ᠲᠦᠷᠦᠯ ᠵᠦᠢᠯ ᠲᠣᠭᠲᠠᠭᠠᠨ ᠬᠡᠷᠡᠭᠵᠢᠭᠦᠯᠦᠭᠰᠡᠨ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠳᠤ ᠤᠰᠤᠨ ᠲᠠᠷᠢᠶᠠᠨ ᠤ ᠵᠢᠭᠠᠯᠲᠠ ᠲᠤᠭ᠎ᠠ ᠶᠢ ᠨᠡᠮᠡᠭᠳᠡᠭᠦᠯᠵᠤ᠂ 2023 ᠣᠨ ᠳᠤ ᠬᠡᠰᠡᠭ ᠲᠠᠷᠢᠶᠠᠨ ᠭᠠᠵᠠᠷ ᠢ ᠥᠭᠡᠷᠡᠴᠢᠯᠡᠬᠦ ᠪᠠᠷ ᠲᠥᠯᠥᠪᠯᠡᠵᠦ ᠪᠤᠢ᠃       ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ       ︵ᠨᠢᠭᠡ︶ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ ︵1 ᠰᠠᠷ᠎ᠠ ᠶᠢᠨ 29 ᠤ ᠡᠳᠦᠷ ︱ 2 ᠰᠠᠷ᠎ᠠ ᠶᠢᠨ 15 ᠤ ᠡᠳᠦᠷ︶᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠢᠷᠢ ᠬᠡᠮ ᠲᠠᠢ ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠳᠤ ᠨᠠᠶᠢᠳᠠᠵᠤ᠂ ᠳᠣᠲᠣᠭᠠᠳᠤ ᠠᠵᠢᠯ ᠳᠤ ᠮᠠᠲ᠋ᠧᠷᠢᠶᠠᠯ ᠴᠤᠭᠯᠠᠭᠤᠯᠤᠨ ᠡᠮᠬᠢᠳᠬᠡᠵᠦ᠂ ᠭᠠᠳᠠᠭᠠᠳᠤ ᠠᠵᠢᠯ ᠳᠤ ᠲᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠬᠡᠮᠵᠢᠨ ᠵᠢᠷᠤᠭᠯᠠᠨ᠂ ︽ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︾ ᠲᠣᠬᠢᠷᠠᠮᠵᠢᠲᠠᠢ ᠬᠡᠰᠡᠭ ᠭᠠᠵᠠᠷ ᠢ ᠠᠩᠬ᠎ᠠ ᠠᠯᠬᠤᠮ ᠰᠣᠩᠭᠤᠨ ᠲᠣᠭᠲᠠᠭᠠᠬᠤ ᠶᠢᠨ ᠬᠠᠮᠲᠤ᠂ ᠲᠥᠷᠥᠯ ᠵᠦᠢᠯ ᠲᠣᠭᠲᠠᠭᠠᠬᠤ ᠠᠴᠠ ᠡᠮᠤᠨᠡᠬᠢ ᠪᠠ ᠠᠵᠢᠯ ᠳᠠᠭᠤᠰᠤᠭᠰᠠᠨ ᠤ ᠳᠠᠷᠠᠭᠠᠬᠢ ᠵᠢᠷᠤᠭ ᠤᠨ ᠬᠠᠷᠢᠴᠠᠯ ᠤᠨ ᠵᠠᠳᠠᠯᠤᠯᠲᠠ ᠶᠢ ᠪᠡᠶᠡᠯᠡᠭᠦᠯᠦᠨ᠎ᠡ᠃       ︵ᠬᠤᠶᠠᠷ︶ ᠬᠢᠨᠠᠨ ᠪᠠᠶᠢᠴᠠᠭᠠᠵᠤ ᠬᠠᠷᠭᠤᠭᠤᠯᠤᠨ᠎ᠠ ︵2 ᠰᠠᠷ᠎ᠠ ᠶᠢᠨ 16 ᠤ ᠡᠳᠦᠷ ︱ 2 ᠰᠠᠷ᠎ᠠ ᠶᠢᠨ 25 ᠤ ᠡᠳᠦᠷ︶᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠲᠠᠢ ᠬᠠᠮᠲᠤᠷᠠᠨ᠂ ᠠᠩᠬ᠎ᠠ ᠠᠯᠬᠤᠮ ᠲᠣᠭᠲᠠᠭᠠᠭᠰᠠᠨ ᠲᠠᠷᠢᠶᠠᠨ ᠭᠠᠵᠠᠷ ᠤᠨ ᠲᠤᠭ᠎ᠠ ᠪᠠᠷᠢᠮᠲᠠ ᠶᠢ ᠦᠨᠳᠦᠰᠦᠯᠡᠨ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢᠶᠠᠷ ᠭᠦᠨᠵᠡᠭᠡᠶᠢᠷᠡᠵᠦ᠂ ᠭᠠᠵᠠᠷ ᠤᠨ ᠬᠥᠷᠥᠰᠥ ᠰᠢᠷᠣᠢ᠂ ᠤᠰᠤᠨ ᠤ ᠡᠬᠢ ᠪᠠᠶᠠᠯᠢᠭ ᠵᠡᠷᠭᠡ ᠪᠠᠶᠢᠭᠠᠯᠢ ᠶᠢᠨ ᠨᠥᠬᠦᠴᠡᠯ ᠵᠢᠴᠢ ᠣᠷᠣᠨ ᠪᠠᠶᠢᠷᠢ ᠶᠢᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ᠎ᠠ᠃ ᠡᠭᠦᠨ ᠤ ᠬᠠᠮᠲᠤ᠂ ᠬᠡᠷᠡᠭᠵᠢᠭᠦᠯᠬᠦ ᠲᠥᠰᠥᠯ ᠤᠨ ᠲᠠᠶᠢᠯᠤᠮᠵᠢ᠂ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠣᠯᠠᠨ ᠲᠦᠮᠡᠨ ᠤ ᠬᠦᠰᠡᠯ ᠰᠠᠨᠠᠭ᠎ᠠ ᠶᠢᠨ ᠪᠠᠶᠢᠳᠠᠯ ᠢ ᠭᠦᠢᠴᠡᠳ ᠣᠶᠢᠯᠠᠭᠠᠨ᠂ ︽ᠥᠭᠡᠷᠡᠴᠢᠯᠡᠬᠦ ᠬᠦᠰᠡᠯ ᠡᠷᠡᠮᠡᠯᠵᠡᠯ ᠤᠨ ᠪᠠᠶᠢᠴᠠᠭᠠᠯᠲᠠ ᠶᠢᠨ ᠬᠦᠰᠦᠨᠦᠭᠲᠦ︾ ᠶᠢ ᠲᠠᠭᠯᠠᠨ᠎ᠠ᠃       ︵ᠭᠤᠷᠪᠠ︶ ᠬᠡᠰᠡᠭ ᠲᠠᠷᠢᠶᠠᠨ ᠭᠠᠵᠠᠷ ᠢ ᠨᠠᠶᠢᠳᠠᠪᠤᠷᠢᠵᠢᠭᠤᠯᠤᠨ᠎ᠠ ︵2 ᠰᠠᠷ᠎ᠠ ᠶᠢᠨ 26 ᠤ ᠡᠳᠦᠷ ︱ 3 ᠰᠠᠷ᠎ᠠ ᠶᠢᠨ 20 ᠤ ᠡᠳᠦᠷ︶᠃ ︽ᠣᠯᠠᠨ ᠲᠦᠮᠡᠨ ᠤ ᠥᠭᠡᠷᠡᠴᠢᠯᠡᠬᠦ ᠬᠦᠰᠡᠯ ᠡᠷᠡᠮᠡᠯᠵᠡᠯ ᠤᠨ ᠪᠠᠶᠢᠴᠠᠭᠠᠯᠲᠠ ᠶᠢᠨ ᠬᠦᠰᠦᠨᠦᠭᠲᠦ︾ ᠶᠢ ᠦᠨᠳᠦᠰᠦᠯᠡᠨ᠂ ᠰᠤᠮᠤ ᠰᠢᠶᠠᠩ ᠪᠠᠯᠭᠠᠰᠤ ᠬᠢᠭᠡᠳ ᠪᠦᠲᠦᠭᠡᠨ ᠪᠠᠶᠢᠭᠤᠯᠵᠤ ᠥᠭᠡᠷᠡᠴᠢᠯᠡᠭᠴᠢ ᠲᠠᠢ ︽ᠪᠦᠲᠦᠭᠡᠨ ᠪᠠᠶᠢᠭᠤᠯᠵᠤ ᠥᠭᠡᠷᠡᠴᠢᠯᠡᠬᠦ ᠬᠡᠯᠡᠯᠴᠡᠭᠡᠷ ᠤᠨ ᠪᠢᠴᠢᠭ︾ ᠢ ᠲᠣᠭᠲᠠᠬᠤ ᠶᠢᠨ ᠬᠠᠮᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ ᠲᠠᠩᠰᠠ ᠡᠪᠬᠡᠮᠡᠯ ᠳᠤ ᠣᠷᠣᠭᠤᠯᠤᠨ᠎ᠠ᠃        ︵ᠳᠥᠷᠪᠡ︶ ᠪᠦᠲᠦᠭᠡᠨ ᠪᠠᠶᠢᠭᠤᠯᠵᠤ ᠥᠭᠡᠷᠡᠴᠢᠯᠠᠨ᠎ᠡ ︵3 ᠰᠠᠷ᠎ᠠ ᠶᠢᠨ 21 ᠤ ᠡᠳᠦᠷ ︱ 4  ᠰᠠᠷ᠎ᠠ ᠶᠢᠨ 20 ᠤ ᠡᠳᠦᠷ︶᠃ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠠᠴᠠ ᠬᠦᠰᠡᠯ ᠡᠷᠡᠮᠡᠯᠵᠡᠯ ᠲᠠᠢ ᠲᠠᠷᠢᠶᠠᠴᠢᠨ ᠡᠷᠦᠬᠡ᠂ ᠪᠦᠲᠦᠭᠡᠨ ᠪᠠᠶᠢᠭᠤᠯᠵᠤ ᠥᠭᠡᠷᠡᠴᠢᠯᠡᠭᠴᠢ ᠶᠢ ᠵᠣᠬᠢᠶᠠᠨ ᠪᠠᠶᠢᠭᠤᠯᠵᠤ᠂ ᠭᠠᠵᠠᠷ ᠰᠢᠷᠣᠢ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠣᠳᠠᠲᠠᠢ ᠬᠡᠷᠡᠭᠵᠢᠭᠦᠯᠦᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠢᠷᠢ ᠬᠡᠮ ᠲᠠᠢ ᠬᠢᠨᠠᠨ ᠬᠠᠮᠢᠶᠠᠷᠬᠤ ᠪᠠᠶᠢᠭᠤᠯᠤᠮᠵᠢ ᠳᠤ ᠨᠠᠶᠢᠳᠠᠵᠤ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠵᠢᠷᠤᠮᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠪᠦᠲᠦᠭᠡᠨ ᠪᠠᠶᠢᠭᠤᠯᠵᠤ ᠥᠭᠡᠷᠡᠴᠢᠯᠡᠬᠦ ᠱᠠᠲᠤᠨ ᠳᠤ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠡᠳᠦᠷ ᠲᠤᠲᠤᠮ ᠤᠨ ᠬᠢᠨᠠᠨ ᠬᠠᠮᠢᠶᠠᠷᠤᠯᠲᠠ ᠵᠡᠷᠭᠡ ᠠᠵᠢᠯ ᠢ ᠪᠡᠶᠡᠯᠡᠭᠦᠯᠦᠨ᠎ᠡ᠃       ︵ᠲᠠᠪᠤ︶ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ᠎ᠠ ︵6 ᠰᠠᠷ᠎ᠠ ᠶᠢᠨ 1 ᠤ ᠡᠳᠦᠷ ︱ 6  ᠰᠠᠷ᠎ᠠ ᠶᠢᠨ 30 ᠤ ᠡᠳᠦᠷ︶᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ  ᠂ ᠭᠠᠴᠠᠭ᠎ᠠ ᠲᠣᠰᠬᠤᠨ᠂ ᠬᠢᠨᠠᠨ ᠬᠠᠮᠢᠶᠠᠷᠬᠤ ᠪᠠᠶᠢᠭᠤᠯᠤᠮᠵᠢ ᠲᠠᠢ ᠬᠠᠮᠲᠤᠷᠠᠨ ᠪᠦᠲᠦᠭᠡᠨ ᠪᠠᠶᠢᠭᠤᠯᠵᠤ ᠥᠭᠡᠷᠡᠴᠢᠯᠡᠭᠰᠡᠨ ᠲᠠᠷᠢᠶᠠᠨ ᠭᠠᠵᠠᠷ ᠢ ᠲᠡᠰ ᠳᠠᠷᠠᠭᠠᠯᠠᠨ ᠰᠢᠯᠭᠠᠨ ᠬᠤᠷᠢᠶᠠᠨ᠎ᠠ᠃ ᠪᠠᠷᠢᠯᠭ᠎ᠠ ᠳᠠᠭᠤᠰᠤᠭᠰᠠᠨ ᠤ ᠲᠠᠷᠠᠭ᠎ᠠ ᠰᠢᠯᠭᠠᠨ ᠬᠤᠷᠢᠶᠠᠭᠰᠠᠨ ᠮᠡᠳᠡᠭᠦᠯᠦᠯᠲᠡ ᠶᠢ ᠬᠢᠵᠤ᠂ ᠰᠢᠯᠭᠠᠨ ᠠᠪᠤᠭᠰᠠᠨ ᠡᠯ᠎ᠡ ᠲᠠᠯ᠎ᠠ ᠶᠢᠨ ᠬᠢᠨ ᠴᠥᠮ ᠭᠠᠷ ᠤᠨ ᠥᠰᠥᠭ ᠵᠢᠷᠤᠵᠤ ᠨᠤᠲᠠᠯᠠᠬᠤ ᠶᠢᠨ ᠬᠠᠮᠲᠤ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠰᠢᠯᠭᠠᠨ ᠠᠪᠤᠭᠰᠠᠨ ᠲᠠᠩᠰᠠ ᠡᠪᠬᠡᠮᠡᠯ ᠢ ᠪᠠᠶᠢᠭᠤᠯᠤᠨ᠎ᠠ᠃ ᠰᠢᠯᠭᠠᠨ ᠬᠤᠷᠢᠶᠠᠵᠤ ᠳᠠᠭᠤᠰᠤᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ ᠨᠢ ᠳᠠᠭᠠᠭᠠᠴᠢᠯᠠᠨ ᠡᠵᠡᠩᠨᠡᠬᠦ ᠡᠷᠬᠡ ᠶᠢᠨ ᠥᠮᠴᠢᠯᠡᠭᠴᠢ ᠲᠠᠢ ︽ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠬᠡᠯᠡᠯᠴᠡᠭᠡᠷ ᠤᠨ ᠪᠢᠴᠢᠭ︾ ᠲᠣᠭᠲᠠᠬᠤ ᠶᠢᠨ ᠬᠠᠮᠲᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠵᠤ ᠲᠠᠩᠰᠠ ᠡᠪᠬᠡᠮᠡᠯ ᠳᠤ ᠣᠷᠣᠭᠤᠯᠤᠨ᠎ᠠ᠃      ᠳᠥᠷᠪᠡ᠂ ᠨᠥᠬᠦᠪᠦᠷᠢ ᠥᠭᠬᠦ ᠠᠭᠤᠯᠭ᠎ᠠ       ︵ᠨᠢᠭᠡ︶ ᠨᠥᠬᠦᠪᠦᠷᠢ ᠥᠭᠬᠦ ᠬᠡᠪᠴᠢᠶ᠎ᠡ᠄ ᠨᠢᠭᠡ ᠳᠤ᠂ 2017 ᠣᠨ ᠠᠴᠠ ᠨᠠᠭᠠᠰᠢ ᠲᠥᠷᠥᠯ ᠵᠦᠢᠯ ᠲᠣᠭᠲᠠᠭᠠᠨ ᠬᠡᠷᠡᠭᠵᠢᠭᠦᠯᠦᠭᠰᠡᠨ ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠳᠤ ᠨᠤᠲᠠᠯᠠᠨ ᠲᠣᠭᠲᠠᠭᠠᠭᠠᠳ ᠪᠣᠶ ᠪᠣᠯᠤᠭᠰᠠᠨ ᠤᠰᠤᠨ ᠲᠠᠷᠢᠶᠠᠨ ᠤ ᠭᠦᠢᠴᠡᠳᠬᠡᠯ ᠲᠤᠭ᠎ᠠ ᠶᠢ 2 ᠲᠦᠮᠡ 7554 ᠮᠦ ᠳᠤ ᠬᠦᠷᠭᠡᠨ᠎ᠡ᠃ ᠬᠤᠶᠠᠷ ᠲᠤ  ᠂ 2023 ᠣᠨ ᠳᠤ 4 ᠲᠦᠮᠡ 3995 ᠮᠦ ᠲᠠᠷᠢᠶᠠᠨ ᠭᠠᠵᠠᠷ ᠢ ᠥᠭᠡᠷᠡᠴᠢᠯᠡᠬᠦ ᠪᠠᠷ ᠲᠥᠯᠥᠪᠯᠡᠵᠦ ᠪᠣᠶ᠃      ︵ᠬᠤᠶᠠᠷ︶ ᠬᠠᠮᠲᠤᠷᠠᠨ ᠰᠢᠯᠭᠠᠨ ᠠᠪᠬᠤ ᠪᠠᠷ ᠳᠡᠮᠵᠢᠨ ᠬᠢᠷᠢ ᠲᠡᠩᠴᠡᠭᠰᠡᠨ ᠬᠡᠰᠡᠭ ᠭᠠᠵᠠᠷ ᠲᠤ᠂ ᠪᠦᠲᠦᠭᠡᠨ ᠪᠠᠶᠢᠭᠤᠯᠵᠤ ᠥᠭᠡᠷᠡᠴᠢᠯᠡᠭᠴᠢ ᠳᠤ ᠨᠢᠭᠡ ᠤᠳᠠᠭ᠎ᠠ ᠶᠢᠨ ᠴᠢᠨᠠᠷᠲᠠᠢ ᠪᠦᠲᠦᠭᠡᠨ ᠪᠠᠶᠢᠭᠤᠯᠵᠤ ᠥᠭᠡᠷᠡᠴᠢᠯᠡᠬᠦ ᠨᠥᠬᠦᠪᠦᠷᠢ ᠶᠢᠨ ᠪᠡᠯᠡ ᠮᠥᠩᠭᠦ ᠶᠢ 700 ᠲᠥᠭᠦᠷᠢᠭ \ ᠮᠦ ᠣᠯᠭᠤᠨ᠎ᠠ᠃ ᠥᠭᠡᠷᠡᠴᠢᠯᠡᠭᠰᠡᠨ ᠲᠤᠬᠠᠢ ᠶᠢᠨ ᠵᠢᠯ ᠠᠴᠠ ᠡᠬᠢᠯᠡᠨ ᠵᠢᠯ ᠪᠦᠷᠢ ᠳᠠᠭᠠᠭᠠᠴᠢᠯᠠᠨ ᠡᠵᠡᠩᠨᠡᠬᠦ ᠡᠷᠬᠡ ᠶᠢᠨ ᠥᠮᠴᠢᠯᠡᠭᠴᠢ ᠳᠤ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠨᠥᠬᠦᠪᠦᠷᠢ 300 ᠲᠥᠭᠦᠷᠢᠭ \ ᠮᠦ  ᠥᠭᠴᠦ᠂ ᠵᠠᠯᠭᠠᠭ᠎ᠠ ᠪᠠᠷ 15 ᠵᠢᠯ ᠨᠥᠬᠦᠪᠦᠷᠢᠯᠡᠨ᠎ᠡ᠃ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠨᠥᠬᠦᠪᠦᠷᠢ ᠶᠢ ᠭᠥᠷᠳᠡᠵᠦ ᠪᠠᠶᠢᠭ᠎ᠠ ᠬᠡᠰᠡᠭ ᠭᠠᠵᠠᠷ ᠲᠤ᠂ ᠮᠦ ᠪᠦᠷᠢ ᠳᠤ ᠵᠢᠯ ᠪᠦᠷᠢ 30 ᠲᠥᠭᠦᠷᠢᠭ ᠤᠨ ᠦᠨ᠎ᠡ ᠪᠠᠷ ᠤᠰᠤᠨ ᠤ ᠡᠬᠢ ᠪᠠᠶᠠᠯᠢᠭ ᠤᠨ ᠭᠠᠶᠢᠯᠢ ᠲᠤᠰᠢᠶᠠᠨ᠎ᠠ᠃      ︵ᠭᠤᠷᠪᠠ︶ ᠤᠯᠤᠰ ᠤᠨ ᠥᠮᠴᠢᠯᠡᠯ ᠤᠨ ᠭᠠᠵᠠᠷ ᠰᠢᠷᠣᠢ ᠳᠤ ᠬᠤᠯᠪᠣᠭᠳᠠᠭᠰᠠᠨ ᠪᠠᠶᠢᠪᠠᠯ᠂ ᠳᠡᠭᠡᠷ᠎ᠡ ᠳᠤᠷᠠᠳᠤᠭᠰᠠᠨ ᠪᠦᠲᠦᠭᠡᠨ ᠪᠠᠶᠢᠭᠤᠯᠵᠤ ᠥᠭᠡᠷᠡᠴᠢᠯᠡᠬᠦ ᠪᠠ ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠬᠠᠮᠲᠤ  ᠳᠤᠨᠢ ᠬᠦᠷᠲᠡᠭᠡᠨ᠎ᠡ᠃ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠲᠦᠷᠢᠮ ᠢ ᠬᠡᠷᠡᠭᠵᠢᠭᠦᠯᠵᠦ᠂ ᠪᠠᠶᠢᠭ᠎ᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠶᠠᠪᠤᠴᠠ ᠳᠤ᠂ ᠶᠠᠪᠤᠳᠠᠯ ᠤᠨ ᠳᠠᠷᠠᠭᠠᠬᠢ ᠬᠢᠨᠠᠨ ᠵᠢᠯᠤᠭᠤᠳᠴᠤ ᠪᠠᠶᠢᠴᠠᠭᠠᠬᠤ᠂ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠵᠡᠷᠭᠡ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠭᠠᠵᠠᠷ ᠰᠢᠷᠣᠢ ᠶᠢ ᠬᠠᠷᠭᠤᠭᠤᠯᠤᠨ ᠪᠠᠶᠢᠴᠠᠭᠠᠬᠤ᠂ ᠨᠠᠶᠢᠳᠠᠪᠤᠷᠢᠵᠢᠭᠤᠯᠬᠤ ᠵᠢᠴᠢ ᠪᠦᠲᠦᠭᠡᠨ ᠪᠠᠶᠢᠭᠤᠯᠵᠤ ᠥᠭᠡᠷᠡᠴᠢᠯᠡᠬᠦ ᠠᠵᠢᠯ ᠢ ᠵᠣᠬᠢᠶᠠᠨ ᠪᠠᠶᠢᠭᠤᠯᠵᠤ ᠪᠡᠶᠡᠯᠡᠭᠦᠯᠬᠦ ᠶᠢ ᠱᠠᠯᠠᠪᠳᠠᠭᠤᠯᠬᠤ ᠬᠡᠷᠡᠭᠲᠡᠢ᠃ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ  ᠪᠠ ᠨᠤᠳᠤᠭ ᠪᠡᠯᠴᠢᠭᠡᠷ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠵᠡᠷᠭᠡ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠢᠳᠡᠪᠬᠢᠲᠡᠢ ᠬᠠᠮᠵᠢᠯᠴᠠᠨ᠂ ᠪᠦᠲᠦᠭᠡᠨ ᠪᠠᠶᠢᠭᠤᠯᠵᠤ ᠥᠭᠡᠷᠡᠴᠢᠯᠡᠬᠦ ᠳᠤ ᠬᠡᠷᠡᠭᠰᠡᠬᠦ ᠠᠵᠢᠯ ᠲᠥᠷᠥᠯ ᠤᠨ ᠲᠤᠭ᠎ᠠ ᠪᠠᠷᠢᠮᠲᠠ᠂ ᠮᠡᠳᠡᠭᠡ ᠵᠠᠩᠭᠢ ᠵᠡᠷᠭᠡ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠬᠠᠩᠭᠠᠵᠤ᠂ ᠭᠠᠷᠳᠠᠮ ᠭᠦᠢᠴᠡᠳᠬᠡᠬᠦ᠂ ᠦᠷ᠎ᠡ ᠪᠦᠲᠦᠭᠡᠯ ᠢ ᠬᠠᠷᠭᠤᠭᠤᠯᠤᠨ ᠪᠠᠶᠢᠴᠠᠭᠠᠬᠤ ᠵᠡᠷᠭᠡ ᠲᠠᠯ᠎ᠠ ᠪᠠᠷ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠤᠨ᠎ᠠ᠃       ︵ᠬᠤᠶᠠᠷ︶ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠠᠵᠢᠯ ᠢ ᠴᠢᠩᠭᠠᠷᠠᠭᠤᠯᠤᠨ᠎ᠠ᠃ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠤᠨ ᠥᠮᠴᠢᠯᠡᠭᠴᠢ ᠨᠢ ᠬᠠᠷᠢᠶ᠎ᠠ ᠰᠤᠮᠤ ᠰᠢᠶᠠᠩ ᠪᠠᠯᠭᠠᠰᠤ  ᠲᠠᠢ ᠪᠠᠨ ︽ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠬᠡᠯᠡᠯᠴᠡᠭᠡᠷ ᠤᠨ ᠪᠢᠴᠢᠭ︾ ᠲᠣᠭᠲᠠᠭᠰᠠᠨ ᠤ ᠳᠠᠷᠠᠭ᠎ᠠ ᠂ ᠰᠡᠭᠦᠯᠴᠢ ᠶᠢᠨ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠵᠦ᠂ ᠰᠠᠭᠤᠷᠢ ᠲᠦᠭᠦᠭᠡᠷᠤᠮᠵᠢ᠂ ᠳᠠᠷᠢᠵᠤ ᠠᠷᠠᠴᠢᠯᠠᠨ  ᠬᠠᠮᠢᠶᠠᠷᠴᠤ ᠬᠠᠮᠠᠭᠠᠯᠠᠬᠤ ᠠᠵᠢᠯ ᠢ ᠪᠡᠶᠡᠯᠡᠭᠦᠯᠦᠨ᠎ᠡ᠂ ᠬᠠᠮᠢᠶᠠᠷᠴᠤ ᠬᠠᠮᠠᠭᠠᠯᠠᠬᠤ ᠬᠤᠭᠤᠴᠠᠭ᠎ᠠ ᠬᠢᠵᠠᠭᠠᠷ ᠨᠢ 15 ᠵᠢᠯ ᠦᠷᠭᠦᠯᠵᠢᠯᠡᠨ᠎ᠡ᠃15 ᠵᠢᠯ ᠤᠨ ᠳᠣᠲᠣᠷ᠎ᠠ ᠲᠠᠷᠢᠮᠠᠯ ᠲᠠᠰᠤᠯᠳᠠᠭᠰᠠᠨ᠂ ︽ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︾ ᠵᠡᠷᠭᠡ ᠪᠠᠶᠢᠳᠠᠯ ᠭᠠᠷᠪᠠᠯ᠂ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ   ᠤᠨ ᠥᠮᠴᠢᠯᠡᠭᠴᠢ ᠶᠢᠨ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠵᠦ᠂ ᠭᠠᠵᠠᠷ ᠰᠢᠷᠣᠢ ᠶᠢᠨ ᠬᠤᠶᠠᠳᠤᠭᠠᠷ ᠡᠭᠡᠯᠵᠢ  ᠶᠢᠨ ᠳᠠᠭᠠᠭᠠᠴᠢᠯᠠᠯᠲᠠ ᠳᠠᠭᠤᠰᠤᠭᠰᠠᠨ ᠤ ᠳᠠᠷᠠᠭ᠎ᠠ᠂ ᠳᠠᠬᠢᠵᠤ ᠳᠠᠭᠠᠭᠠᠴᠢᠯᠠᠭᠤᠯᠤᠭᠰᠠᠨ ᠨᠢ ᠭᠠᠵᠠᠷ ᠰᠢᠷᠣᠢ ᠳᠠᠭᠠᠭᠠᠴᠢᠯᠠᠨ ᠡᠵᠡᠩᠨᠡᠬᠦ ᠡᠷᠬᠡ ᠳᠤ ᠬᠠᠷᠢᠶᠠᠯᠠᠭᠳᠠᠬᠤ ᠬᠤᠪᠢᠷᠠᠯᠲᠠ ᠭᠠᠷᠴᠤ᠂ ᠤᠤᠯ ᠤᠨ ᠪᠠᠶᠢᠭᠰᠠᠨ ᠲᠠᠷᠢᠶᠠᠨ ᠭᠠᠵᠠᠷ ᠤᠨ ᠦᠷᠭᠦᠯᠵᠢᠯᠡᠨ ᠲᠠᠷᠢᠬᠤ ᠶᠢ ᠨᠥᠯᠥᠭᠡᠯᠡᠭᠰᠡᠨ ᠪᠣᠯ ᠬᠠᠷᠢᠶ᠎ᠠ ᠰᠤᠮᠤ ᠰᠢᠶᠠᠩ ᠪᠠᠯᠭᠠᠰᠤ  ᠂ ᠭᠠᠴᠠᠭ᠎ᠠ ᠲᠣᠰᠬᠤᠨ ᠠᠴᠠ ᠰᠤᠳᠤᠯᠤᠨ ᠰᠢᠢᠳᠪᠦᠷᠢᠯᠡᠨ᠎ᠡ᠂ ᠭᠡᠬᠦ ᠳᠡᠭᠡᠨ ᠦᠷᠭᠦᠯᠵᠢᠯᠡᠨ ᠲᠠᠷᠢᠬᠤ ᠶᠢ ᠡᠷᠬᠡᠪᠰᠢ ᠪᠠᠲᠤᠯᠠᠨ᠎ᠠ᠃      ︵ᠭᠤᠷᠪᠠ︶ ᠬᠡᠪᠴᠢᠶᠡᠲᠦ ᠡᠵᠡᠩᠨᠡᠯᠲᠡ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠤᠮᠤ ᠰᠢᠶᠠᠩ ᠪᠠᠯᠭᠠᠰᠤ  ᠨᠢ ᠣᠳᠣ ᠦᠶ᠎ᠡ ᠶᠢᠨ ᠲᠠᠷᠢᠶᠠᠯᠠᠩ ᠤᠨ ᠠᠵᠤ ᠠᠬᠤᠶᠢᠯᠠᠯ᠂ ᠲᠤᠰᠬᠠᠢ ᠬᠤᠷᠰᠢᠶᠠᠵᠢᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢᠨ ︽ᠬᠠᠭᠤᠷᠠᠢ ᠲᠠᠷᠢᠶ᠎ᠠ ᠶᠢ ᠤᠰᠤᠨ ᠲᠠᠷᠢᠶ᠎ᠠ ᠪᠣᠯᠭᠠᠨ ᠥᠭᠡᠷᠡᠴᠢᠯᠡᠬᠦ︾ ᠠᠵᠢᠯ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ ᠤᠷᠳᠤ ᠬᠤᠭᠤᠴᠠᠭ᠎ᠠ ᠪᠠᠷ ᠳᠠᠭᠠᠭᠠᠴᠢᠯᠠᠭᠤᠯᠬᠤ᠂ ᠬᠡᠪᠴᠢᠶᠡᠵᠢᠭᠦᠯᠦᠨ ᠲᠠᠷᠢᠬᠤ᠂ ᠡᠷᠴᠢᠮᠵᠢᠭᠦᠯᠦᠨ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠰᠤᠨ ᠲᠠᠷᠢᠶ᠎ᠠ ᠶᠢᠨ ᠵᠠᠯᠭᠠᠯᠳᠤᠭᠰᠠᠨ ᠴᠢᠨᠠᠷ ᠢᠶᠠᠷ ᠥᠨᠳᠥᠷ᠂ ᠳᠠᠭᠠᠭᠠᠴᠢᠯᠠᠨ ᠡᠵᠡᠩᠨᠡᠭᠴᠢ ᠶᠢᠨ ᠲᠤᠰᠬᠠᠢ ᠮᠡᠷᠭᠡᠵᠢᠯ ᠤᠨ ᠲᠠᠯ᠎ᠠ ᠪᠠᠷ ᠴᠢᠩᠭ᠎ᠠ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠡᠷᠡᠭᠴᠡᠭᠡ ᠳᠤ ᠨᠡᠩ ᠰᠠᠶᠢᠲᠤᠷ ᠵᠣᠬᠢᠴᠠᠭᠤᠯᠤᠨ᠂ ᠦᠷᠭᠦᠯᠵᠢᠯᠡᠨ ᠲᠣᠭᠲᠠᠭᠤᠨ ᠢᠶᠠᠷ ᠠᠰᠢᠭᠯᠠᠬᠤ ᠶᠢ ᠪᠡᠶᠡᠯᠡᠭᠦᠯᠵᠦ᠂ ᠤᠰᠤᠨ ᠲᠤᠲᠤᠷᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃       ᠵᠢᠷᠭᠤᠭ᠎ᠠ᠂ ᠲᠣᠰ ᠬᠡᠷᠡᠭᠵᠢᠭᠦᠯᠬᠦ ᠲᠥᠰᠥᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃                              
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号