ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ ᠵᠤᠨ ᠤ ᠠᠮᠠᠷᠠᠯᠲᠠ ᠶᠢᠨ ᠬᠤᠭᠤᠴᠠᠭᠠᠨ ᠤ ᠤᠰᠤᠨ ᠳᠤ ᠴᠠᠴᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠤᠷᠠᠯ ᠬᠢᠪᠡ
ᠨᠡᠶᠢᠲᠡᠯᠡᠭᠰᠡᠨ ᠴᠠᠭ᠄
2023/8/9
            ᠤᠰᠤᠨ ᠳᠤ ᠴᠠᠴᠠᠬᠤ ᠡ᠊ᠨᠳᠡᠯ ᠭᠠᠷᠬᠤ ᠠᠴᠠ ᠤᠯᠠᠮ ᠨᠢᠭᠡ ᠠᠯᠬᠤᠮ ᠵᠠᠶᠢᠯᠠᠰᠬᠢᠵᠦ᠂ ᠰᠤᠷᠤᠭᠴᠢᠳ ᠤᠨ ᠠᠮᠤᠷ ᠲᠦᠪᠰᠢᠨ ᠢ ᠪᠠᠲᠤᠯᠠᠨ᠂ ᠭᠡᠷ ᠤᠨ ᠠᠬᠠᠮᠠᠳ ᠤᠨ ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠶᠢ  ᠦᠨᠡᠨ  ᠬᠦ ᠴᠢᠩᠭᠠᠳᠬᠠᠵᠤ᠂ ᠭᠡᠷ ᠤᠨ ᠠᠬᠠᠮᠠᠳ ᠪᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠢᠨᠠᠯᠲᠠ ᠬᠠᠮᠢᠶᠠᠷᠤᠯᠲᠠ  ᠶᠢᠨ ᠨᠡᠶᠢᠯᠡᠮᠡᠯ ᠬᠦᠴᠦᠨ ᠢ ᠳᠡᠭᠡᠭᠰᠢᠯᠡᠭᠦᠯᠬᠦ ᠶᠢᠨ ᠲᠥᠯᠥᠭᠡ᠂ ᠤᠶᠢᠷ᠎ᠠ ᠳᠤ᠂ ᠵᠠᠯᠠᠶᠢᠳ ᠬᠤᠰᠢᠭᠤᠨ ᠤ ᠪᠤᠯᠭᠠᠨᠬᠤᠸᠠ ᠭᠤᠤᠯ ᠰᠤᠷᠭᠠᠭᠤᠯᠢ  ᠂ ᠵᠣᠨ ᠤ ᠠᠮᠠᠷᠠᠯᠲᠠ ᠶᠢᠨ ᠬᠤᠭᠤᠴᠠᠭᠠᠨ ᠤ ︽ᠤᠰᠤᠨ ᠳᠤ ᠴᠠᠴᠠᠬᠤ ᠠᠴᠠ ᠰᠡᠷᠭᠡᠶᠢᠯᠡᠬᠦ︾ ᠲᠤᠰᠬᠠᠢ ᠰᠡᠳᠦᠪᠲᠦ ᠰᠦᠯᠵᠢᠶᠡᠨ ᠳᠡᠭᠡᠷᠡᠬᠢ ᠭᠡᠷ ᠤᠨ ᠠᠬᠠᠮᠠᠳ ᠤᠨ ᠬᠤᠷᠠᠯ ᠬᠢᠪᠡ᠃     ᠬᠤᠷᠠᠯ ᠳᠤ᠂ ᠤᠯᠤᠰ ᠲᠥᠷᠥ ᠰᠤᠷᠭᠠᠨ ᠬᠥᠮᠦᠵᠢᠯ ᠤᠨ ᠭᠠᠵᠠᠷ ᠤᠨ ᠪᠦᠦ ᠴᠤᠮᠤᠷᠯᠢᠭ ᠪᠠᠭᠰᠢ ᠠᠴᠠ ᠤᠰᠤᠨ ᠳᠤ ᠴᠠᠴᠠᠭᠰᠠᠨ ᠬᠡᠷᠡᠭ ᠤᠨ ᠵᠢᠱᠢᠶ᠎ᠡ ᠪᠠᠷ ᠤᠰᠤᠨ ᠳᠤ ᠴᠠᠴᠠᠬᠤ ᠶᠢ ᠰᠡᠷᠭᠡᠶᠢᠯᠡᠬᠦ ᠠᠮᠤᠷ ᠲᠦᠪᠰᠢᠨ ᠤ ᠬᠥᠮᠦᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠤ ᠮᠡᠳᠡᠯᠭᠡ ᠶᠢ ᠰᠣᠷᠣᠭᠴᠢ ᠵᠢᠴᠢ ᠭᠡᠷ ᠤᠨ ᠠᠬᠠᠮᠠᠳ ᠲᠤ ᠲᠠᠶᠢᠯᠪᠤᠷᠢᠯᠠᠵᠤ ᠥᠭᠪᠡ᠃      ᠬᠤᠷᠠᠯ ᠠᠴᠠ᠂ ᠭᠡᠷ ᠤᠨ ᠠᠬᠠᠮᠠᠳ ᠴᠠᠭ ᠢᠮᠠᠭᠲᠠ ᠬᠡᠦᠬᠡᠳ ᠲᠡᠭᠡᠨ ᠤᠰᠤᠨ ᠳᠤ ᠴᠠᠴᠠᠬᠤ ᠶᠢ ᠰᠡᠷᠭᠡᠶᠢᠯᠡᠬᠦ ︽ᠵᠢᠷᠭᠤᠭᠠᠨ  ᠵᠤᠶᠢᠯ ᠤᠨ ᠲᠦᠷᠢᠮ︾ ᠢ ᠪᠠᠲᠤ ᠴᠡᠭᠡᠵᠢᠯᠡᠭᠦᠯᠵᠦ᠂ ᠰᠤᠷᠭᠠᠭᠤᠯᠢ ᠲᠠᠢ ᠬᠠᠮᠲᠤ ᠪᠠᠷ ᠤᠰᠤᠨ ᠳᠤ ᠴᠠᠴᠠᠬᠤ ᠶᠢ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠤᠰᠤᠨ ᠳᠤ ᠴᠠᠴᠠᠬᠤ ᠡ᠊ᠨᠳᠡᠯ ᠭᠠᠷᠬᠤ ᠶᠢ ᠡᠷᠡᠰ ᠰᠡᠷᠭᠡᠶᠢᠯᠡᠵᠦ᠂ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠡᠢ  ᠴᠢᠬᠤᠯᠠᠴᠢᠯᠠᠵᠠᠢ᠃
 
ᠢᠷᠡᠯᠲᠡ᠄ ᠵᠠᠯᠠᠶᠢᠳ ᠬᠤᠰᠢᠭᠤᠨ ᠤ ᠰᠤᠷᠭᠠᠨ ᠬᠥᠮᠦᠵᠢᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号