ᠭᠤᠸ ᠢᠦᠢ ᠶᠦᠩ
ᠨᠡᠶᠢᠲᠡᠯᠡᠭᠰᠡᠨ ᠴᠠᠭ᠄
2023/8/9
   
    ᠬᠤᠪᠢ ᠬᠥᠮᠥᠨ ᠤ ᠲᠣᠪᠴᠢ ᠨᠠᠮᠲᠠᠷ᠄     ᠭᠤᠸ ᠢᠦᠢ ᠶᠦᠩ᠂ ᠡᠷᠡᠭᠲᠡᠢ᠂ ᠮᠣᠩᠭᠤᠯ ᠦᠨᠳᠦᠰᠦᠲᠡᠨ᠂ 1979 ᠣᠨ ᠤ 7 ᠰᠠᠷ᠎ᠠ ᠳᠤ ᠳᠦᠷᠦᠵᠡᠶ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠲᠣ ᠵᠠᠯᠠᠶᠢᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠬᠤᠰᠢᠭᠤᠨ ᠤ ᠳᠡᠳ᠋ ᠳᠠᠷᠤᠭ᠎ᠠ ᠶᠢᠨ ᠲᠤᠰᠢᠶᠠᠯ ᠢ ᠡᠭᠦᠷᠭᠡᠯᠡᠵᠤ ᠪᠤᠢ᠃     ᠠᠵᠢᠯ ᠤᠨ ᠬᠤᠪᠢᠶᠠᠷᠢᠯᠠᠯ᠄     ᠬᠤᠰᠢᠭᠤᠨ ᠳᠠᠷᠤᠭ᠎ᠠ ᠶᠢ ᠬᠠᠪᠰᠤᠷᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ᠂ ᠬᠥᠭᠵᠢᠭᠦᠯᠦᠯᠲᠡ ᠪᠠ ᠥᠭᠡᠷᠡᠴᠢᠯᠡᠯᠲᠡ ︵ᠠᠮᠤ ᠪᠤᠳᠠᠭ᠎ᠠ ᠪᠠ ᠡᠳ᠋ ᠪᠣᠳᠠᠰ ᠤᠨ ᠨᠥᠭᠡᠴᠡ᠂ ᠡᠨᠧᠷᠭᠢ︶᠂ ᠡᠳ᠋ ᠤᠨ ᠵᠠᠰᠠᠭ᠂ ᠬᠤᠳᠠᠯᠳᠤᠭ᠎ᠠ ᠡᠷᠭᠢᠯᠡᠬᠦ ᠣᠷᠴᠢᠨ ᠨᠦᠭᠦᠴᠡᠯ᠂ ᠵᠠᠮ ᠬᠠᠷᠢᠯᠴᠠᠭ᠎ᠠ ᠲᠡᠭᠡᠭᠡᠪᠦᠷᠢ᠂ ᠵᠠᠰᠠᠭ ᠤᠨ ᠶᠠᠪᠤᠳᠠᠯ ᠤᠨ ᠦᠢᠯᠡᠴᠢᠯᠡᠭᠡ ︵ᠵᠠᠰᠠᠭ ᠤᠨ ᠶᠠᠪᠤᠳᠠᠯ ᠢ ᠢᠯᠡ ᠪᠣᠯᠭᠠᠬᠤ᠂ ︽12345︾ ᠬᠠᠯᠠᠮᠰᠢᠯ ᠤᠲᠠᠰᠤ ᠶᠢ ᠭᠦᠢᠴᠡᠳᠬᠡᠬᠦ︶᠂ ᠲᠤᠭ᠎ᠠ ᠪᠦᠷᠢᠳᠬᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠣᠮᠣ  ᠳ᠋ᠠᠶᠢᠲ᠋ᠠ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠵᠤ ᠤᠷᠤᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠬᠤᠰᠢᠭᠤᠨ ᠳᠠᠷᠤᠭ᠎ᠠ ᠶᠢ ᠬᠠᠪᠰᠤᠷᠤᠨ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃     ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠂ ᠵᠠᠬᠢᠳᠠᠯ ᠰᠣᠷᠪᠤᠯᠵᠢᠯᠠᠯ ᠤᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠲᠥᠪ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠤᠰᠤᠨ ᠠᠰᠢᠭᠯᠠᠯᠲᠠ ᠶᠢᠨ ᠢᠨᠵᠧᠨᠧᠷᠢᠩ ᠤᠨ ᠨᠡᠭᠦᠳᠡᠯ ᠠᠷᠠᠳ ᠢ ᠲᠥᠪᠬᠢᠨᠡᠭᠦᠯᠬᠦ ᠲᠥᠪ᠂ ᠮᠥᠩᠭᠦᠨ ᠭᠦᠢᠯᠭᠡᠭᠡᠨ ᠤ ᠠᠯᠪᠠᠨ ᠭᠡᠷ᠂ ᠨᠢᠰᠬᠡᠯ ᠤᠨ ᠪᠠᠭᠤᠳᠠᠯ ᠤᠨ ᠠᠯᠪᠠᠨ ᠭᠡᠷ ᠢ ᠬᠤᠪᠢᠳᠠᠨ ᠬᠠᠮᠢᠶᠠᠷᠤᠨ᠎ᠠ᠃ ᠬᠢᠨᠠᠨ ᠪᠤᠳᠤᠬᠤ ᠲᠣᠪᠴᠢᠶ᠎ᠠ ᠶᠢ ᠬᠠᠮᠵᠢᠨ ᠬᠠᠮᠢᠶᠠᠷᠤᠨ᠎ᠠ᠃ ᠬᠤᠰᠢᠭᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃     ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠵᠠᠯᠠᠶᠢᠳ ᠬᠤᠰᠢᠭᠤᠨ ᠤ ᠵᠥᠪᠯᠡᠯ᠂ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢ ᠵᠣᠬᠢᠴᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠮᠲᠤᠷᠠᠨ ᠰᠣᠯᠢᠯᠴᠠᠬᠤ ᠲᠥᠪ᠂ ᠠᠬᠠᠮᠠᠳ ᠺᠠᠳ᠋ᠷᠴᠤᠳ ᠤᠨ ᠲᠣᠪᠴᠢᠶ᠎ᠠ᠂ ᠠᠷᠠᠳ ᠤᠨ ᠪᠠᠩᠬᠢ᠂ ᠭᠠᠯ ᠰᠡᠷᠭᠡᠶᠢᠯᠡᠵᠤ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠣᠶ ᠰᠢᠭᠤᠢ ᠶᠢᠨ ᠭᠠᠯ ᠰᠡᠷᠭᠡᠶᠢᠯᠡᠵᠤ ᠤᠨᠲᠠᠷᠠᠭᠠᠬᠤ ᠳᠤᠮᠳᠠ ᠠᠩᠭᠢ᠂ ᠪᠤᠬ᠎ᠠ ᠶᠢᠨ ᠵᠤ ᠤᠷᠤᠨ ᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠭᠢᠨᠳᠠᠨ ᠤ ᠬᠠᠮᠢᠶᠠᠷᠤᠯᠲᠠ ᠶᠢᠨ ᠲᠣᠪᠴᠢᠶ᠎ᠠ ᠶᠢᠨ ᠵᠡᠭᠦᠨ ᠬᠡᠰᠡᠭ ᠤᠨ ᠬᠤᠪᠢᠶᠠᠷᠢ ᠲᠣᠪᠴᠢᠶ᠎ᠠ᠂ ᠲᠡᠮᠡᠭᠡᠴᠢ ᠬᠤᠣᠷ ᠲᠠᠲᠠᠬᠤ ᠶᠢ ᠵᠣᠭᠰᠤᠭᠠᠬᠤ ᠭᠠᠵᠠᠷ᠂ ᠫᠢᠩ ᠲᠠᠢ ᠴᠡᠷᠢᠭ ᠠᠩᠭᠢ᠂ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠬᠢᠵᠠᠭᠠᠷᠲᠤ ᠺᠣᠮᠫᠠᠨᠢ ᠲᠠᠢ ᠬᠠᠷᠢᠯᠴᠠᠨ᠎ᠠ᠃
 
ᠢᠷᠡᠯᠲᠡ᠄ ᠵᠠᠯᠠᠶᠢᠳ ᠬᠤᠰᠢᠭᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号