ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/8/28
     ᠭᠤᠣᠯ ᠡᠭᠦᠷᠭᠡ ᠬᠠᠷᠢᠭᠤᠴᠠᠯᠭ᠎ᠠ᠄      ︵ᠨᠢᠭᠡ  ︶ ᠨᠠᠮ ᠪᠠ ᠤᠯᠤᠰ ᠤᠨ ᠰᠤᠷᠭᠠᠨ ᠬᠥᠮᠦᠵᠢᠯ ᠤᠨ ᠠᠵᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠢᠭᠡᠳ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃      ︵ᠬᠤᠶᠠᠷ︶ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠢ ᠨᠢᠭᠡᠳᠦᠯᠲᠡᠢ ᠲᠥᠯᠥᠪᠵᠢᠭᠦᠯᠬᠦ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠪᠥᠬᠦ ᠬᠤᠰᠢᠭᠤᠨ ᠤ ᠳᠤᠮᠳᠠ ᠵᠡᠷᠭᠡ ᠵᠢᠴᠢ ᠲᠡᠭᠦᠨ ᠠᠴᠠ ᠳᠣᠷᠣᠭᠰᠢᠬᠢ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠦᠨᠳᠦᠰᠦᠨ ᠮᠡᠳᠡᠭᠡ ᠵᠠᠩᠭᠢ ᠶᠢ ᠪᠦᠷᠢᠳᠬᠡᠬᠦ᠂ ᠵᠠᠳᠠᠯᠬᠤ ᠪᠠ ᠨᠡᠶᠢᠲᠡᠯᠡᠬᠦ ᠶᠢ ᠬᠠᠷᠢᠭᠤᠴᠠᠨ᠎ᠠ᠃     ︵ᠭᠤᠷᠪᠠ︶ ᠪᠥᠬᠦ ᠬᠤᠰᠢᠭᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠪᠠᠭᠰᠢ᠂ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠠ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ ᠃ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠣᠷᠣᠨ ᠲᠤᠭ᠎ᠠ ᠶᠢ ᠲᠣᠬᠢᠷᠠᠭᠤᠯᠤᠭᠰᠠᠨ ᠪᠠᠶᠢᠳᠠᠯ ᠢ ᠬᠢᠨᠠᠨ ᠪᠠᠭᠰᠢ ᠶᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ ᠪᠠᠶᠢᠴᠠᠭᠠᠨ᠎ᠠ᠃      ︵ᠲᠦᠷᠪᠡ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠣᠳᠣᠯᠭ᠎ᠠ ᠶᠢ ᠤᠬᠠᠭᠤᠯᠤᠨ ᠲᠤᠭᠤᠰᠢᠯᠠᠭᠤᠯᠵᠤ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠲᠤᠮᠳᠠ ᠤᠷᠲᠤ ᠬᠤᠭᠤᠴᠠᠭᠠᠨ ᠤ ᠲᠥᠯᠦᠪᠵᠢᠭᠦᠯᠭᠡ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ᠂ ᠠᠵᠢᠯ ᠲᠦᠷᠦᠯ ᠤᠨ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠣᠬᠢᠴᠠᠭᠤᠯᠤᠨ ᠵᠢᠯᠤᠭᠤᠳᠬᠤ ᠪᠠ ᠬᠢᠨᠠᠯᠲᠠ ᠲᠠᠯᠪᠢᠵᠤ ᠪᠠᠶᠢᠴᠠᠭᠠᠨ᠎ᠠ᠃ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠪᠠ ᠵᠢᠷᠤᠮᠵᠢᠭᠤᠯᠬᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃     ︵ᠲᠠᠪᠤ︶ ᠲᠤᠰ ᠰᠠᠯᠠᠭ᠎ᠠ ᠮᠥᠴᠢᠷ ᠤᠨ ᠢᠶᠠᠨ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠢ ᠲᠥᠯᠥᠪᠯᠡᠨ ᠬᠠᠮᠢᠶᠠᠷᠬᠤ ᠠᠵᠢᠯ ᠢ ᠬᠠᠷᠢᠭᠤᠴᠠᠵᠤ᠂  ᠰᠤᠷᠭᠠᠨ ᠬᠥᠮᠦᠵᠢᠯ ᠤᠨ ᠵᠠᠷᠤᠳᠠᠯ ᠢ ᠴᠤᠭᠯᠠᠭᠤᠯᠬᠤ᠂ ᠰᠤᠷᠭᠠᠨ ᠬᠥᠮᠦᠵᠢᠯ ᠳᠤ ᠵᠣᠭᠤᠰ ᠰᠠᠯᠭᠠᠨ ᠥᠭᠬᠦ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢᠨ ᠲᠦᠷᠦ ᠶᠢᠨ ᠪᠣᠳᠣᠯᠭ᠎ᠠ ᠳᠤ ᠣᠷᠣᠯᠴᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠭᠰᠡᠨ ᠪᠠᠶᠢᠳᠠᠯ ᠢ ᠬᠢᠨᠠᠨ ᠰᠢᠯᠭᠠᠨ᠎ᠠ᠃ ᠰᠤᠷᠭᠠᠨ ᠬᠥᠮᠦᠵᠢᠯ ᠤᠨ ᠵᠠᠷᠤᠳᠠᠯ ᠤᠨ ᠣᠷᠣᠭᠤᠯᠤᠯᠲᠠ ᠶᠢᠨ ᠪᠠᠶᠢᠳᠠᠯ᠂ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠭᠠᠳᠤ ᠶᠢᠨ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠤᠯᠭ᠎ᠠ ᠶᠢᠨ ᠵᠢᠭᠡᠯᠡᠯᠭᠡ ᠶᠢᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠢᠨᠠᠨ ᠬᠠᠷᠭᠤᠭᠤᠯᠵᠤ ᠪᠠᠭᠤᠯᠭᠠᠬᠤ ᠠᠵᠢᠯ ᠢ ᠦᠷᠨᠢᠭᠦᠯᠤᠨ᠎ᠡ᠃      ︵ᠵᠢᠷᠭᠤᠭ᠎ᠠ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠪᠥᠭᠡᠳ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ ᠶᠢ ᠬᠠᠷᠢᠭᠤᠴᠠᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠥᠨᠳᠥᠷ ᠬᠢᠷᠢ ᠲᠦᠪᠰᠢᠨ ᠲᠠᠢ ᠴᠢᠨᠠᠷ ᠰᠠᠶᠢᠲᠠᠢ ᠲᠦᠭᠡᠮᠡᠯᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡ᠊ᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠂ ᠦᠨᠳᠦᠰᠦᠲᠡᠨ ᠤ ᠰᠠᠭᠤᠷᠢ ᠰᠤᠷᠭᠠᠨ ᠬᠥᠮᠦᠵᠢᠯ ᠪᠠ ᠠᠷᠠᠳ ᠠᠴᠠ ᠡᠷᠬᠢᠯᠡᠭᠰᠡᠨ ᠰᠠᠭᠤᠷᠢ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠠᠵᠢᠯ ᠢ ᠵᠢᠯᠤᠭᠤᠳᠴᠤ᠂ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃      ︵ᠳᠣᠯᠤᠭ᠎ᠠ︶ ᠪᠥᠬᠦ ᠬᠤᠰᠢᠭᠤᠨ ᠤ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠪᠠ ᠵᠢᠭᠠᠨ ᠰᠤᠷᠭᠠᠯᠲᠠ ᠶᠢᠨ ᠰᠤᠳᠤᠯᠭᠠᠨ ᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ᠎ᠠ᠃      ︵ᠨᠠᠢᠮᠠ︶ ᠪᠥᠬᠦ ᠬᠤᠰᠢᠭᠤᠨ ᠤ ᠡᠩ ᠤᠨ᠂ ᠨᠠᠰᠤᠨ ᠳᠤ ᠭᠦᠷᠦᠭᠰᠡᠳ ᠤᠨ ᠰᠣᠷᠣᠭᠴᠢ ᠡᠯᠰᠡᠬᠦ ᠰᠢᠯᠭᠠᠯᠲᠠ ᠵᠢᠴᠢ ᠦᠪᠡᠰᠤᠪᠡᠨ ᠰᠤᠷᠴᠤ ᠰᠢᠯᠭᠠᠭᠤᠯᠬᠤ ᠰᠢᠯᠭᠠᠯᠲᠠ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠲᠡᠪᠰᠢᠬᠦ ᠰᠢᠯᠭᠠᠯᠲᠠ᠂ ᠶᠡᠭᠡ ᠲᠡᠭᠡᠳᠣ ᠰᠤᠷᠭᠠᠭᠤᠯᠢ ᠳᠤ ᠰᠤᠷᠤᠭᠴᠢ ᠡᠯᠰᠡᠬᠦ ᠬᠠᠮ ᠰᠢᠯᠭᠠᠯᠲᠠ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃      ︵ᠶᠢᠰᠦ︶ ᠠᠵᠢᠯ ᠣᠯᠭᠤᠬᠤ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ  ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢ ᠵᠢᠯᠤᠭᠤᠳᠴᠤ᠂ ᠠᠵᠢᠯ ᠮᠡᠷᠭᠡᠵᠢᠯ ᠤᠨ ᠵᠢᠯᠣᠭᠤᠳᠤᠯᠭ᠎ᠠ ᠶᠢᠨ ᠠᠵᠢᠯ ᠥᠷᠨᠢᠭᠦᠯᠦᠨ᠎ᠡ᡾᠃ ᠦᠨᠳᠦᠰᠦᠲᠡᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠷᠠᠳ  ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠡᠯ᠎ᠡ ᠲᠥᠷᠥᠯ ᠤᠨ ᠨᠠᠰᠤᠨ ᠳᠤ ᠭᠦᠷᠦᠭᠰᠡᠳ ᠤᠨ ᠰᠤᠷᠭᠠᠨ ᠬᠦᠮᠦᠵᠢᠯ ᠢ ᠵᠢᠯᠤᠭᠤᠳᠤᠨ᠎ᠠ᠃      ︵ᠠᠷᠪᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠵᠢᠯᠤᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠯᠲᠡ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠬᠡᠷᠡᠭᠵᠢᠭᠦᠯᠦᠨ᠂ ᠦᠨᠳᠦᠰᠦᠲᠡᠨ ᠤ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠥᠯᠥᠪᠵᠢᠭᠦᠯᠬᠦ ᠶᠢᠨ ᠬᠠᠮᠲᠤ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠰᠢᠰᠲ᠋ᠧᠮ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠤᠷᠭᠠᠨ ᠬᠥᠮᠦᠵᠢᠯ ᠪᠠ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠵᠢᠯᠤᠭᠤᠳᠤᠨ᠎ᠠ᠃      ︵ᠠᠷᠪᠠᠨ ᠨᠢᠭᠡ︶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠶᠢ ᠲᠣᠭᠲᠠᠭᠠᠨ ᠬᠡᠷᠡᠭᠵᠢᠭᠦᠯᠬᠦ ᠶᠢ ᠬᠠᠷᠢᠭᠤᠴᠠᠵᠤ᠂ ᠠᠯᠪᠠᠨ ᠠᠴᠠ ᠡᠷᠭᠢᠯᠡᠭᠰᠡᠨ ᠪᠠ ᠨᠡᠶᠢᠭᠡᠮ ᠤᠨ ᠬᠦᠴᠦᠨ ᠤ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠢ ᠵᠢᠯᠣᠭᠤᠳᠤᠨ ᠬᠠᠮᠢᠶᠠᠷᠤᠨ᠎ᠠ᠃      ︵ᠠᠷᠪᠠᠨ ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ ᠵᠢᠯᠣᠭᠤᠳᠤᠨ᠎ᠠ᠃ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠢᠯ ᠢ ᠵᠢᠯᠤᠭᠤᠳᠤᠨ᠎ᠠ᠃      ︵ᠠᠷᠪᠠᠨ ᠭᠤᠷᠪᠠ︶ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠳᠥᠷᠪᠡ︶ ᠰᠤᠷᠭᠠᠨ ᠬᠥᠮᠥᠵᠢᠭᠦᠯᠵᠦ ᠬᠢᠨᠠᠨ ᠵᠢᠯᠤᠭᠤᠳᠬᠤ ᠠᠵᠢᠯ ᠢ ᠵᠢᠯᠤᠭᠤᠳᠬᠤ ᠶᠢᠨ ᠬᠠᠮᠲᠤ ᠵᠣᠬᠢᠶᠠᠨ ᠪᠠᠶᠢᠭᠤᠯᠤᠨ᠎ᠠ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠦᠭᠡᠮᠡᠯᠵᠢᠭᠦᠯᠬᠦ᠂ ᠵᠠᠯᠠᠭᠤᠴᠤᠳ ᠢᠳᠡᠷᠴᠦᠳ ᠤᠨ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠬᠦ ᠠᠵᠢᠯ ᠢ ᠬᠢᠨᠠᠨ ᠵᠢᠯᠤᠭᠤᠳᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ ᠬᠡᠮᠵᠢᠶ᠎ᠡ ᠪᠠ ᠶᠠᠰᠤ ᠴᠢᠨᠠᠷ ᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠤᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃      ︵ᠠᠷᠪᠠᠨ ᠲᠠᠪᠤ︶ ᠬᠤᠰᠢᠭᠤᠨ ᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠨᠠᠷᠢᠨ ᠪᠢᠴᠢᠭᠡᠴᠢ ᠶᠢᠨ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠠᠷᠪᠠᠨ ᠵᠢᠷᠭᠤᠭ᠎ᠠ︶ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号