ᠵᠠᠰᠠᠭ ᠤᠨ ᠣᠷᠳᠣᠨ ᠤ ᠴᠢᠬᠤᠯᠠ ᠶᠠᠪᠤᠳᠠᠯ ᠤᠨ ᠲᠡᠮᠳᠡᠭᠯᠡᠯ ︵2023 ᠤᠨ ᠤ 1 ᠰᠠᠷ᠎ᠠ ᠶᠢᠨ 1 ᠤ ᠡᠳᠦᠷ - 31 ᠤ ᠡᠳᠦᠷ︶( ᠬᠤᠶᠠᠷ)
ᠨᠡᠶᠢᠲᠡᠯᠡᠭᠰᠡᠨ ᠴᠠᠭ᠄
2023/8/3
     ᠬᠤᠶᠠᠷ᠂ ᠴᠢᠬᠤᠯᠠ ᠠᠵᠢᠯᠯᠠᠭ᠎ᠠ      3 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ 2022 ᠣᠨ ᠤ ᠪᠥᠬᠦ ᠠᠶᠢᠮᠠᠭ ᠤᠨ ᠳᠥᠷᠪᠡᠳᠦᠭᠡᠷ ᠤᠯᠠᠷᠢᠯ ᠤᠨ ︽ᠭᠤᠷᠪᠠᠨ ᠨᠠᠷᠢᠨ ᠲᠠᠩᠰᠠ ︾ ᠶᠢᠨ ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯ ᠳᠤ ᠣᠷᠣᠯᠴᠠᠪᠠ᠃      4 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠪᠥᠬᠦ ᠠᠶᠢᠮᠠᠭ ᠤᠨ ᠬᠥᠯᠥᠰᠦᠨ ᠲᠠᠷᠢᠶᠠᠴᠢᠨ ᠤ ᠴᠠᠯᠢᠩ ᠢ ᠥᠷᠢᠳᠤᠭ᠍ᠰᠡᠨ ᠠᠰᠠᠭᠤᠳᠠᠯ ᠢ ᠦᠨᠳᠦᠰᠦᠨ ᠠᠴᠠ  ᠨᠢ ᠰᠢᠢᠳᠪᠤᠷᠢᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠵᠢᠴᠢ 2023 ᠣᠨ ᠤ ᠴᠠᠭᠠᠨ ᠰᠠᠷ᠎ᠠ ᠠᠴᠠ ᠡᠮᠦᠨᠡᠬᠢ ᠴᠠᠯᠢᠩ ᠥᠷᠢᠳᠤᠭ᠍ᠰᠡᠨ ᠠᠰᠠᠭᠤᠳᠠᠯ ᠢ ᠦᠨᠳᠦᠰᠦᠨ ᠠᠴᠠ ᠨᠢ ᠰᠢᠢᠳᠪᠤᠷᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ᠂ ᠬᠤᠶᠠᠷ ᠭᠠᠵᠠᠷ ᠤᠨ ᠡᠬᠢ ᠪᠠᠶᠠᠯᠢᠭ ᠢᠶᠠᠨ ᠬᠠᠷᠢᠯᠴᠠᠨ ᠨᠦᠭᠦᠪᠤᠷᠢᠯᠡᠵᠤ᠂ ᠠᠵᠤ ᠠᠬᠤᠢ ᠶᠢ ᠵᠤᠬᠢᠴᠠᠭᠤᠯᠬᠤ ᠬᠠᠮᠲᠤᠷᠠᠯᠴᠠᠭᠠᠨ ᠤ ᠶᠠᠷᠢᠯᠴᠠᠬᠤ ᠬᠤᠷᠠᠯ ᠳᠤ ᠣᠷᠣᠯᠴᠠᠪᠠ᠃       ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠲᠠᠷᠤᠭ᠎ᠠ ᠮᠠᠨ ᠱᠦᠢ ᠯᠦᠩ ᠳᠤᠮᠳᠠᠳᠤ ᠤᠯᠤᠰ ᠤᠨ ᠴᠠᠬᠢᠯᠭᠠᠨ ᠬᠦᠴᠤᠨ ᠤ ᠪᠦᠯᠦᠭᠯᠡᠯ ᠤᠨ ᠪᠡᠭᠡᠵᠢᠩ ᠤᠨ ᠬᠠᠶᠢᠨ ᠬᠡᠮᠵᠢᠬᠦ ᠵᠢᠷᠤᠭ ᠲᠥᠯᠥᠪᠯᠡᠭᠡ ᠶᠢᠨ ᠰᠤᠳᠤᠯᠭᠠᠨ ᠤ ᠬᠦᠷᠢᠶᠡᠯᠡᠩ ᠤᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠪᠠᠷ ᠬᠦᠷᠴᠦ ᠤᠰᠤ ᠲᠠᠲᠠᠵᠤ ᠡᠨᠧᠷᠭᠢ ᠬᠠᠳᠠᠭᠠᠯᠠᠬᠤ ᠳᠦᠷᠦᠯ ᠵᠦᠢᠯ ᠢ ᠠᠬᠢᠭᠤᠯᠵᠠᠢ᠃      5 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠤᠸᠠ ᠴᠢ ᠪᠡᠯᠡ ᠣᠷᠣᠭᠤᠯᠤᠯᠲᠠ᠂ ᠱᠧᠨᠵᠧᠨ ᠤ ᠪᠡᠯᠡ ᠣᠷᠣᠭᠤᠯᠤᠯᠲᠠ ᠶᠢᠨ ᠬᠢᠵᠠᠭᠠᠷᠳᠣ ᠺᠤᠮᠫᠠᠨᠢ᠂ ᠤᠯᠤᠰ ᠤᠨ ᠴᠠᠬᠢᠯᠭᠠᠨ ᠬᠦᠴᠦᠨ ᠤ ᠪᠦᠯᠦᠭᠯᠡᠯ᠂ ᠪᠡᠭᠡᠵᠢᠩ ᠤᠨ ᠲᠢᠶᠠᠨ ᠷᠦᠨ ᠲᠥᠷᠥᠯ ᠵᠦᠢᠯ ᠢ ᠵᠣᠯᠭᠠᠭᠤᠯᠬᠤ ᠠᠵᠢᠯ ᠤᠨ ᠶᠠᠷᠢᠯᠴᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠣᠯᠵᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠪᠠᠷ ᠬᠦᠷᠴᠦ ᠰᠢᠨ᠎ᠡ ᠡᠨᠧᠷᠭᠢ ᠶᠢᠨ ᠲᠥᠷᠥᠯ ᠵᠦᠢᠯ ᠤᠨ ᠠᠵᠢᠯ ᠢ ᠵᠣᠯᠭᠠᠭᠤᠯᠪᠠ᠃      6 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠪᠦᠭᠦ ᠬᠤᠰᠢᠭᠤᠨ ᠤ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ ᠪᠦᠭᠦ ᠠᠶᠢᠮᠠᠭ ᠤᠨ ᠨᠤᠲᠤᠭ ᠪᠡᠯᠴᠢᠭᠡᠷ ᠣᠢ ᠰᠢᠭᠤᠢ ᠶᠢ ᠰᠦᠢᠳᠭᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠬᠡᠷᠡᠭ ᠤᠨ ᠵᠢᠱᠢᠶ᠎ᠡ ᠪᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳ᠋ᠦᠩᠨᠡᠯᠳᠠ ᠶᠢᠨ ᠬᠤᠷᠠᠯ ᠳᠤ ᠣᠷᠣᠯᠴᠠᠪᠠ᠃ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠢᠨᠵᠧᠨᠧᠷᠢᠩ ᠤᠨ  ᠦᠨᠳᠡᠭᠡᠨ ᠤᠰᠤᠨ ᠠᠰᠢᠭᠯᠠᠯᠲᠠ ᠶᠢᠨ ᠬᠦᠢᠰᠦ ᠣᠷᠣᠨ ᠤ ᠬᠠᠷ᠎ᠠ ᠬᠥᠷᠥᠰᠥ ᠶᠢᠨ ᠲᠠᠷᠢᠶᠠᠯᠠᠬᠤ ᠭᠠᠵᠠᠷ ᠤᠨ ᠵᠢᠷᠤᠭ ᠲᠥᠯᠥᠪᠯᠡᠭᠡ ᠶᠢᠨ ᠲᠥᠰᠥᠯ ᠵᠢᠴᠢ ᠪᠡᠯᠡ ᠣᠷᠣᠭᠤᠯᠤᠯᠲᠠ ᠶᠢᠨ ᠲᠤᠰᠬᠠᠢ ᠰᠡᠳᠦᠪᠲᠦ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠬᠤᠷᠠᠯ ᠳᠤ ᠣᠷᠣᠯᠴᠠᠵᠠᠢ  ᠃      7 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ ᠬᠤᠰᠢᠭᠤᠨ ᠤ ᠲᠡᠳ᠋  ᠳᠠᠷᠤᠭ᠎ᠠ ᠯᠢᠦ ᠢᠦᠢ ᠪᠥᠸᠧ ᠪᠦᠭᠦ ᠬᠤᠰᠢᠭᠤᠨ ᠤ ᠴᠢᠬᠤᠯᠠ ᠶᠡᠭᠡ ᠳᠦᠷᠦᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠵᠤ ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠢᠨᠵᠧᠨᠧᠷᠢᠩ ᠤᠨ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ᠂ ᠤᠰᠤᠨ ᠲᠠᠷᠢᠶᠠᠨ ᠤ ᠬᠡᠪᠴᠢᠶ᠎ᠡ ᠶᠢᠨ ᠭᠦᠢᠴᠡᠳᠭᠡᠯ ᠲᠤᠭ᠎ᠠ ᠶᠢᠨ ᠳᠦᠷᠦᠯ ᠵᠦᠢᠯ ᠢ ᠠᠬᠢᠭᠤᠯᠬᠤ ᠬᠤᠷᠠᠯ ᠢ ᠰᠤᠳᠤᠯᠪᠠ᠃      8 ᠤ ᠡᠳᠦᠷ ᠠᠴᠠ 9 ᠤ ᠡᠳᠦᠷ ᠪᠣᠯᠲᠠᠯ᠎ᠠ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠠᠶᠢᠮᠠᠭ ᠲᠠᠬᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ ᠪᠣᠯᠪᠠᠰᠤᠷᠠᠭᠤᠯᠬᠤ ᠪᠠ  ᠰᠢᠨᠵᠢᠯᠡᠨ ᠪᠠᠶᠢᠴᠠᠭᠠᠬᠤ ᠠᠵᠢᠯᠯᠠᠭ᠎ᠠ ᠳᠤ ᠤᠷᠤᠯᠴᠠᠵᠠᠢ᠃      10 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠣᠯᠵᠤ ᠪᠡᠭᠡᠵᠢᠩ ᠬᠤᠳᠠ ᠶᠢᠨ ᠹᠧᠩᠲ᠋ᠠᠢ ᠲᠣᠭᠤᠷᠢᠭ ᠲᠤ ᠬᠦᠷᠴᠦ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠰᠣᠯᠢᠯᠴᠠᠭ᠎ᠠ ᠶᠢᠨ ᠠᠵᠢᠯᠯᠠᠭ᠎ᠠ ᠶᠢ ᠥᠷᠨᠢᠭᠦᠯᠪᠡ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠤᠯᠵᠤ ᠪᠡᠭᠡᠵᠢᠩ ᠬᠤᠲᠠ ᠶᠢᠨ ᠱᠧᠦ ᠨᠦᠩ ᠢᠳᠡᠭᠡᠨ ᠤ ᠪᠦᠯᠦᠭᠯᠡᠯ ᠢᠶᠠᠷ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠣᠯᠵᠤ ᠾᠧᠪᠧᠢ ᠮᠤᠵᠢ ᠶᠢᠨ ᠬᠠᠨᠳᠠᠨ ᠬᠤᠲᠠ ᠶᠢᠨ ᠳ᠋ᠠᠮᠢᠩ ᠰᠢᠶᠠᠨ ᠤ ᠭᠥᠩ ᠨᠢᠦ ᠴᠠᠬᠢᠯᠭᠠᠨ ᠤᠳᠠᠰᠤᠨ ᠤ ᠬᠢᠵᠠᠭᠠᠷᠲᠤ ᠺᠣᠮᠫᠠᠨᠢ ᠪᠠᠷ ᠬᠦᠷᠴᠦ ᠠᠵᠢᠯ ᠪᠠᠶᠢᠴᠠᠭᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠥᠪᠡᠷᠲᠡᠭᠡᠨ ᠵᠠᠰᠠᠬᠤ ᠣᠷᠣᠨ ᠤ ᠬᠦᠰᠡᠯᠡᠩᠳᠦ ᠢᠨᠵᠧᠨᠧᠷᠢᠩ ᠤᠨ ᠰᠤᠷᠤᠯᠭ᠎ᠠ ᠶᠢ ᠬᠠᠪᠰᠤᠷᠤᠨ ᠲᠡᠳᠬᠦᠬᠦ ᠠᠵᠢᠯᠯᠠᠭ᠎ᠠ ᠳᠤ ᠣᠷᠣᠯᠴᠠᠵᠠᠢ᠃ ᠪᠠᠰᠠ ᠪᠠᠶᠠᠠᠵᠢᠯᠠᠭ᠎ᠠ ᠰᠢᠶᠠᠩ ᠢᠶᠠᠷ ᠬᠦᠷᠴᠦ ᠶᠠᠳᠠᠭᠤ ᠬᠦᠴᠢᠷᠳᠡᠯᠲᠡᠢ ᠡᠷᠦᠬᠡ ᠵᠢᠴᠢ ᠲᠠᠪᠤᠨ ᠪᠠᠲᠤᠯᠠᠭᠠᠲᠤ ᠡᠷᠦᠬᠡ ᠶᠢᠨ ᠬᠦᠮᠦᠰ ᠢ ᠲᠣᠬᠤᠨᠢᠭᠤᠯᠪᠠ᠃      11 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠣᠯᠵᠤ ᠵᠢᠶᠠᠩᠰᠤ ᠮᠤᠵᠢ ᠶᠢᠨ ᠵᠢᠶᠠᠩᠶ᠋ᠢᠨ ᠬᠤᠲᠠ ᠶᠢᠨ ᠱᠤᠸᠠᠩ ᠯᠢᠶᠠᠩ ᠪᠦᠯᠦᠭᠯᠡᠯ ᠤᠨ ᠬᠢᠵᠠᠭᠠᠷᠲᠤ ᠺᠣᠮᠫᠠᠨᠢ ᠪᠠᠷ ᠬᠦᠷᠴᠦ ᠰᠢᠨᠵᠢᠯᠡᠨ ᠪᠠᠶᠢᠴᠠᠭᠠᠵᠤ ᠠᠵᠢᠯ ᠢ ᠵᠣᠯᠭᠠᠭᠤᠯᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋  ᠳᠠᠷᠤᠭ᠎ᠠ ᠯᠢᠦ ᠢᠦᠢ ᠪᠥᠸᠧ ᠬᠤᠰᠢᠭᠤᠨ ᠳᠠᠬᠢ ᠲᠣᠰᠣ ᠨᠡᠮᠡᠬᠦ ᠦᠷᠲᠡᠭᠡ᠂ ᠡᠮ ᠤᠨ ᠳᠡᠯᠭᠡᠭᠦᠷ᠂ ᠴᠢᠯᠤᠭᠡᠳᠣ ᠳᠡᠯᠭᠡᠭᠦᠷ ᠢᠶᠠᠷ ᠬᠦᠷᠴᠤ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠬᠢᠪᠡ᠃      12 ᠤᠨ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠨᠠᠨᠵᠢᠩ ᠤᠨ ᠰᠢᠯ ᠰᠢᠷᠬᠡᠭᠯᠢᠭ ᠤᠨ ᠰᠤᠳᠤᠯᠭᠠᠨ ᠤ ᠵᠢᠷᠤᠭ ᠲᠥᠯᠥᠪᠯᠡᠭᠡ ᠶᠢᠨ ᠬᠦᠷᠢᠶᠡᠯᠡᠩ ᠤᠨ ᠬᠢᠵᠠᠭᠠᠷᠲᠤ ᠺᠣᠮᠫᠠᠨᠢ ᠪᠠᠷ ᠬᠦᠷᠴᠣ ᠰᠢᠨᠵᠢᠯᠡᠨ ᠪᠠᠶᠢᠴᠠᠭᠠᠵᠤ ᠠᠵᠢᠯ ᠢ ᠵᠣᠯᠭᠠᠭᠤᠯᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠨᠠᠷ ᠲᠤ ᠪᠠᠷ᠎ᠠ ᠪᠣᠯᠵᠤ ᠨᠠᠨᠵᠢᠩ ᠳᠤ ᠵᠢᠯᠣᠭᠤᠴᠢ ᠦᠭᠡᠢ ᠨᠢᠰᠬᠡᠯ ᠤᠨ ᠲᠤᠷᠰᠢᠯᠲᠠ ᠶᠢᠨ ᠰᠠᠭᠤᠷᠢᠨ ᠭᠠᠵᠠᠷ ᠤᠨ ᠲᠥᠷᠥᠯ ᠵᠦᠢᠯ ᠢ ᠰᠢᠨᠵᠢᠯᠡᠨ ᠪᠠᠶᠢᠴᠠᠭᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠡᠭᠦᠯᠳᠡᠷ ᠤᠨ ᠮᠠᠯ ᠢ ᠦᠷᠡᠵᠢᠭᠦᠯᠬᠦ ᠲᠥᠪ ᠢᠶᠠᠷ ᠬᠦᠷᠴᠤ ᠲᠠᠪᠤᠨ ᠪᠠᠲᠤᠯᠠᠭᠠᠲᠤ ᠡᠷᠤᠬᠡ᠂ ᠲᠤᠤᠷ᠎ᠠ ᠪᠠᠲᠤᠯᠠᠭᠠᠲᠤ ᠡᠷᠤᠬᠡ᠂ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠵᠠᠢ᠃      13 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠤ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠳᠠᠵᠤ ᠤᠷᠤᠭᠤᠯᠬᠤ ᠢᠨᠵᠧᠨᠧᠷᠢᠩ ᠤᠨ ᠦᠨᠳᠡᠭᠡᠨ ᠤᠰᠤᠨ ᠠᠰᠢᠭᠯᠠᠯᠲᠠ ᠶᠢᠨ ᠵᠠᠩᠭᠢᠯᠠᠭ᠎ᠠ ᠶᠢᠨ ᠳᠣᠣᠷ᠎ᠠ ᠬᠠᠭᠠᠯᠲᠠ ᠶᠢᠨ ᠤᠰᠤ ᠬᠠᠳᠠᠭᠠᠯᠠᠬᠤ ᠱᠠᠲᠤᠨ ᠤ ᠨᠡᠭᠦᠳᠡᠯ ᠠᠷᠠᠳ ᠢ ᠲᠥᠪᠬᠢᠨᠡᠭᠦᠯᠬᠦ ᠰᠢᠯᠭᠠᠨ ᠠᠪᠬᠤ ᠠᠵᠢᠯ ᠤᠨ ᠡᠴᠦᠰ ᠤᠨ ᠪᠠᠶᠢᠴᠠᠭᠠᠯᠲᠠ ᠶᠢᠨ ᠬᠤᠷᠠᠯ ᠳᠤ ᠣᠷᠣᠯᠴᠠᠪᠠ᠃     14 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠲᠠᠷᠤᠭ᠎ᠠ ᠯᠢ ᠬᠤᠤ᠂ ᠯᠢᠦ ᠹᠦ᠋ ᠸᠧᠢ ᠶᠢ ᠲᠣᠬᠤᠨᠢᠭᠤᠯᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋  ᠳᠠᠷᠤᠭ᠎ᠠ ᠮᠠᠨ ᠱᠦᠢ ᠯᠦᠩ ᠬᠢᠩᠭᠠᠨ ᠠᠶᠢᠮᠠᠭ ᠤᠨ ᠶᠢᠨ ᠹᠧᠩ ᠰᠠᠯᠬᠢᠨ ᠬᠦᠴᠦᠨ ᠤ ᠴᠠᠬᠢᠯᠭᠠᠨ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠠᠷ ᠬᠦᠷᠴᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ᠃     15 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠲᠠᠷᠤᠭ᠎ᠠ ᠮᠠᠨ ᠱᠦᠢ ᠯᠦᠩ ᠪᠤᠯᠠᠭᠠᠬᠤᠸᠠ ᠰᠤᠮᠤᠨ ᠳᠤ ᠬᠦᠷᠴᠦ ᠲᠣᠬᠤᠨᠢᠭᠤᠯᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠲᠠᠷᠤᠭ᠎ᠠ ᠯᠢᠦ ᠢᠦᠢ ᠪᠥᠸᠧ ᠭᠤᠣᠯᠳᠠᠯᠭ᠎ᠠ ᠲᠠᠢ ᠵᠤᠭᠠᠴᠠᠯ ᠤᠨ ᠦᠵᠡᠮᠵᠢ ᠶᠢᠨ ᠣᠷᠣᠨ ᠤ ᠲᠥᠷᠥᠯ ᠵᠦᠢᠯ ᠤᠨ ᠲᠥᠯᠦᠪᠵᠢᠭᠦᠯᠭᠡ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃      16 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠲᠠᠷᠤᠭ᠎ᠠ ᠯᠢ ᠬᠤᠤ᠂ ᠰᠢ ᠠᠨ ᠳᠤ ᠬᠦᠷᠴᠦ ᠪᠠᠶᠠᠨᠲᠠᠯ᠎ᠠ ᠶᠢᠨ ᠤᠰᠤ ᠲᠠᠲᠠᠵᠤ ᠡᠨᠧᠷᠭᠢ ᠬᠠᠳᠠᠭᠠᠯᠠᠬᠤ ᠴᠠᠬᠢᠯᠭᠠᠨ ᠦᠷᠳᠡᠭᠡ ᠶᠢᠨ ᠳᠦᠷᠦᠯ ᠵᠦᠢᠯ ᠢ ᠵᠣᠯᠭᠠᠭᠤᠯᠪᠠ᠃ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠪᠥᠬᠦ ᠠᠶᠢᠮᠠᠭ ᠤᠨ ᠵᠠᠰᠠᠭ ᠠᠵᠤ ᠠᠬᠤᠶᠢᠯᠠᠯ ᠢ ᠵᠣᠯᠭᠠᠭᠤᠯᠬᠤ ᠠᠵᠢᠯ ᠤᠨ ᠬᠤᠷᠠᠯ ᠳᠤ ᠣᠷᠣᠯᠴᠠᠵᠠᠢ᠃      17 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠢ ᠪᠥᠸᠧ ᠪᠥᠬᠦ ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠸᠢᠳᠢᠣ᠋ ᠬᠤᠷᠠᠯ ᠳᠤ ᠣᠷᠣᠯᠴᠠᠪᠠ᠃ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠺᠠᠳ᠋ᠷ ᠢ ᠬᠦᠳᠡᠭᠡ ᠪᠠᠭᠤᠯᠭᠠᠬᠤ ᠬᠤᠷᠠᠯ ᠳᠤ ᠣᠷᠣᠯᠴᠠᠪᠠ᠃      ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠤᠯᠤᠨ ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠤ᠂ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠠᠶᠢᠨᠠᠨ ᠤ ᠠᠢ ᠬᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠠᠢ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠬᠢᠩᠭᠠᠨ ᠠᠶᠢᠮᠠᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠨᠠᠢᠮᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠪᠠ᠃     18 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠪᠣᠯᠣᠨ ᠬᠥᠳᠡᠯᠮᠦᠷᠢ ᠶᠢᠨ ᠵᠢᠱᠢᠶᠡᠴᠢ ᠶᠢ ᠲᠣᠬᠤᠨᠢᠭᠤᠯᠵᠤ᠂ ᠵᠢᠯ ᠤᠨ ᠡᠴᠦᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠪᠠᠰᠠ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃     ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠲᠠᠷᠤᠭ᠎ᠠ ᠮᠠᠨ ᠱᠦᠢ ᠯᠦᠩ ᠪᠣᠯᠣᠨ ᠶᠤᠸᠠᠨ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠤᠰᠤᠲᠥ᠋ᠷᠥᠭᠴᠢ ᠡᠨᠧᠷᠭᠢ ᠶᠢᠨ ᠲᠤᠬᠠᠶᠢᠯᠠᠭᠰᠠᠨ ᠠᠵᠢᠯ ᠢ ᠥᠷᠭᠡᠳᠬᠡᠬᠦ ᠳᠠᠭᠠᠭᠠᠮᠠᠯ ᠸᠠᠩ ᠰᠧ ᠴᠤᠸᠠᠩ ᠵᠡᠷᠭᠡ ᠬᠥᠮᠥᠰ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠢᠶᠠᠷ ᠬᠦᠷᠴᠦ ᠰᠢᠨ᠎ᠡ ᠡᠨᠧᠷᠭᠢ ᠶᠢᠨ ᠲᠥᠷᠥᠯ ᠵᠦᠢᠯ ᠢ ᠵᠤᠯᠭᠠᠭᠤᠯᠤᠨ ᠠᠬᠢᠭᠤᠯᠵᠠᠢ᠃      19 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ  ᠴᠧᠨ ᠬᠠᠢ ᠱᠠᠨ᠂ ᠯᠢᠦ ᠢᠦᠢ  ᠪᠥᠸᠧ᠂ ᠵᠠᠰᠠᠭ ᠤᠨ ᠣᠷᠳᠣᠨ ᠤ  ᠬᠤᠰᠢᠭᠤᠨ ᠤ ᠲᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠬᠤᠪᠢᠶᠠᠷᠢ ᠬᠤᠷᠠᠯ ᠤᠨ ᠲᠠᠯᠠᠪᠠᠢ ᠳᠤ ᠪᠦᠭᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ  ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠠᠶᠢᠮᠠᠭ ᠤᠨ ᠳᠠᠷᠤᠭ᠎ᠠ ᠰᠦᠭᠡ ᠳᠤ ᠪᠠᠷ᠎ᠠ ᠪᠣᠯᠵᠤ ᠪᠤᠯᠠᠭᠠᠬᠤᠸᠠ ᠰᠤᠮᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃       ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ ᠠᠶᠠᠨᠴᠢᠳ ᠤᠨ ᠦᠷᠲᠡᠭᠡ᠂ ᠬᠡᠢ ᠨᠡᠮᠡᠬᠦ ᠦᠷᠲᠡᠭᠡ ᠪᠠᠷ ᠬᠦᠷᠴᠦ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠵᠤ᠂ ᠬᠢᠲᠠᠳ ᠡᠮᠨᠡᠯᠭᠡ ᠶᠢᠨ ᠬᠤᠷᠢᠶᠠᠨ ᠤ ᠰᠢᠨ᠎ᠡ ᠰᠠᠭᠤᠷᠢᠰᠢᠯ  ᠢᠶᠠᠷ ᠬᠦᠷᠴᠦ ᠳᠦᠷᠦᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠪᠠ᠃      ᠲᠤᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢ ᠬᠤᠤ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠭᠠᠨ ᠵᠢᠯᠤᠭᠤᠳᠬᠤ ᠭᠠᠵᠠᠷ ᠤᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠰᠢᠨ᠎ᠡ ᠲᠢᠲᠢᠮᠯᠢᠭ ᠠᠭᠤᠰᠬᠢᠨ ᠦᠷᠪᠢᠰᠣᠯ ᠤᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠠᠵᠢᠯ ᠤᠨ ᠬᠤᠷᠠᠯ ᠳᠤ ᠣᠷᠣᠯᠴᠠᠵᠤ᠂ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠳᠤ ᠪᠦᠭᠦ ᠠᠶᠢᠮᠠᠭ ᠤᠨ ᠺᠠᠳ᠋ᠷᠴᠤᠳ ᠤᠨ ᠶᠡᠭᠡ ᠬᠤᠷᠠᠯ ᠳᠤ ᠣᠷᠣᠯᠴᠠᠪᠠ᠃     ᠲᠣᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠭᠤᠣᠯᠳᠠᠯᠭ᠎ᠠ ᠲᠠᠢ ᠠᠵᠤ ᠠᠬᠤᠶᠢᠯᠠᠯ ᠪᠤᠯᠬᠤ ᠵᠠᠯᠠᠶᠢᠳ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠪᠠᠷ ᠬᠦᠷᠴᠦ ︽ᠰᠡᠳᠬᠢᠯ ᠢ ᠳᠤᠯᠠᠭᠠᠴᠠᠭᠤᠯᠬᠤ︾ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃     20 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠱᠦᠵᠢ ᠨᠠᠷ ᠤᠨ ᠲᠤᠰᠬᠠᠢ ᠰᠡᠳᠦᠪᠲᠦ ᠬᠤᠷᠠᠯ ᠳᠤ ᠣᠷᠣᠯᠴᠠᠪᠠ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠢᠦᠢ ᠪᠥᠸᠧ ᠭᠤᠣᠯᠳᠠᠯᠭ᠎ᠠ ᠲᠠᠢ ᠠᠵᠢᠯ ᠤᠨ ᠬᠤᠷᠠᠯ ᠳᠤ ᠣᠷᠣᠯᠴᠠᠪᠠ᠃     26 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠲᠡᠳ᠋ ᠳᠠᠷᠤᠭ᠎ᠠ ᠯᠢᠦ ᠭᠦᠸᠧ ᠮᠢᠨ ᠬᠤᠯᠪᠤᠭ᠎ᠠ ᠪᠠᠯᠭᠠᠰᠤᠨ ᠳᠤ ᠬᠦᠷᠴᠣ ᠬᠤᠲᠠ ᠬᠥᠳᠡᠭᠡ ᠶᠢᠨ ᠪᠦᠳᠤᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠤᠷᠤᠭᠳᠠᠯ ᠲᠠᠢ ᠨᠢ ᠬᠤᠯᠪᠤᠭᠳᠠᠭᠤᠯᠬᠤ ᠲᠦᠷᠦᠯ ᠵᠦᠢᠯ ᠢ ᠪᠠᠶᠢᠴᠠᠭᠠᠨ ᠰᠤᠳᠤᠯᠪᠠ᠃      28 ᠤ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ ᠬᠢᠩᠭᠠᠨ ᠠᠶᠢᠮᠠᠭ ᠤᠨ ᠵᠠᠬᠢᠷᠭ᠎ᠠ ᠶᠢᠨ ᠪᠥᠬᠦᠳᠡ ᠬᠤᠷᠠᠯ ᠳᠤ ᠣᠷᠣᠯᠴᠠᠪᠠ ︵2023 ᠣᠨ ᠤ 1 ᠤᠳᠠᠭᠠᠨ ᠤ ᠬᠤᠷᠠᠯ︶᠃      ᠲᠣᠰ ᠡᠳᠦᠷ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠂ ᠮᠠᠨ ᠱᠦᠢ ᠯᠦᠩ᠂ ᠯᠢᠦ ᠢᠦᠢ ᠪᠥᠸᠧ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠸᠠᠩ ᠲᠢᠶᠠᠨ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ 2023 ᠣᠨ ᠤ ᠬᠤᠶᠠᠳᠤᠭᠠᠷ ᠣᠳᠠᠭᠠᠨ ᠤ ᠬᠤᠷᠠᠯ ᠳᠤ ᠣᠷᠣᠯᠴᠠᠵᠠᠢ᠃      29 ᠤ ᠡᠳᠦᠷ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢ ᠬᠤᠸ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠴᠧᠨ ᠬᠠᠢ ᠱᠠᠨ᠂ ᠮᠠᠨ ᠱᠦᠢ ᠯᠦᠩ᠂ ᠯᠢᠦ ᠢᠦᠢ ᠪᠥᠸᠧ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠸᠠᠩ ᠲᠢᠶᠠᠨ ᠵᠢᠶᠦ᠋ᠨ ᠪᠥᠬᠦ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ ᠵᠢᠴᠢ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠶᠡᠭᠡ ᠬᠤᠷᠠᠯ ᠳᠤ ᠣᠷᠣᠯᠴᠠᠪᠠ᠃       30 ᠤ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠭᠦᠸᠧ ᠮᠢᠨ ᠯᠢᠶᠣᠤᠨᠢᠩ ᠮᠤᠵᠢ ᠶᠢᠨ ᠱᠧᠨ᠋ᠶᠠᠩ ᠬᠤᠳᠠ ᠶᠢᠨ ᠱᠠᠨ ᠱᠦᠢ ᠪᠦᠯᠦᠭᠯᠡᠯ ᠤᠨ ᠵᠡᠭᠦᠨ ᠬᠤᠶᠢᠲᠤ ᠶᠢᠨ ᠡᠵᠡᠩᠨᠡᠯᠲᠡ ᠶᠢᠨ ᠲᠣᠭᠤᠷᠢᠭ ᠢᠶᠠᠷ ᠲᠦᠷᠦᠯ ᠵᠦᠢᠯ ᠢ ᠵᠣᠯᠭᠠᠭᠤᠯᠤᠨ ᠠᠬᠢᠭᠤᠯᠬᠤ ᠠᠵᠢᠯ ᠥᠷᠨᠢᠭᠦᠯᠪᠡ᠃      ᠲᠤᠰ ᠡᠳᠦᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠮᠠᠨ ᠱᠦᠢ ᠯᠦᠩ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠦᠨ ᠰᠢᠩ ᠢᠦᠢ ᠳᠤ ᠪᠠᠷ᠎ᠠ ᠪᠣᠯᠵᠤ ᠯᠢᠶᠣᠤᠨᠢᠩ ᠮᠤᠵᠢ ᠶᠢᠨ ᠱᠧᠨ᠋ᠶᠠᠩ ᠬᠤᠲᠠ ᠶᠢᠨ ᠱᠠᠨ ᠱᠦᠢ ᠪᠦᠯᠦᠭᠯᠡᠯ ᠤᠨ ᠵᠡᠭᠦᠨ ᠬᠤᠶᠢᠲᠤ ᠶᠢᠨ ᠡᠵᠡᠩᠨᠡᠯᠲᠡ ᠶᠢᠨ ᠲᠣᠭᠤᠷᠢᠭ ᠲᠤ ᠬᠦᠷᠴᠦ ᠲᠦᠷᠦᠯ ᠵᠦᠢᠯ ᠢ ᠵᠣᠯᠭᠠᠭᠤᠯᠤᠨ ᠠᠬᠢᠭᠤᠯᠵᠠᠢ᠃      31 ᠤ ᠡᠳᠦᠷ ᠬᠤᠰᠢᠭᠤᠨ ᠤ ᠨᠠᠮ ᠤᠨ ᠬᠤᠷᠢᠶᠠᠨ ᠤ  ᠱᠦᠵᠢ᠂ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠴᠢ ᠯᠢᠨ᠂ ᠬᠤᠰᠢᠭᠤᠨ ᠤ ᠲᠡᠳ᠋ ᠳᠠᠷᠤᠭ᠎ᠠ ᠴᠧᠨ ᠬᠠᠢ ᠱᠠᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠳᠤᠭᠤᠶᠢᠯᠠᠩ ᠤᠨ 2023 ᠣᠨ ᠤ ᠬᠤᠶᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠯᠠᠶᠢᠳ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ 2023 ᠣᠨ ᠤ ᠭᠤᠷᠪᠠᠳᠤᠭᠠᠷ ᠣᠳᠠᠭᠠᠨ ᠤ ᠬᠤᠷᠠᠯ ᠳᠤ ᠣᠷᠣᠯᠴᠠᠪᠠ᠃
 
ᠢᠷᠡᠯᠲᠡ᠄ ᠵᠠᠯᠠᠶᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号