ᠵᠠᠯᠠᠶᠢᠳ ᠬᠤᠰᠢᠭᠤ ᠵᠢᠭᠠᠨ ᠰᠤᠷᠭᠠᠯᠲᠠ ᠶᠢᠨ ᠰᠢᠨ᠎ᠠ ᠠᠷᠭ᠎ᠠ ᠶᠢ ᠰᠥᠪᠡᠭᠴᠢᠯᠡᠵᠦ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2023/9/11
    ᠲᠦᠷᠦᠭᠦᠬᠡᠨ᠂ ᠪᠦᠬᠦ ᠠᠶᠢᠮᠠᠭ ᠤᠨ ᠡᠯ᠎ᠡ ᠰᠤᠷᠭᠠᠭᠤᠯᠢ ᠰᠢᠨ᠎ᠠ ᠰᠤᠷᠤᠯᠭ᠎ᠠ ᠶᠢᠨ ᠬᠤᠭᠤᠴᠠᠭ᠎ᠠ ᠪᠠᠨ ᠠᠮᠵᠢᠯᠳᠠᠳᠠᠢ ᠡᠬᠢᠯᠡᠭᠦᠯᠵᠠᠢ᠃ ᠵᠠᠯᠠᠶᠢᠳ ᠬᠤᠰᠢᠭᠤᠨ ᠤ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ  ᠦᠨᠳᠣᠷ ᠳᠤᠮᠳᠠᠳᠤ ᠶᠢᠨ ᠨᠢᠭᠡᠳᠦᠭᠡᠷ ᠣᠨ ᠤ 900 ᠰᠢᠨ᠎ᠡ ᠰᠤᠷᠤᠬᠴᠢ ᠳᠠᠭᠠᠨ ᠬᠤᠯᠪᠤᠭ᠎ᠠ ᠪᠠᠯᠭᠠᠰᠤᠨ ᠤ ᠲᠤᠲᠤᠷᠭ᠎ᠠ ᠶᠢᠨ ᠲᠠᠷᠢᠶ᠎ᠠ ᠶᠢᠨ ᠦᠵᠡᠮᠵᠢ ᠶᠢ ᠰᠤᠨᠢᠷᠬᠠᠭᠤᠯᠵᠦ᠂ ᠬᠥᠳᠡᠭᠡ ᠠᠵᠤ ᠠᠬᠤᠢ᠂ ᠬᠥᠳᠡᠭᠡ ᠲᠤᠰᠬᠤᠨ ᠤ ᠰᠢᠨ᠎ᠡ ᠪᠠᠶᠢᠳᠠᠯ ᠢ ᠦᠢᠯᠠᠭᠠᠭᠤᠯᠤᠨ᠂ ᠲᠡᠦᠬᠡ ᠰᠣᠶᠣᠯ᠂ ᠰᠣᠶᠣᠯ ᠢᠷᠭᠡᠨᠰᠢᠯ ᠢᠶᠠᠷ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠪᠤᠯᠭᠠᠵᠠᠢ᠃    ︽ᠪᠢᠳᠡ ︿ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ﹀ ᠢᠶᠠᠨ ᠬᠤᠯᠪᠤᠭ᠎ᠠ ᠪᠠᠯᠭᠠᠰᠤᠨ ᠤ ᠲᠤᠲᠤᠷᠭ᠎ᠠ ᠶᠢᠨ ᠲᠠᠷᠢᠶᠠᠨ ᠤ ᠦᠵᠡᠮᠵᠢ ᠶᠢᠨ ᠣᠷᠣᠨ ᠳᠤ ᠲᠤᠬᠢᠷᠠᠭᠤᠯᠵᠦ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠠᠭᠤᠯᠬᠤᠨ ᠢ ᠪᠠᠶᠠᠯᠢᠭᠵᠢᠭᠤᠯᠤᠭᠰᠠᠨ ᠪᠥᠭᠡᠳ ᠰᠤᠷᠤᠭᠴᠢᠳ ᠤᠨ ᠨᠤᠲᠤᠭ ᠤᠰᠤ ᠪᠠᠨ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠢ ᠠᠨᠠᠷ ᠤᠨ ᠦᠷ᠎ᠡ ᠰᠢᠭ ᠪᠦᠯᠬᠦᠮᠳᠡᠬᠦᠯᠵᠦ ᠪᠤᠢ︾ ᠭᠡᠵᠦ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ᠰᠦᠨ ᠶᠠ ᠺᠦᠨ ᠬᠡᠯᠡᠵᠦ ᠪᠠᠶᠢᠯ᠎ᠠ᠃    ᠬᠢᠴᠢᠶᠡᠯ ᠤᠨ ᠲᠠᠩᠬᠢᠮ ᠢ ᠦᠵᠡᠰᠭᠦᠯᠡᠩᠲᠦ ᠰᠠᠶᠢᠬᠠᠨ ᠲᠤᠲᠤᠷᠭ᠎ᠠ ᠶᠢᠨ ᠦᠵᠡᠮᠵᠢ ᠶᠢᠨ ᠣᠷᠣᠨ ᠳᠤ ᠲᠤᠬᠢᠷᠠᠭᠤᠯᠵᠦ᠂ ᠰᠤᠷᠤᠭᠴᠢᠳ ᠲᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠢ ᠤᠶᠢᠯᠠᠭᠠᠭᠤᠯᠬᠤ ᠪᠤᠯ ᠨᠢᠭᠡᠨ ᠪᠦᠳᠦᠮᠵᠢᠳᠠᠢ ᠬᠢᠳᠡᠯ ᠪᠤᠯᠬᠤ ᠶᠤᠮ᠃ ︽ᠪᠢ ᠡᠶᠢᠮᠦᠷᠬᠦ ︿ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ﹀ ᠢ ᠮᠠᠰᠢ ᠪᠠᠭ᠋ᠠᠷᠬᠠᠳᠠᠭ᠂ ᠦᠵᠡᠰᠭᠦᠯᠡᠩᠲᠦ ᠰᠠᠶᠢᠬᠠᠨ ᠬᠥᠳᠡᠭᠡ ᠨᠤᠲᠤᠭ ᠤᠨ ᠥᠩᠭᠡ ᠦᠵᠡᠮᠵᠢ ᠶᠢ ᠰᠣᠨᠢᠷᠬᠠᠭᠰᠠᠨ ᠢᠶᠠᠷ ᠪᠠᠷᠠᠬᠤ ᠥᠬᠡᠶ ᠪᠠᠰᠠ ᠬᠥᠮᠦᠨ ᠪᠣᠯᠬᠤ ᠪᠠ ᠠᠵᠢᠯ ᠬᠢᠬᠦ ᠶᠢᠨ ᠶᠣᠰᠣ ᠤᠴᠢᠷ ᠢ ᠣᠶᠢᠯᠠᠭᠠᠵᠠᠢ︾ ᠭᠡᠵᠦ ᠢᠨᠳᠠᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠡᠭᠡᠳᠤ ᠨᠢᠭᠡ ᠶᠢᠨ ᠰᠤᠷᠤᠭᠴᠢ ᠴᠧᠨ ᡁᠢ ᠶᠤᠸᠠᠨ ᠤᠷᠮᠠᠳᠠᠶᠢᠬᠠᠨ ᠶᠠᠷᠢᠯ᠎ᠠ    ᠲᠤᠰ ᠰᠤᠷᠭᠠᠭᠤᠯᠢ ᠪᠠᠰᠠ ᠠᠩᠬ᠎ᠠ ᠵᠡᠷᠭᠡ ᠶᠢᠨ 91 ᠰᠢᠨ᠎ᠡ ᠰᠣᠷᠣᠭᠴᠢ ᠳᠠᠭᠠᠨ ᠷᠠᠰᠢᠶᠠᠨ ᠤ ᠦᠵᠡᠮᠵᠢ ᠶᠢ ᠰᠤᠨᠢᠷᠬᠠᠭᠤᠯᠵᠦ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠪᠤᠯᠭᠠᠪᠠ᠃ ᠷᠠᠰᠢᠶᠠᠨ ᠤ ᠪᠣᠭᠤᠮᠲᠠ᠂ ᠤᠯᠤᠰ ᠤᠨ ᠤᠢ ᠰᠢᠭᠤᠢ ᠶᠢᠨ ᠴᠡᠴᠡᠷᠯᠢᠭ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠢ ᠰᠤᠷᠤᠭᠴᠢᠳ ᠲᠤ ᠦᠵᠠᠭᠦᠯᠵᠦ᠂ ᠪᠣᠬᠢᠷᠲᠤᠯ ᠦᠭᠡᠢ ᠠᠮᠢ ᠠᠬᠤᠢ ᠶᠢᠨ ᠭᠤᠶᠤ ᠰᠠᠶᠢᠬᠠᠨ ᠢ ᠰᠣᠨᠢᠷᠬᠠᠭᠤᠯᠤᠨ᠂ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠨᠢ ᠨᠡᠮᠡᠭᠳᠡᠭᠦᠯᠪᠡ᠃    ︽ᠪᠢᠳᠡ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠰᠤᠷᠤᠭᠴᠢᠳ ᠢᠶᠠᠨ ᠵᠢᠯ ᠪᠦᠷᠢ ᠷᠠᠰᠢᠶᠠᠨ ᠳᠤ ᠤᠴᠢᠭᠤᠯᠵᠦ ᠦᠢᠯᠡᠳᠦᠯᠭᠡ ᠶᠢᠨ ᠠᠵᠢᠯᠯᠠᠭ᠎ᠠ ᠳᠤ ᠤᠷᠤᠯᠴᠠᠭᠤᠯᠤᠨ᠂ ᠲᠡᠳᠡᠨ ᠤ ᠮᠡᠳᠡᠯᠭᠡ ᠶᠢ ᠨᠢ ᠨᠡᠮᠡᠭᠳᠡᠭᠦᠯᠵᠦ᠂ ᠵᠣᠷᠢᠭ ᠰᠠᠨᠠᠭ᠎ᠠ ᠶᠢ ᠨᠢ ᠳᠠᠪᠲᠠᠨ ᠪᠣᠯᠪᠠᠰᠤᠷᠠᠭᠤᠯᠵᠤ᠂ ᠬᠠᠷᠠᠭ᠎ᠠ ᠶᠢ ᠨᠢ ᠥᠷᠭᠡᠳᠭᠡᠨ᠂ ᠪᠡᠶ᠎ᠡ ᠪᠠᠨ ᠳᠠᠭᠠᠭᠠᠬᠤ ᠴᠢᠳᠠᠪᠤᠷᠢ ᠪᠣᠯᠤᠨ ᠠᠰᠠᠭᠤᠳᠠᠯ ᠢ  ᠰᠢᠢᠳᠪᠤᠷᠢᠯᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ ᠪᠠᠶᠢᠨ᠎ᠠ︾ ᠭᠡᠵᠦ ᠢᠨᠳᠡᠷ ᠲᠠᠬᠢ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠳᠠᠭᠠᠭᠤᠯᠤᠬᠴᠢ ᠪᠠᠭᠰᠢ ᠸᠠᠩ ᠶᠦᠩ ᠯᠢ ᠪᠠᠶᠠᠷᠳᠠᠶᠢᠬᠠᠨ ᠬᠡᠯᠡᠨ᠎ᠠ᠃                           ᠲᠠᠷᠬᠠᠨ   ᠶᠥᠩ ᠶᠤᠸᠠᠢ   ᠵᠣᠣ ᠴᠠᠩ ᠵᠢᠶᠦ᠋ᠨ ᠮᠡᠳᠡᠭᠡᠯᠡᠪᠡ
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号